ᠦᠪᠡᠷᠳᠡᠭᠡᠨ ᠵᠠᠰᠠᠬᠤ ᠤᠷᠤᠨ ᠤ ᠬᠤᠶᠠᠷ ᠨᠡᠷ᠎ᠡ ᠨᠡᠶᠢᠭᠡᠮ ᠤᠨ ᠠᠵᠢᠯᠲᠠᠨ᠂ ᠨᠢᠭᠡ  ᠨᠡᠶᠢᠭᠡᠮ ᠤᠨ ᠠᠵᠢᠯ ᠤᠨ ᠪᠠᠶᠢᠭᠤᠯᠤᠮᠵᠢ 2019 ᠣᠨ ᠳᠤ ᠢᠷᠠᠭᠤ ᠠᠯᠳᠠᠷ ᠭᠥᠷᠳᠡᠪᠡ
ᠨᠡᠶᠢᠲᠡᠯᠡᠭᠰᠡᠨ ᠴᠠᠭ᠄
2020/5/27
     5 ᠳ᠋ᠤᠭᠠᠷ ᠰᠠᠷ᠎ᠠ ᠶᠢᠨ 7 ᠤ ᠡᠳᠦᠷ ᠳᠤᠮᠳᠠᠳᠤ ᠤᠯᠤᠰ ᠤᠨ ᠨᠡᠶᠢᠭᠡᠮ ᠤᠨ ᠠᠵᠢᠯ ᠤᠨ ᠬᠤᠯᠪᠣᠭᠠᠲᠤ ᠬᠤᠷᠠᠯ ᠤᠨ ᠵᠢᠯᠣᠭᠤᠳᠣᠯᠭ᠎ᠠ   ᠪᠠᠷ ︽ᠨᠡᠶᠢᠲᠡ ᠶᠢᠨ ᠠᠰᠠᠷᠠᠮᠵᠢ ᠶᠢᠨ ᠴᠠᠭ ᠤᠨ ᠰᠣᠨᠢᠨ︾  ᠤ ᠬᠤᠷᠢᠶ᠎ᠠ ᠠᠴᠠ ᠭᠤᠤᠯᠯᠠᠨ ᠡᠷᠭᠢᠯᠡᠭᠰᠡᠨ ︽2019 ᠣᠨ ᠳᠤ ᠳᠤᠮᠳᠠᠳᠤ ᠤᠯᠤᠰ ᠤᠨ ᠬᠠᠮᠤᠭ ᠤᠨ ᠭᠤᠶᠣ ᠨᠡᠶᠢᠭᠡᠮ ᠤᠨ ᠠᠵᠢᠯᠲᠠᠨ ᠢ ᠡᠷᠢᠬᠦ︾᠂ ︽2019 ᠣᠨ ᠤ ᠵᠠᠭᠤᠨ ᠬᠦᠴᠦᠷᠬᠡᠭ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ︾ ᠶᠢ ᠰᠢᠯᠭᠠᠷᠠᠭᠤᠯᠬᠤ ᠠᠵᠢᠯᠯᠠᠭ᠎ᠠ ᠳᠤ᠂ ᠮᠠᠨ ᠤ ᠣᠷᠣᠨ ᠤ ᠣᠷᠳᠣᠰ ᠬᠤᠲᠠ ᠶᠢᠨ ᠨᠡᠶᠢᠭᠡᠮ ᠤᠨ ᠠᠵᠢᠯ ᠤᠨ ᠮᠡᠷᠭᠡᠵᠢᠯᠲᠡᠨ ᠤ ᠬᠤᠯᠪᠣᠭᠠᠲᠤ ᠬᠤᠷᠠᠯ ᠤᠨ ᠳᠠᠷᠤᠭ᠎ᠠ ᠯᠢᠦ ᠵᠧᠨ ᠬᠤᠸᠠ ︽2019 ᠣᠨ ᠤ ᠳᠤᠮᠳᠠᠳᠤ ᠤᠯᠤᠰ ᠤᠨ ᠠᠷᠪᠠᠨ ᠶᠡᠭᠡ ᠨᠡᠶᠢᠭᠡᠮ ᠤᠨ ᠠᠵᠢᠯᠲᠠᠨ︾ ᠢᠶᠠᠷ ᠦᠨᠡᠯᠡᠭᠳᠡᠪᠡ᠃ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠨᠡᠶᠢᠭᠡᠮ ᠤᠨ ᠠᠵᠢᠯ ᠤᠨ ᠨᠡᠶᠢᠭᠡᠮᠯᠢᠭ ᠤᠨ ᠨᠠᠮ ᠤᠨ ᠡᠭᠦᠷ ᠤᠨ ᠱᠦᠵᠢ᠂ ᠨᠡᠶᠢᠭᠡᠮᠯᠢᠭ ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠸᠠᠩ ᠵᠧᠨ ︽2019 ᠣᠨ ᠤ ᠲᠤᠮᠳᠠᠳᠤ ᠤᠯᠤᠰ ᠤᠨ ᠵᠠᠭᠤᠨ ᠨᠡᠶᠢᠭᠡᠮ ᠤᠨ ᠠᠵᠢᠯᠲᠠᠨ︾ ᠢᠶᠠᠷ ᠦᠨᠡᠯᠡᠭᠳᠡᠪᠡ᠃ ᠬᠥᠬᠡᠬᠤᠲᠠ ᠶᠢᠨ ᠮᠦ ᠰᠢᠨ ᠨᠡᠶᠢᠭᠡᠮ ᠤᠨ ᠠᠵᠢᠯ ᠤᠨ ᠤᠶᠢᠯᠡᠴᠢᠯᠡᠭᠡᠨ ᠤ ᠲᠥᠪ ᠨᠢ ︽2019 ᠣᠨ ᠤ ᠵᠠᠭᠤᠨ ᠬᠦᠴᠦᠷᠭᠡᠭ ᠨᠡᠶᠢᠭᠡᠮ ᠤᠨ ᠠᠵᠢᠯ ᠤᠨ ᠤᠶᠢᠯᠡᠴᠢᠯᠡᠭᠡᠨ ᠤ ᠪᠠᠶᠢᠭᠤᠯᠤᠮᠵᠢ︾ ᠪᠠᠷ ᠦᠨᠡᠯᠡᠭᠳᠡᠪᠡ᠃      2017 ᠣᠨ ᠤ 3 ᠳ᠋ᠤᠭᠠᠷ ᠰᠠᠷ᠎ᠠ ᠳᠤ᠂ ᠯᠢᠦ ᠵᠧᠨ ᠬᠤᠸᠠ ᠣᠷᠳᠣᠰ ᠬᠤᠲᠠ ᠶᠢᠨ ᠨᠡᠶᠢᠭᠡᠮ ᠤᠨ ᠠᠵᠢᠯ ᠤᠨ ᠮᠡᠷᠭᠡᠵᠢᠯᠳᠡᠨ ᠤ ᠬᠤᠯᠪᠣᠭᠠᠲᠤ ᠬᠤᠷᠠᠯ ᠢ ᠡᠭᠦᠰᠭᠡᠨ ᠪᠠᠶᠢᠭᠤᠯᠵᠤ᠂ ᠲᠤᠰ ᠭᠠᠵᠠᠷ ᠣᠷᠣᠨ ᠤ ᠨᠡᠶᠢᠭᠡᠮ ᠤᠨ ᠠᠵᠢᠯ ᠢ ᠲᠤᠰᠬᠠᠶᠢᠵᠢᠬᠤ᠂ ᠮᠡᠷᠭᠡᠵᠢᠬᠦ ᠲᠡᠰᠢ ᠠᠬᠢᠭᠤᠯᠵᠤ᠂ ᠣᠲᠣ ᠨᠢᠭᠡᠨᠲᠡ ᠣᠷᠳᠣᠰ ᠬᠤᠲᠠ ᠶᠢᠨ 5A ᠲᠠᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠪᠠ᠃ ᠲᠡᠭᠦᠨ ᠤ ᠤᠬᠠᠭᠠᠯᠠᠨ ᠰᠡᠳᠦᠭᠰᠡᠨ ︿︿ᠲᠠᠯ᠎ᠠ ᠨᠤᠲᠤᠭ ᠲᠤ ᠬᠢ ᠨᠡᠶᠢᠭᠡᠮ ᠤᠨ ᠠᠵᠢᠯᠲᠠᠳ ᠤᠨ ᠶᠠᠷᠢᠶ᠎ᠠ ᠶᠢᠨ ᠲᠠᠪᠴᠠᠩ﹀﹀ ᠨᠢ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠶᠡᠭᠡ ᠪᠤᠯᠤᠩ ᠤᠨ ᠣᠷᠣᠨ ᠵᠢᠴᠢ ᠬᠦᠭᠡᠨᠠᠭᠤᠷ᠂ ᠨᠢᠩᠰᠢᠶᠠ᠂ ᠱᠠᠨᠰᠢ᠂ ᠦᠪᠤᠷ ᠮᠣᠩᠭᠤᠯ ᠵᠡᠷᠭᠡ ᠭᠠᠵᠠᠷ ᠣᠷᠣᠨ ᠤ ᠨᠡᠶᠢᠭᠡᠮ ᠤᠨ ᠠᠵᠢᠯᠲᠠᠨ  ᠤ ᠲᠤᠰᠬᠠᠶ ᠮᠡᠷᠭᠡᠵᠢᠯᠳᠡᠤᠨ ᠤᠨ ᠣᠷᠣᠨ ᠪᠦᠰᠡ ᠶᠢᠨ ᠬᠠᠮᠵᠢᠯᠴᠠᠨ ᠬᠦᠭᠵᠢᠬᠦᠯᠬᠦ ᠪᠠᠶᠢᠯᠳᠤᠬᠤ ᠪᠣᠳᠣᠯᠭ᠎ᠠ᠂ ᠨᠡᠶᠢᠭᠡᠮ ᠤᠨ ᠠᠵᠢᠯ ᠤᠨ ᠰᠢᠨ᠎ᠡ ᠶᠢ ᠡᠭᠦᠳᠬᠦ ᠰᠣᠯᠢᠯᠴᠠᠭ᠎ᠠ ᠪᠣᠯᠤᠨ ᠨᠡᠶᠢᠭᠡᠮ ᠤᠨ ᠠᠵᠢᠯ ᠤᠨ ᠪᠣᠳᠠᠲᠤ ᠶᠠᠪᠤᠳᠠᠯ ᠤᠨ ᠴᠢᠳᠠᠪᠤᠷᠢ ᠶᠢ ᠳᠡᠯᠭᠡᠷᠡᠭᠦᠯᠬᠦ ᠲᠤᠬᠠᠢ ᠰᠤᠯᠢᠯᠴᠠᠭ᠎ᠠ ᠬᠢᠳᠡᠭ ᠴᠢᠬᠤᠯᠠ ᠲᠠᠪᠴᠠᠩ ᠪᠣᠯᠪᠠ᠃  ᠲᠡᠷᠡ ᠨᠢ ᠪᠦᠬᠦ ᠣᠷᠣᠨ ᠤ ᠨᠡᠶᠢᠭᠡᠮ ᠤᠨ ᠠᠵᠢᠯ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠵᠡᠶ᠃
 ︵ᠯᠢᠦ ᠵᠧᠨ ᠬᠤᠸᠠ ᠭᠤᠸᠠᠩᠳᠦ᠋ᠩ ᠤᠨ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯᠳᠡᠤᠨ ᠲᠠᠢ ᠠᠵᠢᠯ ᠲᠥᠷᠥᠯ ᠤᠨ ᠬᠦᠭᠵᠢᠯᠳᠡ ᠶᠢ ᠶᠠᠷᠢᠯᠴᠠᠪᠠ︶    ᠣᠶᠢᠷ᠎ᠠ ᠶᠢᠨ ᠵᠢᠯ ᠳᠤ ᠸᠠᠩ ᠵᠧᠨ ᠨᠡᠶᠢᠭᠡᠮ ᠤᠨ ᠠᠵᠢᠯᠲᠠᠳ ᠤᠨ ᠪᠦᠯᠬᠦᠮ ᠢᠶᠠᠨ ᠳᠠᠭᠠᠭᠤᠯᠤᠨ ᠲᠤᠰᠬᠠᠶᠢᠵᠢᠭᠰᠠᠨ ᠤᠶᠢᠯᠡᠴᠢᠯᠡᠭᠡᠨ ᠤ ᠠᠷᠭ᠎ᠠ ᠪᠣᠯᠤᠨ ᠲᠥᠷᠥᠯ ᠵᠤᠶᠢᠯ ᠤᠨ ᠡᠵᠡᠩᠨᠡᠯᠲᠡ ᠶᠢᠨ ᠠᠷᠭ᠎ᠠ ᠪᠠᠷ ᠪᠦᠬᠦ ᠬᠤᠰᠢᠭᠤᠨ ᠤ ᠨᠡᠶᠢᠭᠡᠮ ᠤᠨ ᠠᠵᠢᠯ ᠤᠨ ᠲᠤᠰᠬᠠᠶᠢᠵᠢᠬᠤ᠂ ᠳᠦᠷᠢᠮᠵᠢᠬᠦ᠂ ᠨᠡᠷᠡᠲᠦ ᠲᠥᠷᠥᠯ ᠲᠡᠮᠳᠡᠭᠵᠢᠬᠦ ᠲᠡᠰᠢ ᠬᠥᠭᠵᠢᠬᠦ ᠶᠢ ᠲᠠᠶᠢᠴᠢᠯᠠᠵᠠᠢ᠃ ᠣᠳᠣᠬᠠᠨ ᠳᠤ᠂ ᠡᠵᠡᠨ ᠬᠤᠷᠤᠭ᠎ᠠ ᠬᠤᠰᠢᠭᠤᠨ ᠤ ᠨᠡᠶᠢᠭᠡᠮ ᠤᠨ ᠠᠵᠢᠯ ᠤᠨ ᠨᠡᠶᠢᠭᠡᠮᠯᠢᠭ ᠨᠢ ᠨᠢᠭᠡᠨᠲᠡ ᠪᠦᠬᠦ ᠬᠤᠰᠢᠭᠤᠨ ᠤ  ᠨᠡᠶᠢᠭᠡᠮ ᠤᠨ ᠠᠵᠢᠯ ᠤᠨ ᠠᠵᠢᠯᠲᠠᠨ ᠤ ᠪᠣᠯᠪᠠᠰᠤᠷᠠᠯ ᠤᠨ ᠰᠠᠭᠤᠷᠢᠨ ᠪᠣᠯᠤᠨ ᠰᠣᠯᠢᠯᠴᠠᠭᠠᠨ ᠤ ᠲᠥᠪ ᠪᠣᠯᠵᠤ᠂ ᠲᠠᠪᠤᠨ ᠵᠢᠯ ᠤᠨ ᠲᠤᠷᠰᠢ ᠨᠡᠶᠢᠲᠡ 120 ᠭᠠᠷᠤᠢ ᠪᠣᠯᠪᠠᠰᠤᠷᠠᠯ ᠤᠨ ᠠᠩᠭᠢ ᠡᠷᠬᠢᠯᠡᠵᠤ᠂ ᠪᠣᠯᠪᠠᠰᠤᠷᠠᠯ ᠳᠤ 7200 ᠭᠠᠷᠤᠶ ᠬᠥᠮᠦᠨ ᠤᠷᠤᠯᠴᠠᠵᠠᠢ᠃ ᠲᠡᠭᠦᠨ ᠤ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠠᠷᠭ᠎ᠠ ᠪᠠᠷ ᠡᠭᠦᠳᠦᠨ ᠪᠠᠶᠢᠭᠤᠯᠤᠭᠰᠠᠨ ︽ᠡᠵᠡᠨ ᠬᠤᠷᠤᠭ᠎ᠠ ᠶᠢᠨ ᠵᠠᠯᠠᠭᠤᠴᠤᠳ  ᠲᠠᠢ ᠬᠠᠮᠲᠤ ᠪᠠᠷ ᠦᠰᠦᠨ ᠪᠤᠶᠢᠵᠢᠬᠤ︾ ᠤᠶᠢᠯᠡᠴᠢᠯᠡᠭᠡ ᠨᠢ ᠵᠠᠯᠠᠭᠤᠴᠤᠳ ᠪᠠᠭᠠᠴᠤᠳ ᠲᠤ ᠦᠢᠯᠡᠴᠢᠯᠡᠬᠦ ᠲᠦᠷᠣᠯ ᠵᠦᠢᠯ ᠪᠣᠯᠵᠤ᠂ ︽ᠡᠵᠢ ᠶᠢᠨ ᠺᠯᠦ᠋ᠪ︾ ᠨᠢ ᠭᠡᠷ ᠲᠡᠭᠡᠨ ᠬᠤᠴᠣᠷᠤᠭᠰᠠᠨ ᠡᠮᠡᠭᠲᠡᠶᠢᠴᠦᠳ ᠲᠤ᠂ ︽ ᠭᠡᠷ ᠢᠶᠠᠨ ᠳᠤᠯᠠᠭᠠᠯᠠᠬᠤ ᠲᠥᠯᠥᠪᠯᠡᠭᠡ︾ ᠨᠢ ᠭᠡᠷ ᠲᠤ   ᠪᠠᠨ ᠬᠤᠴᠤᠷᠤᠭᠰᠠᠨ  ᠨᠠᠰᠤᠲᠠᠶᠢᠴᠤᠳ ᠲᠤ᠂ ︽ ᠬᠤᠣᠰ ᠰᠠᠷᠠᠭᠤᠯ᠂ ᠬᠤᠶᠠᠷ ᠠᠳᠠᠯᠢᠳᠬᠠᠯ᠂ ᠬᠤᠶᠠᠷ ᠳᠡᠭᠡᠭᠰᠢᠯᠡᠯᠲᠡ︾ ᠨᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠳᠠ ᠶᠢᠨ ᠲᠥᠷᠥᠯ ᠵᠤᠶᠢᠯ ᠵᠡᠷᠭᠡ ᠳᠤ ᠳᠤᠰ ᠳᠤᠰ ᠦᠢᠯᠡᠴᠢᠯᠡᠭᠡ ᠬᠠᠩᠭᠠᠵᠤ  ᠂ ᠲᠤᠬᠠᠶ ᠶᠢᠨ ᠭᠠᠵᠠᠷ ᠤᠨ ᠣᠯᠠᠨ ᠵᠦᠢᠯ ᠤᠨ ᠤᠶᠢᠯᠡᠴᠢᠯᠡᠭᠡᠨ ᠤ ᠬᠡᠷᠡᠭᠴᠡᠭᠡ ᠶᠢ ᠪᠦᠲᠦᠮᠵᠢᠲᠡᠶ ᠬᠠᠩᠭᠠᠪᠠ᠃
  ︵ᠸᠠᠩ ᠵᠧᠨ ᠨᠡᠶᠢᠭᠡᠮ ᠤᠨ ᠠᠵᠢᠯᠲᠠᠨ ᠢᠶᠠᠨ ᠳᠠᠭᠠᠭᠤᠯᠤᠨ ᠵᠠᠯᠠᠭᠤᠴᠤᠳ ᠪᠠᠭᠠᠴᠤᠳ ᠲᠤ ᠤᠶᠢᠯᠡᠴᠢᠯᠡᠬᠦ ︽ ᠡᠵᠡᠨ ᠬᠤᠷᠤᠭ᠎ᠠ ᠶᠢᠨ ᠵᠠᠯᠠᠭᠤᠴᠤᠳ ᠲᠠᠢ ᠬᠠᠮᠲᠤ ᠪᠠᠷ ᠦᠰᠦᠨ ᠪᠤᠶᠢᠵᠢᠬᠤ — ᠲᠤᠯᠤᠭᠠᠨ ᠥᠩᠭᠡᠲᠦ ᠬᠢᠴᠢᠶᠡᠯ ᠤᠨ ᠲᠠᠩᠬᠢᠮ︾ ᠤᠨ ᠲᠥᠷᠥᠯ ᠵᠤᠶᠢᠯ ᠢ ᠥᠷᠨᠢᠭᠦᠯᠪᠡ︶    ᠬᠥᠬᠡᠬᠤᠲᠠ ᠶᠢᠨ ᠮᠦ ᠰᠢᠨ ᠨᠡᠶᠢᠭᠡᠮ ᠤᠨ ᠠᠵᠢᠯ ᠤᠨ ᠤᠶᠢᠯᠡᠴᠢᠯᠡᠭᠡᠨ ᠤ ᠲᠥᠪ 2015 ᠣᠨ ᠤ 11 ᠳ᠋ᠦ᠋ᠭᠡᠷ ᠰᠠᠷ᠎ᠠ ᠳᠤ  ᠪᠠᠶᠢᠭᠤᠯᠤᠠᠠᠳᠠᠵᠠᠢ᠃ ᠣᠳᠣᠬᠠᠨ ᠳᠤ ᠲᠤᠰ ᠲᠥᠪ ᠨᠢ ᠨᠢᠭᠡᠨᠲᠡ ᠤᠯᠤᠰ ᠤᠨ ᠲᠡᠰ ᠤᠨ ᠨᠡᠶᠢᠭᠡᠮ ᠤᠨ ᠦᠢᠯᠡᠴᠢᠯᠡᠭᠡᠨ ᠤ ᠲᠥᠷᠥᠯ ᠵᠦᠢᠯ 4᠂ ᠥᠪᠡᠷᠲᠡᠭᠡᠨ ᠵᠠᠰᠠᠬᠤ ᠣᠷᠣᠨ ᠤ ᠲᠠᠰ ᠤᠨ ᠨᠡᠶᠢᠭᠡᠮ ᠤᠨ ᠤᠶᠢᠯᠡᠴᠢᠯᠡᠭᠡᠨ ᠤ ᠲᠥᠷᠥᠯ ᠵᠤᠶᠢᠯ 6᠂ ᠬᠤᠲᠠ᠂ ᠬᠤᠰᠢᠭᠤ ︵ᠰᠢᠶᠠᠨ ᠲᠣᠭᠤᠷᠢᠭ︶ ᠶᠢᠨ ᠲᠠᠰ ᠤᠨ ᠨᠡᠶᠢᠭᠡᠮ ᠤᠨ ᠤᠶᠢᠯᠡᠴᠢᠯᠡᠭᠡᠨ ᠤ ᠲᠥᠷᠥᠯ ᠵᠤᠶᠢᠯ 16 ᠶᠢ ᠲᠤᠰ ᠲᠤᠰ ᠡᠬᠦᠷᠭᠡᠯᠡᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠤᠵᠠᠭᠠᠶᠢᠷᠠᠭᠤᠯᠤᠨ ᠪᠤᠶᠢᠵᠢᠭᠤᠯᠬᠤ᠂ ᠨᠡᠶᠢᠭᠡᠮ ᠤᠨ ᠠᠵᠢᠯᠲᠠᠨ  ᠤ ᠴᠢᠳᠠᠪᠤᠷᠢᠲᠠᠨ ᠢ ᠬᠥᠮᠦᠵᠢᠭᠦᠯᠬᠦ᠂ ᠭᠤᠷᠪᠠᠨ ᠬᠤᠷᠰᠢᠶ᠎ᠠ ᠬᠤᠯᠪᠣᠭᠠᠯᠠᠨ ᠬᠥᠳᠡᠯᠦᠯᠴᠡᠬᠦ᠂ ᠨᠡᠶᠢᠭᠡᠮ ᠤᠨ ᠳᠤᠰᠠᠯᠠᠮᠵᠢ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠲᠡᠮᠵᠢᠬᠦ ᠵᠡᠷᠭᠡ ᠲᠠᠯ᠎ᠠ ᠳᠤ ᠨᠡᠶᠢᠭᠡᠮ ᠤᠨ ᠠᠵᠢᠯ ᠤᠨ ᠲᠤᠰᠬᠠᠶ ᠤᠶᠢᠯᠡᠴᠢᠯᠡᠭᠡ ᠬᠠᠩᠭᠠᠵᠠᠢ᠃ ᠣᠶᠢᠷ᠎ᠠ ᠶᠢᠨ ᠵᠢᠯ ᠳᠤ ᠲᠡᠳᠡ ᠰᠢᠯᠢᠳᠡᠭ ᠰᠠᠶᠢᠨ ᠳᠤᠷᠠᠴᠤᠳ ᠤᠨ ᠪᠦᠯᠬᠦᠮ᠂ ᠰᠠᠶᠢᠨ ᠳᠤᠷ᠎ᠠ ᠶᠢᠨ ᠰᠢᠯᠢᠳᠡᠭ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠰᠠᠶᠢᠨ ᠳᠡᠮᠵᠢᠯᠭᠡ ᠶᠢᠨ ᠨᠢᠭᠡᠴᠢ ᠵᠡᠷᠭᠡ ᠢᠷᠠᠭᠤ ᠠᠯᠳᠠᠷ ᠢ ᠬᠦᠷᠳᠡᠵᠡᠢ᠃ ᠲᠡᠭᠦᠨ ᠤ  ᠡᠷᠬᠢᠯᠡᠨ ᠬᠠᠮᠢᠶᠠᠷᠴᠤ ᠪᠠᠶᠢᠭ᠎ᠠ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠨᠠᠮ ᠪᠠ ᠣᠯᠠᠨ ᠲᠦᠮᠡᠨ ᠤ ᠠᠵᠢᠯᠯᠠᠭ᠎ᠠ ᠶᠢᠨ ᠤᠶᠢᠯᠡᠴᠢᠯᠡᠭᠡᠨ ᠤ ᠲᠥᠪ ᠨᠢ ᠪᠥᠬᠦ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ  ᠶᠢᠨ ᠵᠢᠱᠢᠶ᠎ᠡ ᠦᠵᠡᠭᠦᠯᠬᠦ ᠨᠢᠭᠡᠴᠢ   ᠪᠠᠷ ᠰᠣᠩᠭᠤᠭᠳᠠᠪᠠ᠃
  ᠬᠥᠬᠡᠬᠤᠲᠠ ᠶᠢᠨ ᠮᠦ ᠰᠢᠨ ᠨᠡᠶᠢᠭᠡᠮ ᠤᠨ ᠠᠵᠢᠯ ᠤᠨ ᠤᠶᠢᠯᠡᠴᠢᠯᠡᠭᠡᠨ ᠤ ᠲᠥᠪ ᠤᠨ 2019 ᠣᠨ ᠤ ︽ᠭᠤᠷᠪᠠᠨ ᠣᠷᠣᠨ︾ ᠤ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢᠨ ᠲᠥᠷᠥᠯ ᠵᠤᠶᠢᠯ ᠳᠤ ᠤᠷᠤᠪᠠ  
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号