ᠬᠥᠯᠥᠨ ᠪᠤᠶᠢᠷ ᠬᠤᠳᠠ ᠠᠩᠬᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ   ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠲᠦᠷᠦᠯ ᠵᠦᠢᠯ ᠤᠨ ᠰᠢᠨᠡᠴᠢᠯᠡᠯᠲᠡ ᠶᠢᠨ ᠤᠷᠤᠯᠳᠤᠭᠠᠨ ᠬᠢᠪᠡ
ᠨᠡᠶᠢᠲᠡᠯᠡᠭᠰᠡᠨ ᠴᠠᠭ᠄
2020/6/29
   2020 ᠣᠨ ᠤ 6 ᠳ᠋ᠤᠭᠠᠷ ᠰᠠᠷ᠎ᠠ ᠶᠢᠨ 3 ᠤ ᠡᠳᠦᠷ ᠠᠴᠠ 4 ᠤ ᠡᠳᠦᠷ ᠪᠣᠯᠲᠠᠯ᠎ᠠ ᠬᠥᠯᠥᠨ ᠪᠤᠶᠢᠷ ᠬᠤᠲᠠ ᠶᠢᠨ ᠣᠶᠤᠨ ᠤ ᠪᠣᠯᠪᠠᠰᠤᠨ ᠤ ᠠᠵᠢᠯ ᠤᠨ ᠠᠯᠪᠠᠨ ᠬᠡᠷ᠂ ᠬᠥᠯᠥᠨ ᠪᠤᠶᠢᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠬᠠᠮᠲᠤᠷᠠᠨ ᠪᠥᠬᠦ ᠬᠤᠲᠠ ᠶᠢᠨ ᠠᠩᠬᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠤᠯᠭᠡ — ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠤᠨ ᠰᠢᠨᠡᠴᠢᠯᠡᠯᠲᠡ ᠶᠢᠨ ᠤᠷᠤᠯᠳᠤᠭᠠᠨ ᠢ ᠡᠷᠭᠢᠯᠡᠪᠡ᠃ ᠲᠤᠰ ᠤᠳᠠᠭᠠᠨ ᠤ ᠰᠢᠨᠡᠴᠢᠯᠡᠯᠲᠡ ᠶᠢᠨ ᠤᠷᠤᠯᠳᠤᠭᠠᠨ ᠤ ᠭᠤᠣᠯ ᠰᠡᠳᠦᠪ ᠨᠢ ︽ᠨᠦᠬᠦᠷᠯᠡᠯ ᠪᠦᠯᠬᠦᠮᠳᠡᠯ ᠲᠠᠢ ᠡᠶ᠎ᠡ ᠵᠣᠬᠢᠴᠠᠯᠳᠤ ᠲᠠᠯ᠎ᠠ ᠨᠤᠲᠤᠭ︾ ᠪᠣᠯᠤᠨ᠎ᠠ ᠂ ᠨᠡᠶᠢᠲᠡ 39 ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ  ᠤᠷᠤᠯᠳᠤᠭᠠᠨ ᠳᠤ ᠣᠷᠣᠯᠴᠠᠵᠤ᠂ ᠲᠥᠷᠥᠯ ᠵᠦᠢᠯ  ᠳᠤ ᠨᠢ ᠨᠢᠭᠦᠯᠡᠰᠦᠩᠭᠦᠶ᠂ ᠨᠠᠰᠤᠵᠢᠯ ᠤᠨ ᠠᠰᠠᠷᠠᠮᠵᠢ᠂ ᠨᠢᠯᠬᠠᠰ ᠢ ᠲᠡᠳᠬᠦᠬᠦ᠂ ᠵᠡᠮᠳᠡᠭᠴᠦᠳ ᠢ ᠲᠤᠰᠠᠯᠠᠬᠤ᠂ ᠶᠠᠳᠠᠭᠤ ᠶᠢ ᠲᠡᠳᠬᠦᠬᠦ᠂ ᠣᠷᠴᠢᠨ ᠠᠬᠤᠶ ᠶᠢᠨ ᠬᠠᠮᠠᠭᠠᠯᠠᠯᠲᠠ  ᠂ ᠰᠤᠷᠭᠠᠨ ᠬᠥᠮᠦᠵᠢᠯ᠂ ᠰᠣᠶᠣᠯ᠂ ᠬᠠᠤᠯᠢ ᠴᠠᠭᠠᠵᠠ ᠵᠡᠷᠭᠡ ᠣᠯᠠᠨ ᠬᠦᠷᠢᠶ᠎ᠡ ᠬᠡᠪᠴᠢᠶ᠎ᠡ ᠶᠢ ᠬᠠᠮᠤᠷᠴᠠᠶ᠃
       ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠧᠨ ᠯᠢ ᠶᠠᠨ᠂ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠬᠤᠤ ᠬᠦᠶ ᠵᠢᠤᠸᠠᠨ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠦ᠋ ᠪᠠᠢ ᠵᠢᠶᠦ᠋ᠨ ᠵᠡᠷᠭᠡ ᠬᠤᠲᠠ ᠶᠢᠨ ᠤᠳᠤᠷᠢᠳᠤᠯᠭ᠎ᠠ ᠱᠠᠩᠨᠠᠯ ᠣᠯᠭᠤᠬᠤ ᠶᠣᠰᠣᠯᠠᠯ ᠳᠤ ᠤᠷᠤᠯᠴᠠᠪᠠ᠃
       ᠱᠠᠩᠨᠠᠯ ᠣᠯᠭᠤᠬᠤ ᠶᠣᠰᠣᠯᠠᠯ ᠳᠡᠭᠡᠷ᠎ᠡ᠂ ᠬᠤᠲᠠ ᠶᠢᠨ ᠠᠷᠠᠳ ᠤᠨ ᠶᠠᠪᠤᠳᠠᠯ ᠤᠨ ᠳᠣᠪᠴᠢᠶᠠᠨ ᠤ ᠳᠠᠷᠤᠭ᠎ᠠ ᠹᠠᠨ ᠶᠤᠸᠠᠢ ᠶᠠᠷᠢᠶ᠎ᠠ ᠲᠠᠯᠪᠢᠵᠠᠢ᠃  
   ᠬᠤᠶᠠᠷ ᠡᠳᠦᠷ ᠤᠨ ᠲᠡᠮᠡᠴᠡᠭᠡᠨ ᠢᠶᠠᠷ ᠨᠢᠭᠡᠳᠦᠭᠡᠷ ᠳᠡᠰ ᠤᠨ ᠱᠠᠩᠨᠠᠯ 1 ᠨᠡᠷ᠎ᠡ᠂ ᠬᠤᠶᠠᠳᠤᠭᠠᠷ ᠳᠡᠰ ᠤᠨ ᠱᠠᠩᠨᠠᠯ 2 ᠨᠡᠷ᠎ᠡ᠂ ᠭᠤᠷᠪᠠᠳᠤᠭᠠᠷ ᠳᠡᠰ ᠤᠨ ᠱᠠᠩᠨᠠᠯ 3 ᠨᠡᠷ᠎ᠡ᠂ ᠰᠢᠯᠢᠳᠡᠭ ᠱᠠᠩᠨᠠᠯ 4 ᠨᠡᠷ᠎ᠡ᠂ ᠣᠨᠴᠠᠭᠠᠶ ᠵᠣᠷᠢᠭᠵᠢᠭᠤᠯᠤᠯ ᠤᠨ ᠱᠠᠩᠨᠠᠯ 6 ᠬᠦᠮᠤᠨ ᠢ ᠰᠢᠯᠭᠠᠷᠠᠭᠤᠯᠤᠨ ᠭᠠᠷᠭᠠᠵᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠱᠠᠩᠨᠠᠯ ᠣᠯᠤᠭᠰᠠᠳ ᠲᠤ ᠱᠠᠩᠨᠠᠯ ᠤᠨ ᠮᠧᠳᠠᠯ ᠪᠠ ᠦᠨᠡᠮᠯᠡᠯ ᠣᠯᠭᠤᠵᠠᠶ᠃  
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号