ᠯᠢᠦ ᠯᠢ ᠫᠢᠩ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ  ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/6/29
   6 ᠳ᠋ᠤᠭᠠᠷ ᠰᠠᠷ᠎ᠠ ᠶᠢᠨ 3 ᠤ ᠡᠳᠦᠷ᠂ ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠣᠪᠴᠢᠶᠠᠨ ᠤ ᠳᠠᠷᠤᠭ᠎ᠠ ᠯᠢᠦ ᠯᠢ ᠫᠢᠩ ᠨᠠᠷ ᠬᠦᠨᠳᠡᠯᠡᠨ ᠲᠣᠭᠤᠷᠢᠭ᠂ ᠴᠢᠩᠱᠠᠨ ᠲᠣᠭᠤᠷᠢᠭ ᠲᠤ ᠬᠦᠷᠴᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ  ᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃
   ᠬᠥᠨᠳᠡᠯᠡᠨ ᠲᠣᠭᠤᠷᠢᠭ ᠤᠨ ᠤᠯᠠᠭᠠᠨ ᠨᠡᠶᠢᠭᠡᠮ ᠲᠣᠭᠤᠷᠢᠭ ᠤᠨ ᠨᠠᠰᠤᠲᠠᠳ ᠬᠡᠤᠬᠡᠳ ᠤᠨ ᠬᠦᠷᠢᠶᠡᠯᠡᠩ᠂ ᠪᠤᠷᠬᠠᠨᠲᠤ ᠶᠢᠨ ᠨᠠᠰᠤᠲᠠᠶᠢᠴᠤᠳ ᠤᠨ ᠠᠮᠢ ᠠᠬᠤᠶ ᠶᠢᠨ ᠰᠤᠪᠢᠯᠠᠯᠲᠠ ᠶᠢᠨ ᠬᠦᠷᠢᠶᠡᠯᠡᠩ ᠳᠤ ᠯᠢᠦ ᠯᠢ ᠫᠢᠩ ᠨᠡᠷ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠠᠶᠢᠳᠠᠯ ᠢ ᠭᠦᠨᠵᠡᠭᠡᠶ ᠣᠶᠢᠯᠠᠭᠠᠪᠠ᠃
    ᠳᠠᠷᠠᠭ᠎ᠠ ᠨᠢ᠂ 12349 ᠠᠷᠠᠳ ᠲᠤ ᠲᠦᠬᠦᠮ ᠦᠵᠡᠭᠦᠯᠬᠦ ᠨᠠᠰᠤᠲᠠᠶᠢᠴᠤᠳ ᠤᠨ ᠳᠠᠭᠤᠳᠠᠯᠲᠠ ᠶᠢᠨ ᠦᠢᠯᠡᠴᠢᠯᠡᠭᠡᠨ ᠤ ᠲᠥᠪ ᠲᠤ ᠲᠣᠭᠤᠷᠢᠨ ᠦᠵᠡᠵᠦ᠂ ᠡᠯᠧᠺᠲᠷᠣᠨ ᠠᠰᠠᠷᠠᠭᠴᠢ᠂ ᠤᠶᠤᠨᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ  ᠤ ᠴᠢᠳᠠᠮᠵᠢ ᠶᠢᠨ ᠲᠠᠨᠢᠯᠴᠠᠭᠤᠯᠭ᠎ᠠ ᠶᠢ ᠰᠣᠨᠣᠰᠴᠤ᠂ ᠪᠠᠴᠢᠮ ᠠᠪᠤᠷᠠᠯᠲᠠ ᠬᠢᠭᠰᠡᠨ ᠪᠠᠶᠢᠳᠠᠯ ᠢ ᠣᠶᠢᠯᠠᠭᠠᠪᠠ᠃  
   ᠲᠡᠳᠡ ᠵᠠᠯᠭᠠᠭᠠᠳ ᠴᠢᠩᠱᠠᠨ ᠲᠣᠭᠤᠷᠢᠭ ᠤᠨ ᠶᠠᠩ ᠭᠤᠸᠠᠩ ᠨᠡᠶᠢᠭᠡᠮ ᠲᠣᠭᠤᠷᠢᠭ᠂ ᠳᠤᠯᠠᠭᠠᠨ ᠨᠡᠶᠢᠬᠡᠮ ᠲᠣᠭᠤᠷᠢᠭ ᠤᠨ ︿︿ᠨᠠᠰᠤᠲᠠᠳ ᠬᠡᠤᠬᠡᠳ ᠤᠨ ᠴᠡᠩᠬᠡᠯ ᠤᠨ ᠬᠦᠷᠢᠶᠡᠯᠡᠩ﹀﹀  ᠂ ᠨᠠᠰᠤᠲᠠᠳ ᠤᠨ ᠪᠠᠶᠢᠷᠢ ᠪᠣᠯᠤᠨ ᠴᠢᠩ ᠶᠤᠸᠠᠨ ᠨᠡᠶᠢᠭᠡᠮ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ᠃  
     ᠯᠢᠦ ᠯᠢ ᠫᠢᠩ ᠴᠢᠬᠤᠯᠠᠴᠢᠯᠠᠭᠰᠠᠨ ᠨᠢ᠂  ︿︿ᠨᠠᠰᠤᠲᠠᠳ ᠬᠡᠤᠬᠡᠳ ᠤᠨ  ᠴᠡᠩᠭᠡᠯ ᠤᠨ ᠬᠦᠷᠢᠶᠡᠯᠡᠩ﹀﹀   ᠨᠢ  ᠠᠷᠠᠳ ᠲᠤ   ᠦᠢᠯᠡᠴᠢᠯᠡᠬᠦ ᠨᠡᠶᠢᠭᠡᠮ ᠲᠣᠭᠤᠷᠢᠭ ᠤᠨ ᠦᠢᠯᠡᠴᠢᠯᠡᠭᠡᠨ  ᠤ ᠰᠢᠨ᠎ᠡ ᠵᠠᠭᠪᠤᠷ ᠪᠣᠯᠤᠭᠰᠠᠨ ᠤ ᠬᠤᠪᠢ ᠳᠤ ᠯᠤᠲᠤ ᠶᠡᠭᠡ ᠬᠡᠷᠡᠭᠴᠡᠭᠡ ᠲᠠᠢ ᠪᠠ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠢᠷᠡᠭᠡᠳᠦᠶ ᠲᠠᠢ ᠶᠤᠮ᠃ ᠠᠯᠢ ᠣᠯᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠢ ᠨᠡᠩ ᠢᠯᠡᠭᠦᠤ ᠲᠡᠳᠡᠨ ᠣᠷᠣᠭᠤᠯᠵᠤ ᠵᠣᠷᠢᠭᠵᠢᠭᠤᠯᠳ᠂ ᠡᠨᠡ ᠦᠢᠯᠡᠰ ᠲᠤ ᠪᠡᠯᠡ ᠣᠷᠣᠭᠤᠯᠬᠤ ᠬᠡᠷᠡᠭᠲᠠᠢ᠃ ᠨᠠᠰᠤᠵᠢᠯ ᠤᠨ ᠪᠠᠶᠢᠭᠤᠯᠤᠮᠵᠢ ᠨᠤᠭᠤᠳ ᠲᠡᠷᠢᠭᠦᠨ ᠤ ᠭᠠᠵᠠᠷ ᠣᠷᠣᠨ ᠤ ᠨᠡᠶᠢᠲᠡᠯᠢᠭ ᠲᠤᠷᠰᠢᠯᠭ᠎ᠠ ᠶᠢ ᠰᠤᠷᠤᠯᠴᠠᠵᠤ᠂ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠤᠨ᠂  ᠠᠷᠠᠳ ᠲᠦᠮᠡᠨ ᠳᠤ ᠦᠢᠯᠡᠴᠢᠯᠡᠬᠦ ᠠᠵᠢᠯ ᠢᠶᠠᠨ ᠳᠠᠬᠢᠨ ᠨᠢᠭᠡ ᠰᠢᠨ᠎ᠡ ᠳᠡᠭᠲᠡᠷ ᠲᠤ ᠭᠠᠷᠭᠠᠬᠤ  ᠪᠠᠷ ᠴᠢᠷᠮᠠᠶᠢᠬᠤ ᠬᠡᠷᠡᠭᠲᠠᠢ ᠭᠡᠵᠠᠢ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号