| | ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ | ᠵᠢᠷᠭᠤᠭᠠᠨ ᠰᠠᠯᠠᠭ᠎ᠠ ᠮᠥᠴᠢᠷ ᠤᠨ ︽2020 ᠣᠨ ᠤ 2 ᠳ᠋ᠤᠭᠠᠷ ᠰᠠᠷ᠎ᠠ ᠶᠢᠨ ᠨᠡᠶᠢᠭᠡᠮ ᠤᠨ ᠳᠤᠰᠠᠯᠠᠮᠵᠢ ᠪᠠ | ᠪᠠᠳᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠭᠳᠠᠭᠤᠯᠤᠨ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠬᠦᠳᠡᠯᠭᠡᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠪᠠᠷ ᠤᠯᠠᠭᠠᠨᠬᠠᠳᠠ ᠬᠤᠲᠠ | 2020 ᠣᠨ ᠤ 2 ᠳ᠋ᠤᠭᠠᠷ ᠰᠠᠷ᠎ᠠ ᠶᠢᠨ ᠨᠡᠶᠢᠭᠡᠮ ᠤᠨ ᠳᠤᠰᠠᠯᠠᠮᠵᠢ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ | ᠦᠨ᠎ᠡ ᠶᠢᠨ ᠥᠰᠥᠯᠲᠡ ᠲᠠᠢ ᠬᠤᠯᠪᠣᠭᠳᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ︵ᠳᠣᠷᠣᠭᠰᠢ ︽ | ᠬᠠᠮᠲᠤᠷᠠᠨ ᠬᠥᠳᠡᠯᠦᠯᠴᠡᠬᠦ ᠲᠣᠭᠲᠠᠴᠠ︾ ᠭᠡᠵᠦ ᠲᠣᠪᠴᠢᠯᠠᠨ᠎ᠠ︶ ᠶᠢ ᠬᠦᠳᠡᠯᠭᠡᠵᠤ᠂ ᠬᠤᠲᠠ ᠬᠥᠳᠡᠭᠡ ᠶᠢᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠨᠡᠶᠢᠭᠡᠮ ᠳᠡᠭᠡᠷ᠎ᠡ | ᠲᠠᠷᠠᠬᠠᠶ ᠰᠠᠭᠤᠵᠤ ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠳᠤ ᠲᠦᠪᠯᠡᠷᠡᠩᠭᠦᠢ ᠠᠰᠠᠷᠠᠨ ᠬᠠᠷᠠᠭᠠᠯᠵᠠᠵᠤ ᠪᠠᠶᠢᠭ᠎ᠠ | ᠥᠨᠥᠴᠢᠨ ᠬᠡᠤᠬᠡᠳ ᠲᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠣᠯᠭᠤᠭᠰᠠᠨ ᠪᠠᠶᠢᠨ᠎ᠠ᠃ | 2020 ᠣᠨ ᠤ 2 ᠳ᠋ᠤᠭᠠᠷ ᠰᠠᠷ᠎ᠠ ᠳᠤ ᠬᠤᠲᠠ ᠶᠢᠨ ᠲᠤᠰᠠᠯᠠᠮᠵᠢ ᠶᠢᠨ ᠡᠲᠡᠭᠡᠳ ᠤᠨ ᠪᠠᠷᠢᠮᠵᠢᠶ᠎ᠠ ᠶᠢ | ᠬᠥᠮᠦᠨ ᠪᠦᠷᠢ ᠰᠠᠷ᠎ᠠ ᠳᠤ 35.29 ᠲᠥᠭᠦᠷᠢᠭ ᠨᠥᠬᠦᠪᠥᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ | ᠲᠤᠰᠠᠯᠠᠮᠵᠢ ᠶᠢᠨ ᠡᠲᠡᠭᠡᠳ ᠲᠤ ᠬᠥᠮᠦᠨ ᠪᠦᠷᠢ ᠰᠠᠷ᠎ᠠ ᠳᠤ 25.14 ᠲᠥᠭᠦᠷᠢᠭ ᠨᠥᠬᠦᠪᠥᠷᠢᠯᠡᠵᠠᠢ᠃ ᠣᠳᠣᠬᠠᠨ ᠳᠤ | ᠨᠥᠬᠦᠪᠥᠷᠢ ᠶᠢ ᠶᠠᠭ ᠣᠯᠭᠤᠵᠤ ᠪᠠᠶᠢᠨ᠎ᠠ᠃ ᠵᠢᠱᠢᠯᠲᠡ ᠪᠠᠷ 964 ᠲᠦᠮᠡᠨ ᠲᠥᠭᠦᠷᠢᠭ ᠲᠠᠷᠬᠠᠭᠠᠵᠤ᠂ 37 ᠲᠦᠮᠡᠨ | ᠬᠦᠴᠢᠷᠳᠡᠯᠲᠡᠶ ᠣᠯᠠᠨ ᠲᠦᠮᠡᠨ ᠳᠤ ᠠᠰᠢᠭ ᠬᠦᠷᠲᠡᠭᠡᠬᠦ ᠪᠣᠯᠤᠨ᠎ᠠ᠃ 2019 ᠣᠨ ᠤ 5 ᠳ᠋ᠤᠭᠠᠷ ᠰᠠᠷ᠎ᠠ ᠠᠴᠠ | 2020 ᠣᠨ ᠤ 1 ᠳ᠋ᠤᠭᠡᠷ ᠰᠠᠷ᠎ᠠ ᠪᠣᠯᠲᠠᠯ᠎ᠠ ᠤᠯᠠᠭᠠᠨᠬᠠᠳᠠ ᠬᠤᠲᠠ ᠨᠢᠭᠡᠨᠲᠡ 6885 ᠲᠦᠮᠡᠨ ᠲᠥᠭᠦᠷᠢᠭ ᠤᠨ | ᠲᠦᠷ ᠴᠠᠭ ᠤᠨ ᠦᠨ᠎ᠡ ᠬᠠᠩᠰᠢ ᠶᠢᠨ ᠨᠥᠬᠦᠪᠥᠷᠢ ᠮᠦᠩᠭᠦ ᠣᠯᠭᠤᠵᠤ᠂ ᠬᠤᠲᠠ ᠶᠢᠨ ᠨᠥᠬᠦᠪᠥᠷᠢ ᠬᠦᠷᠲᠡᠭᠴᠢᠳ | ᠰᠠᠷ᠎ᠠ ᠳᠤ ᠪᠠᠨ ᠳᠤᠮᠳᠠᠴᠢ ᠪᠠᠷ 31.53 ᠲᠥᠭᠦᠷᠢᠭ ᠣᠯᠵᠤ᠂ ᠬᠥᠳᠡᠭᠡ ᠲᠣᠰᠬᠤᠨ ᠤ ᠨᠥᠬᠦᠪᠥᠷᠢ ᠬᠦᠷᠲᠡᠭᠴᠢᠳ | ᠰᠠᠷ᠎ᠠ ᠳᠤ ᠪᠠᠨ ᠳᠤᠮᠳᠠᠴᠢ ᠪᠠᠷ 19.78 ᠲᠥᠭᠦᠷᠢᠭ ᠤᠨ ᠨᠥᠬᠦᠪᠥᠷᠢ ᠣᠯᠤᠭᠠᠳ᠂ ᠰᠠᠷ᠎ᠠ ᠪᠦᠷᠢ 36.7 ᠲᠦᠮᠡᠨ | ᠬᠦᠴᠢᠷᠳᠡᠯᠲᠡᠶ ᠣᠯᠠᠨ ᠲᠦᠮᠡᠨ ᠳᠤ ᠠᠰᠢᠭ ᠬᠦᠷᠲᠡᠭᠡᠪᠡ᠃ | |