ᠪᠦᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠴᠢ | 2020 ᠣᠨ ᠤ ᠪᠦᠬᠦ ᠣᠷᠣᠨ ᠤ ᠠᠷᠠᠳ ᠤᠨ ᠶᠠᠪᠤᠳᠠᠯ ᠤᠨ ᠠᠵᠢᠯ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠠᠵᠢᠯ ᠤᠨ ᠲᠧᠯᠸᠢᠰ ᠤᠲᠠᠰᠤᠲᠤ ᠬᠤᠷᠠᠯ ᠳᠡᠭᠡᠷᠡᠬᠢ ᠤ ᠶᠠᠷᠢᠶᠠᠨ ᠤ ᠳᠣᠪᠴᠢᠯᠠᠯ | | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠧᠩ ᠶᠤᠸᠠᠢ ᠯᠧᠦ | ︵2020 ᠣᠨ ᠤ 2 ᠳ᠋ᠤᠭᠠᠷ ᠰᠠᠷ᠎ᠠ ᠶᠢᠨ 27 ᠤ ᠡᠳᠦᠷ︶ | | ᠨᠢᠭᠡᠳᠦᠭᠡᠷ ᠬᠡᠰᠡᠭ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ | ᠠᠵᠢᠯ ᠤᠨ ᠲᠤᠬᠠᠶ | ᠬᠢᠵᠢᠭ ᠪᠣᠯ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠂ ᠨᠢᠭᠡ ᠰᠠᠷ᠎ᠠ ᠶᠢᠨ ᠲᠤᠷᠰᠢᠬᠢ ︽ | ᠬᠢᠵᠢᠭ︾ ᠢ ᠡᠰᠡᠷᠭᠦᠴᠡᠬᠦ ᠠᠵᠢᠯ ᠢ ᠡᠷᠭᠢᠴᠡᠭᠦᠯᠬᠦ ᠳᠤ ᠭᠤᠤᠯᠳᠠᠭᠤ ᠳᠣᠤᠷᠠᠬᠢ ᠮᠡᠲᠦ ᠣᠨᠴᠠᠯᠢᠭ ᠲᠠᠢ᠃ | ᠨᠢᠭᠡᠳᠦᠭᠡᠷ ᠲᠤ᠂ ᠡᠷᠲᠡ᠃ ᠴᠠᠭᠠᠨ ᠰᠠᠷ᠎ᠠ ᠠᠴᠠ ᠡᠮᠦᠨ᠎ᠡ ︵1 ᠳ᠋ᠤᠭᠡᠷ ᠰᠠᠷ᠎ᠠ ᠶᠢᠨ 22 ᠤᠨ ᠡᠳᠦᠷ᠂ | ᠦᠭᠡᠯᠵᠢᠨ ᠰᠠᠷ᠎ᠠ ᠶᠢᠨ ᠬᠤᠷᠢᠨ ᠨᠠᠢᠮᠠᠨ︶᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︽ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠮᠡᠳᠡᠭᠳᠡᠯ︾ ᠢ | ᠳᠠᠷᠤᠮᠠᠯᠯᠠᠨ ᠲᠠᠷᠬᠠᠭᠠᠵᠤ᠂ ᠪᠦᠬᠦ ᠣᠷᠣᠨ ᠤ ᠠᠷᠠᠳ ᠤᠨ ᠶᠠᠪᠤᠳᠠᠯ ᠤᠨ ᠬᠦᠷᠢᠶᠡᠨ ᠤ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠢ ᠡᠷᠳᠡ ᠠᠴᠠ ᠪᠠᠶᠢᠷᠢᠯᠠᠭᠤᠯᠪᠠ᠃ | ᠬᠤᠶᠠᠳᠤᠭᠠᠷ ᠲᠤ᠂ ᠬᠤᠷᠳᠤᠨ᠃ 1 ᠳ᠋ᠤᠭᠡᠷ ᠰᠠᠷ᠎ᠠ ᠶᠢᠨ 26 ᠤ ᠡᠳᠦᠷ ︵ᠴᠠᠭᠠᠨ ᠰᠠᠷ᠎ᠠ ᠶᠢᠨ ᠰᠢᠨ᠎ᠡ ᠶᠢᠨ | ᠬᠤᠶᠠᠷ︶᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠭᠡᠨᠡᠳᠲᠡ | ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠨᠢᠭᠡᠳᠦᠭᠡᠷ ᠳᠡᠰ ᠤᠨ ᠰᠡᠷᠡᠮᠵᠢ ᠶᠢᠨ ᠳᠣᠬᠢᠶ᠎ᠠ ᠶᠢ | ᠳᠠᠭᠠᠵᠤ ᠪᠠᠴᠢᠮ ᠬᠤᠷᠠᠯ ᠬᠤᠷᠠᠯᠳᠤᠭᠤᠯᠵᠤ᠂ ᠪᠦᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠵᠢᠭ | ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ︽ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ 1 ᠳ᠋ᠤᠭᠡᠷ | ᠰᠠᠷ᠎ᠠ ᠶᠢᠨ 26 ᠤ ᠡᠳᠦᠷ ᠠᠴᠠ 2 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ ᠡᠳᠦᠷ ᠪᠦᠷᠢ ᠠᠵᠢᠯ ᠤᠨ | ᠡᠭᠡᠯᠵᠢᠲᠦ ᠬᠤᠷᠠᠯ ᠬᠤᠷᠠᠯᠳᠤᠭᠤᠯᠵᠤ᠂ ᠡᠳᠤᠷᠵᠢᠨ ᠪᠠᠶᠢᠷᠢᠯᠠᠭᠤᠯᠤᠯᠲᠠ᠂ ᠲᠣᠬᠢᠷᠠᠭᠤᠯᠤᠯᠲᠠ᠂ ᠬᠢᠨᠠᠯᠲᠠ᠂ ᠬᠢᠵᠤ᠂ | ᠡᠳᠤᠷ ᠤᠨ ᠠᠵᠢᠯ ᠢ ᠡᠳᠤᠷ ᠲᠤ ᠨᠢ ᠳᠠᠭᠤᠰᠬᠠᠨ᠂ ᠲᠦᠷᠭᠡᠨ ᠪᠥᠭᠡᠳ ᠥᠨᠳᠥᠷ ᠪᠦᠲᠦᠮᠵᠢᠲᠡᠶ ᠠᠵᠢᠯᠯᠠᠬᠤ | ᠲᠣᠭᠲᠠᠴᠠ ᠶᠢ ᠪᠠᠶᠢᠭᠤᠯᠪᠠ᠃ | ᠭᠤᠷᠪᠠᠳᠤᠭᠠᠷ ᠲᠤ᠂ ᠣᠨᠣᠴᠠᠲᠠᠢ ᠃ ᠨᠠᠰᠤᠲᠠᠶᠢᠴᠤᠳ ᠤᠨ ᠬᠦᠷᠢᠶᠡᠯᠡᠩ᠂ ᠨᠠᠰᠤᠲᠠᠳ ᠢ ᠠᠰᠠᠷᠠᠬᠤ | ᠬᠦᠷᠢᠶᠡᠯᠡᠩ᠂ ᠵᠣᠯ ᠵᠢᠷᠭᠠᠯᠲᠤ ᠬᠦᠷᠢᠶᠡᠯᠡᠩ᠂ ᠳᠤᠰᠠᠯᠠᠮᠵᠢ ᠶᠢᠨ ᠥᠷᠲᠡᠭᠡ᠂ ᠬᠡᠤᠬᠡᠳ ᠤᠨ ᠠᠰᠠᠷᠠᠮᠵᠢ ᠶᠢᠨ | ᠬᠦᠷᠢᠶᠡᠯᠡᠩ᠂ ᠣᠶᠤᠨ ᠤ ᠠᠰᠠᠷᠠᠮᠵᠢ ᠶᠢᠨ ᠬᠦᠷᠢᠶᠡᠯᠡᠩ ᠵᠡᠷᠭᠡ ᠦᠢᠯᠡᠴᠢᠯᠡᠭᠡᠨ ᠤ ᠪᠠᠶᠢᠭᠤᠯᠤᠮᠵᠢ ᠶᠢ ᠠᠷᠠᠳ ᠤᠨ | ᠶᠠᠪᠤᠳᠠᠯ ᠤᠨ ᠬᠦᠷᠢᠶᠡᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠭᠤᠤᠯᠳᠠᠯᠭ᠎ᠠ ᠶᠢᠨ ᠳᠣᠲᠣᠷᠠᠬᠢ | ᠭᠤᠤᠯᠳᠠᠯᠭ᠎ᠠ ᠪᠣᠯᠭᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠠᠵᠢᠯ ᠤᠨ ᠳᠡᠰ ᠳᠠᠷᠠᠭ᠎ᠠ ᠶᠢ ᠲᠣᠭᠲᠠᠭᠠᠪᠠ᠃ | ᠬᠠᠮᠢᠶᠠᠷᠤᠯᠲᠠ ᠶᠢᠨ ᠠᠵᠢᠯᠲᠠᠨ ︵ᠬᠦᠷᠢᠶᠡᠯᠡᠩ ᠤᠨ ᠳᠠᠷᠤᠭ᠎ᠠ᠂ ᠳᠡᠳ᠋ ᠳᠠᠷᠤᠭ᠎ᠠ ︶᠂ ᠦᠢᠯᠡᠴᠢᠯᠡᠭᠴᠢ ︵ | ᠠᠰᠠᠷᠠᠭᠴᠢ᠂ ᠲᠣᠭᠤᠭᠠᠴᠢ︶᠂ ᠠᠵᠢᠯᠴᠢᠨ ︵ᠬᠤᠳᠠᠯᠳᠤᠨ ᠠᠪᠤᠭᠴᠢ᠂ ᠴᠡᠪᠡᠷᠯᠡᠭᠴᠢ︶ ᠵᠡᠷᠭᠡ ᠠᠵᠢᠯᠲᠠᠨ ᠤ | ᠬᠠᠮᠢᠶᠠᠷᠤᠯᠲᠠ ᠪᠠ ᠰᠡᠷᠭᠡᠶᠢᠯᠡᠯᠲᠡ ᠶᠢ ᠴᠢᠩᠭᠠᠳᠬᠠᠵᠤ᠂ ᠣᠷᠣᠵᠤ ᠭᠠᠷᠬᠤ ᠬᠦᠮᠤᠰ ᠢ ᠳᠠᠩᠰᠠᠯᠠᠬᠤ᠂ ᠪᠡᠶ᠎ᠡ ᠶᠢᠨ | ᠳᠤᠯᠠᠭᠠᠨ ᠢ ᠬᠡᠮᠵᠢᠬᠦ᠂ ᠠᠷᠢᠭᠤᠳᠬᠠᠨ ᠴᠡᠪᠡᠷᠯᠡᠬᠦ ᠵᠡᠷᠭᠡ ᠰᠡᠷᠭᠡᠶᠢᠯᠡᠨ ᠬᠠᠮᠠᠭᠠᠯᠠᠬᠤ ᠴᠢᠩᠭ᠎ᠠ ᠠᠷᠭ᠎ᠠ ᠬᠡᠮᠵᠢᠶ᠎ᠡ ᠶᠢ | ᠳᠣᠭᠲᠠᠭᠠᠵᠠᠢ ᠃ | ᠳᠥᠷᠪᠡᠳᠦᠭᠡᠷ ᠲᠤ᠂ ᠨᠠᠷᠢᠯᠢᠭ᠃ ᠨᠠᠰᠤᠵᠢᠯ ᠤᠨ ᠪᠠᠶᠢᠭᠤᠯᠤᠮᠵᠢ ᠶᠢᠨ ᠰᠡᠷᠭᠡᠶᠢᠯᠡᠨ ᠡᠵᠡᠮᠳᠡᠬᠦ ᠵᠦᠭᠯᠡᠭᠦᠷ ᠤᠨ | ᠨᠢᠭᠡᠳᠦᠭᠡᠷ ᠬᠡᠪᠯᠡᠯ ︵45 ᠵᠣᠷᠪᠣᠰ︶᠂ ᠬᠤᠶᠠᠳᠤᠭᠠᠷ ᠬᠡᠪᠯᠡᠯ ︵34 ᠵᠤᠷᠪᠤᠰ︶᠂ ᠬᠡᠤᠬᠡᠳ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠰᠡᠷᠭᠡᠶᠢᠯᠡᠨ ᠡᠵᠡᠮᠳᠡᠬᠦ ᠵᠦᠭᠯᠡᠭᠦᠷ ᠤᠨ ᠨᠢᠭᠡᠳᠦᠭᠡᠷ ᠬᠡᠪᠯᠡᠯ᠂ ︽ᠭᠤᠷᠪᠠᠨ ᠲᠠᠯ᠎ᠠ ᠪᠠᠷ | ᠬᠤᠯᠪᠣᠭᠠᠯᠠᠨ ᠬᠥᠳᠡᠯᠦᠯᠴᠡᠬᠦ︾ ᠠᠵᠢᠯ ᠤᠨ ᠵᠢᠯᠣᠭᠤᠳᠤᠮᠵᠢ᠂ ᠡᠪᠡᠳᠴᠢᠲᠡᠨ ᠤ ᠴᠢᠨᠳᠠᠷ ᠢ ᠰᠢᠢᠳᠪᠤᠷᠢᠯᠡᠬᠦ | ᠠᠵᠢᠯ ᠤᠨ ᠵᠢᠯᠣᠭᠤᠳᠤᠮᠵᠢ ᠵᠡᠷᠭᠡ ᠰᠢᠷᠢᠰ ᠠᠵᠢᠯ ᠤᠨ ᠵᠦᠭᠯᠡᠭᠦᠷ᠂ ᠵᠢᠯᠣᠭᠤᠳᠤᠮᠵᠢ ᠪᠠ ᠮᠡᠳᠡᠭᠳᠡᠯ ᠢ ᠳᠠᠷᠬᠠᠭᠠᠵᠠᠢ | ᠃ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠷᠪᠠᠨ | ᠵᠦᠢᠯ ᠤᠨ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠣᠯᠤᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ | ᠠᠮᠢᠳᠤᠷᠠᠯ ᠤᠨ ᠪᠠᠲᠤᠯᠠᠭ᠎ᠠ ᠶᠢᠨ ᠲᠠᠪᠤᠨ ᠵᠦᠢᠯ ᠤᠨ ᠶᠡᠷᠦ ᠪᠤᠰᠤ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠵᠢᠭ ᠢ ᠰᠡᠷᠭᠡᠶᠢᠯᠡᠨ ᠡᠵᠡᠮᠳᠡᠬᠦ ᠡᠭᠦᠷᠭᠡ ᠪᠣᠯᠤᠨ ᠠᠷᠭ᠎ᠠ ᠬᠡᠮᠵᠢᠶ᠎ᠡ | ᠶᠢ ᠨᠠᠷᠢᠨ ᠲᠣᠳᠣᠷᠬᠠᠢ ᠳᠣᠭᠲᠠᠭᠠᠵᠠᠢ᠃ | ᠲᠠᠪᠤᠳᠤᠭᠠᠷ ᠲᠤ᠂ ᠴᠢᠩᠭ᠎ᠠ᠃ ᠨᠢᠭᠡ ᠳᠤ᠂ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠢᠲᠡᠭᠦᠮᠵᠢᠯᠡᠨ | ᠬᠠᠮᠢᠶᠠᠷᠬᠤ ᠶᠢ ᠬᠡᠷᠡᠭᠵᠢᠭᠦᠯᠪᠠ᠃ ᠪᠦᠬᠦ ᠣᠷᠣᠨ ᠤ ᠨᠠᠰᠤᠲᠠᠶᠢᠴᠤᠳ ᠤᠨ ᠬᠦᠷᠢᠶᠡᠯᠡᠩ᠂ ᠨᠠᠰᠤᠲᠠᠳ ᠢ ᠠᠰᠠᠷᠠᠬᠤ | ᠬᠦᠷᠢᠶᠡᠯᠡᠩ᠂ ᠵᠣᠯ ᠵᠢᠷᠭᠠᠯ ᠤᠨ ᠬᠦᠷᠢᠶᠡᠯᠡᠩ᠂ ᠳᠤᠰᠠᠯᠠᠮᠵᠢ ᠶᠢᠨ ᠥᠷᠲᠡᠭᠡ᠂ ᠬᠡᠤᠬᠡᠳ ᠤᠨ ᠠᠰᠠᠷᠠᠮᠵᠢ ᠶᠢᠨ | ᠬᠦᠷᠢᠶᠡᠯᠡᠩ᠂ ᠣᠶᠤᠨ ᠤ ᠠᠰᠠᠷᠠᠮᠵᠢ ᠶᠢᠨ ᠬᠦᠷᠢᠶᠡᠯᠡᠩ ᠵᠡᠷᠭᠡ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠢ ᠴᠦᠮ | ᠪᠢᠲᠡᠭᠦᠮᠵᠢᠯᠡᠨ ᠬᠠᠮᠢᠶᠠᠷᠴᠠᠢ᠃ 2 ᠳ᠋ᠤᠭᠠᠷ ᠰᠠᠷ᠎ᠠ ᠶᠢᠨ 2 ᠤᠨ ᠡᠳᠦᠷ ᠠᠴᠠ ᠣᠷᠤᠭ ᠳᠠᠩᠰᠠᠯᠠᠬᠤ ᠥᠬᠡᠶ᠂ ᠴᠢᠨᠳᠠᠷ | ᠪᠠᠷᠠᠳᠠᠬᠤ ᠦᠭᠡᠢ᠂ ᠳᠠᠬᠢᠯᠭ᠎ᠠ ᠬᠢᠬᠦ ᠦᠭᠡᠢ ᠵᠡᠷᠭᠡ ᠣᠯᠠᠨ ᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠲᠦᠷ | ᠵᠣᠭᠰᠣᠭᠠᠪᠠ᠃ ᠬᠤᠶᠠᠷ ᠲᠤ᠂ ᠬᠢᠨᠠᠯᠲᠠ ᠬᠠᠮᠢᠶᠠᠷᠤᠯᠲᠠ ᠴᠢᠩᠭᠠᠳᠬᠠᠨ᠂ ᠬᠠᠤᠯᠢ ᠴᠠᠭᠠᠵᠠ ᠲᠦᠷᠢᠮ ᠲᠣᠭᠲᠠᠭᠠᠯ | ᠶᠣᠰᠣᠭᠠᠷ ᠨᠢᠭᠦᠯᠡᠰᠦᠩᠭᠦᠶ ᠶᠢᠨ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠵᠣᠬᠢᠶᠠᠨ ᠪᠠᠶᠢᠭᠤᠯᠤᠨ | ᠬᠠᠮᠢᠶᠠᠷᠪᠠ᠃ ᠭᠤᠷᠪᠠ ᠳᠤ᠂ ᠲᠢᠩᠬᠢᠮ ᠤᠨ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ | ᠲᠦᠷᠦᠭᠦᠯᠡᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠪᠠ ᠪᠠᠶᠠᠷ ᠤᠨ | ᠡᠳᠦᠷ ᠤᠨ ᠬᠤᠤᠰ ᠵᠢᠵᠢᠭᠦᠷ ᠢ ᠳᠦᠷᠢᠮᠵᠢᠭᠦᠯᠵᠠᠢ᠃ | ᠵᠢᠷᠭᠤᠳᠤᠭᠠᠷ ᠲᠤ᠂ ᠪᠣᠳᠠᠲᠠᠢ᠃ ᠰᠢᠨᠡᠴᠢᠯᠡᠯᠲᠡ ᠬᠢᠵᠤ ᠭᠤᠷᠪᠠᠨ ᠱᠠᠲᠤ ᠪᠠᠷ ᠢᠶᠠᠨ ᠬᠤᠯᠪᠣᠭᠠᠯᠠᠨ | ᠬᠥᠳᠡᠯᠦᠯᠴᠡᠵᠦ ᠪᠣᠳᠠᠲᠠᠶ ᠠᠳᠬᠤᠪᠠ᠃ ᠨᠢᠭᠡ ᠳᠤ᠂ ᠰᠤᠭᠤᠴᠢᠨ ᠪᠠᠶᠢᠴᠠᠭᠠᠵᠤ ᠪᠣᠳᠠᠲᠠᠢ ᠠᠳᠬᠤᠪᠠ᠃ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠤ ᠳᠠᠯᠳᠠᠭᠤᠷ ᠰᠤᠷᠪᠤᠯᠵᠢᠯᠠᠬᠤ ᠪᠠ ᠰᠤᠭᠤᠴᠢᠨ | ᠪᠠᠶᠢᠴᠠᠭᠠᠬᠤ ᠠᠵᠢᠯ ᠤᠨ ᠲᠣᠭᠲᠠᠴᠠ ᠶᠢ ᠡᠬᠢᠯᠡᠭᠦᠯᠵᠦ ᠪᠣᠯᠤᠨ ᠬᠡᠷᠡᠭᠵᠢᠭᠦᠯᠵᠠᠢ᠃ 12 ᠠᠶᠢᠮᠠᠭ ᠬᠤᠲᠠ ᠶᠢᠨ | ᠠᠷᠠᠳ ᠤᠨ ᠶᠠᠪᠤᠳᠠᠯ ᠤᠨ ᠲᠣᠪᠴᠢᠶᠠᠨ ᠳᠠᠷᠤᠭ᠎ᠠ 50 ᠭᠠᠷᠤᠶ ᠤᠳᠠᠭᠠᠨ ᠤ ᠨᠢᠭᠤᠴᠠ ᠰᠤᠷᠪᠤᠯᠵᠢᠯᠠᠭ᠎ᠠ ᠬᠢᠵᠤ᠃ | 103 ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ | ᠨᠡᠶᠢᠲᠡ 490 ᠤᠳᠠᠭ᠎ᠠ ᠨᠢᠭᠤᠴᠠ ᠪᠠᠷ ᠰᠤᠷᠪᠤᠯᠵᠢᠯᠠᠵᠤ᠂ ᠬᠥᠮᠦᠨ ᠪᠦᠷᠢ ᠳᠤᠮᠳᠠᠴᠢ ᠪᠠᠷ 5 ᠤᠳᠠᠭ᠎ᠠ ᠨᠢᠭᠤᠴᠠ | ᠰᠣᠷᠪᠣᠯᠵᠢᠯᠠᠭ᠎ᠠ ᠬᠢᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ | ᠭᠤᠷᠪᠠᠨ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ ᠪᠠᠶᠢᠭᠠᠳ 3821 | ᠨᠠᠰᠤᠲᠠᠶᠢᠴᠤᠳ ᠤᠨ ᠬᠦᠷᠢᠶᠡᠯᠡᠩ᠂ ᠨᠠᠰᠤᠲᠠᠳ ᠢ ᠠᠰᠠᠷᠠᠬᠤ ᠬᠦᠷᠢᠶᠡᠯᠡᠩ᠂ ᠬᠡᠤᠬᠡᠳ ᠤᠨ ᠠᠰᠠᠷᠠᠮᠵᠢ ᠶᠢᠨ | ᠬᠦᠷᠢᠶᠡᠯᠡᠩ ᠵᠡᠷᠭᠡ ᠦᠢᠯᠡᠴᠢᠯᠡᠭᠡᠨ ᠤ ᠪᠠᠶᠢᠭᠤᠯᠤᠮᠵᠢ ᠪᠠ 965 ᠮᠠᠯᠵᠢᠬᠤ ᠲᠠᠷᠢᠶᠠᠯᠠᠬᠤ ᠣᠷᠣᠨ ᠤ ᠵᠣᠯ ᠵᠢᠷᠭᠠᠯ ᠤᠨ | ᠬᠦᠷᠢᠶᠡᠯᠡᠩ ᠢ ᠨᠢᠭᠤᠴᠠ ᠪᠠᠷ ᠰᠤᠷᠪᠤᠯᠵᠢᠯᠠᠵᠤ ᠰᠤᠭᠤᠴᠢᠨ ᠪᠠᠶᠢᠴᠠᠭᠠᠵᠠᠢ᠃ ᠬᠤᠲᠠ ᠬᠥᠳᠡᠭᠡ ᠶᠢᠨ ᠣᠨᠴᠠ | ᠬᠦᠴᠢᠷᠳᠡᠯᠲᠡᠶ ᠠᠰᠠᠷᠠᠨ ᠬᠠᠷᠠᠭᠠᠯᠵᠠᠬᠤ ᠡᠲᠡᠭᠡᠳ ᠢ 23195 ᠬᠥᠮᠦᠨ ᠤᠳᠠᠭ᠎ᠠ ᠰᠤᠭᠤᠴᠢᠨ ᠪᠠᠶᠢᠴᠠᠭᠠᠪᠠ᠃ | ᠬᠤᠶᠠᠷ ᠲᠤ ᠬᠠᠷᠢᠭᠤᠴᠠᠯᠭ᠎ᠠ ᠪᠠᠨ ᠪᠣᠳᠠᠲᠠᠶᠢᠵᠢᠭᠤᠯᠪᠠ᠃ ᠬᠢᠵᠢᠭ ᠢ ᠰᠡᠷᠭᠡᠶᠢᠯᠡᠨ ᠡᠵᠡᠮᠳᠡᠬᠦ ᠤᠳᠤᠷᠢᠳᠤᠯᠭ᠎ᠠ ᠶᠢᠨ | ᠬᠠᠷᠢᠭᠤᠴᠠᠯᠭ᠎ᠠ᠂ ᠬᠤᠪᠢᠳᠠᠨ ᠬᠠᠮᠢᠶᠠᠷᠬᠤ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ ᠬᠠᠤᠯᠢ ᠶᠢᠨ | ᠡᠷᠬᠡᠲᠡᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠭᠤᠷᠪᠠ ᠳᠤ᠂ ᠬᠠᠨᠳᠢᠪᠯᠠᠨ ᠲᠤᠰᠠᠯᠠᠬᠤ ᠠᠵᠢᠯᠯᠠᠭ᠎ᠠ ᠶᠢ | ᠪᠣᠳᠠᠲᠠᠶᠢᠵᠢᠭᠤᠯᠪᠠ᠃ ᠰᠦᠢᠳᠬᠡᠯ ᠬᠤᠷᠢᠶᠠᠬᠤ ᠦᠭᠡᠢ ᠰᠡᠳᠬᠢᠴᠡ ᠶᠢᠨ ᠵᠦᠪᠯᠡᠯᠭᠡ ᠶᠢᠨ ᠬᠠᠯᠠᠮᠰᠢᠯ ᠤᠲᠠᠰᠤ | ᠨᠡᠪᠲᠡᠷᠡᠭᠦᠯᠵᠦ᠂ ᠪᠦᠬᠦ ᠣᠷᠣᠨ ᠤ ᠬᠤᠲᠠ ᠬᠥᠳᠡᠭᠡ ᠶᠢᠨ ᠨᠡᠶᠢᠭᠡᠮ ᠲᠣᠭᠤᠷᠢᠭ᠂ ᠨᠡᠶᠢᠭᠡᠮ ᠤᠨ ᠠᠵᠢᠯᠲᠠᠨ ᠪᠣᠯᠤᠨ | ᠰᠠᠶᠢᠨ ᠳᠤᠷᠠᠴᠤᠳ ᠲᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠠᠯᠳᠠᠪᠤᠷᠢᠯᠠᠯ ᠪᠤᠶᠤ ᠰᠠᠨᠠᠮᠰᠠᠷ ᠦᠭᠡᠢ | ᠠᠳᠡᠯ ᠭᠡᠮᠲᠦᠯ ᠠᠴᠠ ᠪᠣᠯᠵᠤ ᠨᠠᠰᠤ ᠪᠠᠷᠠᠭᠰᠠᠨ ᠪᠤᠶᠤ ᠵᠡᠮᠳᠡᠭ ᠪᠣᠯᠤᠭᠰᠠᠨ ᠲᠤᠰᠬᠠᠶ ᠳᠠᠭᠠᠳᠬᠠᠯ ᠢ ᠰᠦᠢᠳᠬᠡᠯ | ᠬᠤᠷᠢᠶᠠᠬᠤ ᠦᠭᠡᠶ ᠪᠠᠷ ᠬᠠᠩᠭᠠᠵᠤ᠂ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠᠬᠢ | ᠠᠰᠠᠭᠤᠳᠠᠯ ᠬᠦᠴᠢᠷᠳᠡᠯ ᠢ ᠴᠠᠭ ᠲᠤᠬᠠᠶ ᠳᠤᠨᠢ ᠬᠠᠪᠰᠤᠷᠤᠨ ᠰᠢᠢᠳᠪᠤᠷᠢᠯᠡᠵᠠᠢ᠃ ᠠᠷᠠᠳ ᠤᠨ ᠶᠠᠪᠤᠳᠠᠯ ᠤᠨ | ᠲᠢᠩᠬᠢᠮ ᠠᠴᠠ ᠦᠬᠠᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠳᠤ 300 ᠠᠮᠠᠪᠴᠢ ᠬᠠᠨᠳᠢᠪᠯᠠᠪᠠ᠃ | ᠠᠰᠠᠷᠠᠮᠵᠢ ᠶᠢᠨ ᠰᠤᠭᠤᠯᠤᠭ᠎ᠠ ᠶᠢᠨ ᠲᠠᠷᠬᠠᠭᠠᠯᠲᠠ ᠬᠠᠮᠢᠶᠠᠷᠤᠯᠲᠠ ᠶᠢᠨ ᠲᠥᠪ ᠢ ᠵᠢᠯᠣᠭᠤᠳᠤᠨ᠂ ᠥᠪᠡᠷᠲᠡᠭᠡᠨ | ᠵᠠᠰᠠᠬᠤ ᠣᠷᠣᠨ ᠤ ᠬᠢᠵᠢᠭ ᠡᠪᠡᠳᠴᠢᠨ ᠲᠠᠢ ᠤᠯᠤᠰ ᠤᠨ ᠳᠡᠰ ᠤᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ︵ | ᠮᠣᠷᠢᠨ ᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ︶ ᠳᠤ 30 ᠲᠦᠮᠡᠨ ᠲᠥᠭᠦᠷᠢᠭ | ᠵᠣᠭᠤᠰ ᠳᠤᠰᠠᠯᠠᠵᠠᠢ ᠃ ᠳᠥᠷᠪᠡᠳ ᠬᠤᠰᠢᠭᠤ᠂ ᠬᠤᠸᠠᠳᠧ ᠰᠢᠶᠠᠨ᠂ ᠯᠢᠨᠰᠢ ᠰᠢᠶᠠᠨ᠂ ᠮᠣᠷᠢᠨ ᠳᠠᠪᠠᠭ᠎ᠠ ᠳᠠᠭᠤᠷ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠵᠡᠷᠭᠡ ᠬᠢᠵᠢᠭ ᠡᠪᠡᠳᠴᠢᠨ ᠲᠠᠢ ᠤᠯᠤᠰ ᠤᠨ ᠲᠡᠰ ᠤᠨ ᠶᠠᠳᠠᠭᠤ | ᠬᠦᠴᠢᠷᠳᠡᠯᠲᠡᠶ ᠳᠥᠷᠪᠡᠨ ᠰᠢᠶᠠᠨ ᠳᠤ 230.48 ᠲᠦᠮᠡᠨ ᠲᠥᠭᠦᠷᠢᠭ ᠤᠨ ᠨᠢᠭᠦᠯᠡᠰᠦᠩᠭᠦᠶ ᠶᠢᠨ ᠬᠠᠨᠳᠢᠪᠯᠠᠭᠰᠠᠨ | ᠵᠣᠭᠤᠰ ᠥᠭᠪᠡ᠃ ᠰᠢᠯᠢ ᠶᠢᠨ ᠭᠤᠤᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠺᠠᠳ᠋ᠷ ᠠᠵᠢᠯᠲᠠᠨ ᠢᠶᠠᠨ | ᠵᠣᠬᠢᠶᠠᠨ ᠪᠠᠶᠢᠭᠤᠯᠵᠤ ᠦᠬᠠᠨ ᠤ ᠠᠷᠠᠳ ᠤᠨ ᠶᠠᠪᠤᠳᠠᠯ ᠤᠨ ᠰᠢᠰᠲ᠋ᠧᠮ ᠳᠤ 9.79 ᠲᠦᠮᠡᠨ ᠲᠥᠭᠦᠷᠢᠭ | ᠬᠠᠨᠳᠢᠪᠯᠠᠪᠠ᠃ ᠳᠥᠷᠪᠡ ᠳᠤ᠂ ᠠᠵᠢᠯ ᠤᠨ ᠰᠤᠷᠲᠠᠯ ᠢ ᠪᠣᠳᠠᠲᠠᠢ ᠠᠳᠬᠤᠵᠤ᠂ ᠦᠨᠳᠦᠰᠦᠨ ᠱᠠᠲᠤᠨ ᠤ | ᠳᠠᠷᠤᠭᠠᠰᠤ ᠶᠢ ᠦᠨᠡᠨ ᠬᠦ ᠬᠥᠩᠭᠡᠷᠡᠭᠦᠯᠪᠡ᠃ ᠳᠣᠷᠣᠭᠰᠢ ᠪᠠᠭᠤᠯᠭᠠᠭᠰᠠᠨ ᠪᠢᠴᠢᠭ ᠮᠡᠳᠡᠭᠳᠡᠯ ᠤᠳ ᠢ ᠲᠣᠪᠴᠢ | ᠠᠪᠰᠠᠷᠬᠠᠨ᠂ ᠬᠡᠷᠡᠭᠵᠢᠭᠦᠯᠬᠦ ᠳᠤ ᠲᠦᠬᠦᠮ ᠦᠢᠯᠠᠭᠠᠮᠵᠢᠲᠠᠢ ᠪᠣᠯᠭᠠᠭᠰᠠᠨ ᠪᠠᠶᠢᠨ᠎ᠠ᠃ ᠳᠠᠯᠳᠠᠭᠤᠷ ᠰᠤᠷᠪᠤᠯᠵᠢᠯᠠᠵᠤ | ᠪᠠᠶᠢᠴᠠᠭᠠᠯᠲᠠ ᠬᠢᠬᠦ ᠳᠤ ᠪᠠᠨ ᠴᠥᠮ ᠳᠦᠭᠦᠮ ᠬᠥᠩᠭᠡᠨ ᠶᠠᠪᠤᠵᠤ᠂ ᠮᠡᠳᠡᠭᠳᠡᠬᠦ ᠦᠭᠡᠢ᠂ ᠪᠠᠷᠠᠳᠠᠭᠤᠯᠬᠤ ᠦᠭᠡᠢ᠂ | ᠦᠨᠳᠦᠰᠦᠨ ᠱᠠᠲᠤᠨ ᠳᠤ ᠰᠢᠭᠤᠳ ᠰᠢᠯᠤᠭᠤᠨ ᠬᠦᠷᠴᠦ᠂ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠤ | ᠦᠭᠭᠦᠭᠰᠡᠨ ᠪᠠᠶᠢᠨ᠎ᠠ ᠃ | ᠬᠢᠵᠢᠭ ᠡᠭᠦᠰᠦᠭᠰᠡᠨ ᠠᠴᠠ ᠨᠠᠰᠢ᠂ ᠪᠥᠬᠦ ᠣᠷᠣᠨ ᠤ ᠡᠯ᠎ᠡ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠭᠤᠶᠤᠴᠢᠯᠠᠭᠰᠠᠨ 12125 ᠬᠥᠮᠦᠨ ᠤ 8689 ᠬᠦᠮᠤᠨ ᠢ ᠨᠢ ᠬᠢᠨᠠᠨ ᠵᠥᠪᠰᠢᠶᠡᠷᠡᠵᠦ ᠪᠠᠲᠤᠯᠠᠭ᠎ᠠ | ᠳᠤ ᠣᠷᠣᠭᠤᠯᠪᠠ︔ ᠣᠨᠴᠠ ᠬᠦᠴᠢᠷᠳᠡᠯᠲᠡᠶ 829 ᠬᠥᠮᠦᠨ ᠤ 718 ᠶᠢ ᠨᠢ ᠬᠢᠨᠠᠨ ᠵᠦᠪᠰᠢᠶᠡᠷᠡᠵᠤ | ᠪᠠᠲᠤᠯᠠᠪᠠ︔ ᠲᠦᠷ ᠴᠠᠭ ᠤᠨ ᠳᠤᠰᠠᠯᠠᠮᠵᠢ ᠭᠤᠶᠤᠴᠢᠯᠠᠭᠰᠠᠨ 60298 ᠬᠥᠮᠦᠨ ︵ᠤᠳᠠᠭ᠎ᠠ︶ ᠤ | 59284 ᠶᠢ ᠨᠢ ᠬᠢᠨᠠᠨ ᠵᠥᠪᠰᠢᠶᠡᠷᠡᠵᠦ ᠪᠠᠲᠤᠯᠠᠭᠠᠳ᠂ ᠨᠡᠶᠢᠲᠡ 4783.11 ᠲᠦᠮᠡᠨ ᠲᠥᠭᠦᠷᠢᠭ ᠤᠨ ᠲᠦᠷ | ᠴᠠᠭ ᠤᠨ ᠳᠤᠰᠠᠯᠠᠮᠵᠢ ᠶᠢᠨ ᠮᠥᠩᠭᠦ ᠲᠠᠷᠬᠠᠭᠠᠪᠠ᠃ ᠲᠡᠨᠦᠭᠦᠴᠢᠯᠡᠨ ᠭᠤᠶᠢᠷᠠᠨᠴᠢᠳ ᠢ 662 ᠬᠥᠮᠦᠨ ︵ᠤᠳᠠᠭ᠎ᠠ︶ | ᠂ ︵ᠡᠭᠦᠨ ᠳᠤ ᠥᠷᠲᠡᠭᠡᠨ ᠠᠴᠠ 637 ᠬᠥᠮᠦᠨ ᠤᠳᠠᠭ᠎ᠠ᠂ ᠥᠷᠲᠡᠭᠡᠨ ᠠᠴᠠ ᠭᠠᠳᠠᠨ᠎ᠠ 25 ᠬᠥᠮᠦᠨ ᠤᠳᠠᠭ᠎ᠠ︶ | ᠳᠤᠰᠠᠯᠠᠭᠰᠠᠨ ᠪᠦᠭᠡᠳ 5509 ᠬᠤᠣᠰ ᠬᠦᠮᠤᠨ ᠳᠤ ᠤᠷᠤᠭ ᠳᠠᠩᠰᠠᠯᠠᠭᠤᠯᠵᠤ᠂ ᠣᠷᠣᠰᠢᠭᠤᠯᠭ᠎ᠠ ᠶᠢᠨ | ᠦᠢᠯᠡᠴᠢᠯᠡᠭᠡ ᠶᠢ ᠴᠤ ᠴᠠᠭ ᠲᠤᠬᠠᠢ ᠳᠤᠨᠢ ᠪᠦᠲᠦᠮᠵᠢᠲᠡᠢ ᠦᠷᠨᠢᠭᠦᠯᠤᠭ᠍ᠰᠡᠨ ᠪᠠᠶᠢᠨ᠎ᠠ ᠃ | ᠳᠠᠷᠠᠭᠠᠴᠢ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠪᠢ ᠪᠠᠰᠠ ᠳᠦᠷᠪᠡᠨ ᠵᠦᠢᠯ ᠢ | ᠴᠢᠬᠤᠯᠠᠴᠢᠯᠠᠶ᠎ᠠ᠄ | ᠨᠢᠭᠡᠳᠤᠭᠡᠷ ᠲᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ | ᠲᠤᠤᠱᠯᠠᠭᠤᠯᠤᠨ ᠨᠠᠶᠢᠲᠠᠪᠤᠷᠢᠵᠢᠭᠤᠯᠵᠤ᠂ ᠬᠠᠯᠳᠠᠪᠤᠷᠢᠯᠠᠬᠤ ᠡᠬᠢ ᠶᠢ ᠦᠨᠡᠨ ᠬᠦ ᠬᠢᠵᠠᠭᠠᠷᠯᠠᠵᠤ᠂ ᠸᠢᠷᠦ᠋ᠰ ᠤᠨ | ᠬᠠᠯᠳᠠᠪᠤᠷᠢᠯᠠᠬᠤ ᠠᠷᠭ᠎ᠠ ᠵᠠᠮ ᠢ ᠲᠠᠰᠤᠯᠵᠤ᠂ ᠡᠯ᠎ᠡ ᠵᠦᠢᠯ ᠤᠨ ᠪᠣᠯᠤᠯᠴᠠᠭ᠎ᠠ ᠪᠦᠬᠦᠢ ᠬᠠᠯᠳᠠᠪᠤᠷᠢᠯᠠᠬᠤ ᠡᠬᠢ | ᠰᠤᠷᠪᠤᠯᠵᠢ ᠶᠢ ᠡᠷᠡᠰ ᠬᠤᠷᠢᠭᠯᠠᠬᠤ ᠬᠡᠷᠡᠭᠲᠡᠶ᠃ | ᠪᠢᠳᠡ ᠶᠡᠷᠦᠩᠬᠡᠶ ᠱᠦᠵᠢ ᠰᠢ ᠶᠢᠨ ᠫᠢᠩ ᠤᠨ 2.23 ᠤ ᠴᠢᠬᠤᠯᠠ ᠶᠠᠷᠢᠶ᠎ᠠ ᠪᠣᠯᠤᠨ 2.26 ᠤ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠠᠶ᠃ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠶᠠᠷᠢᠶᠠᠨ ᠤ ᠤᠭ ᠵᠣᠬᠢᠶᠠᠯ ᠢ ᠲᠡᠷᠡ ᠬᠡᠪ ᠢᠶᠠᠷ ᠨᠢ ᠰᠤᠷᠤᠯᠴᠠᠵᠤ᠂ ᠠᠷᠠᠳ ᠤᠨ | ᠶᠠᠪᠤᠳᠠᠯ ᠤᠨ ᠬᠦᠷᠢᠶ᠎ᠡ ᠬᠡᠪᠴᠢᠶᠡᠨ ᠤ ᠬᠢᠵᠢᠭ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠨ ᠤ ᠢᠯᠠᠯᠲᠠ ᠶᠢ | ᠣᠯᠬᠤ ᠶᠢ ᠨᠢᠭᠡ ᠤᠳᠠᠭᠠᠨ ᠤ ᠶᠡᠭᠡ ᠰᠢᠯᠭᠠᠯᠲᠠ ᠪᠣᠯᠭᠠᠵᠤ᠂ ᠵᠣᠷᠢᠭ ᠰᠠᠨᠠᠭᠠᠨ ᠤ ᠴᠢᠬᠤᠯᠠ ᠠᠭᠤᠯᠭ᠎ᠠ ᠶᠢ ᠬᠢᠨᠠᠮᠠᠭᠠᠶ | ᠰᠤᠷᠤᠯᠴᠠᠨ ᠣᠶᠢᠯᠠᠭᠠᠵᠤ᠂ ᠵᠣᠷᠢᠭ ᠰᠠᠨᠠᠭᠠᠨ ᠤ ᠮᠥᠨ ᠴᠢᠨᠠᠷ ᠢ ᠡᠵᠡᠮᠰᠢᠬᠦ ᠶᠢ ᠴᠢᠬᠤᠯᠠᠴᠢᠯᠠᠨ ᠂ ᠦᠵᠡᠯ ᠰᠠᠨᠠᠭ᠎ᠠ | ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ | ᠦᠨᠡᠨᠬᠦ ᠨᠢᠭᠡᠳᠬᠡᠵᠦ᠂ ᠲᠥᠪ ᠤᠨ ᠰᠢᠢᠳᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠢᠵᠢᠭ ᠢ | ᠰᠡᠷᠭᠡᠶᠢᠯᠡᠨ ᠡᠵᠡᠮᠳᠡᠬᠦ ᠪᠠ ᠠᠷᠠᠳ ᠤᠨ ᠶᠠᠪᠤᠳᠠᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠤᠯᠤᠰ | ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠤᠯᠠᠮ | ᠨᠢᠭᠡ ᠠᠯᠬᠤᠮ ᠨᠡᠮᠡᠭᠳᠡᠭᠦᠯᠬᠦ ᠶᠢ ᠵᠣᠷᠢᠪᠠ ᠃ | ᠶᠡᠷᠦᠩᠬᠡᠶ ᠱᠦᠵᠢ ᠰᠢ ᠶᠢᠨ ᠫᠢᠩ ᠤᠨ 2.23 ᠤ ᠴᠢᠬᠤᠯᠠ ᠶᠠᠷᠢᠶ᠎ᠠ ᠪᠠ 2.26 ᠤ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠲᠠᠢ | ᠬᠠᠷᠢᠴᠠᠭᠤᠯᠤᠨ ᠦᠵᠡᠵᠤ᠂ ᠶᠠᠮᠠᠷ ᠶᠠᠮᠠᠷ ᠠᠵᠢᠯ ᠢ ᠨᠢᠭᠡᠨᠲᠡ ᠨᠠᠶᠢᠲᠠᠪᠤᠷᠢᠵᠢᠭᠤᠯᠤᠭᠰᠠᠨ︖ ᠶᠠᠮᠠᠷ ᠶᠠᠮᠠᠷ ᠠᠵᠢᠯ ᠢ | ᠪᠠᠰᠠ ᠨᠠᠶᠢᠳᠠᠪᠤᠷᠢᠵᠢᠭᠤᠯᠤᠭᠠᠳᠤᠶ᠂ ᠶᠠᠮᠠᠷ ᠠᠰᠠᠭᠤᠳᠠᠯ ᠣᠷᠣᠰᠢᠵᠤ ᠪᠠᠶᠢᠬᠤ᠂ ᠲᠠᠷᠠᠭᠠᠴᠢ ᠪᠠᠷ ᠶᠠᠮᠠᠷ ᠶᠠᠮᠠᠷ ᠠᠷᠭ᠎ᠠ | ᠬᠡᠮᠵᠢᠶ᠎ᠡ ᠠᠪᠴᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠰᠠᠭᠤᠳᠠᠯ ᠤᠨ ᠨᠠᠷᠢᠨ | ᠲᠠᠩᠰᠠ᠂ ᠠᠷᠭ᠎ᠠ ᠬᠡᠮᠵᠢᠶ᠎ᠡ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠠᠶᠢᠭᠤᠯᠵᠤ᠂ | ᠠᠵᠢᠯ ᠤᠨ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠦᠨᠡᠨ ᠪᠣᠳᠠᠲᠠᠶ ᠳᠤᠭᠤᠰᠢᠯᠠᠭᠳᠠᠬᠤ ᠶᠢ | ᠪᠠᠲᠤᠯᠠᠵᠠᠢ ᠠᠬᠤ ᠬᠡᠷᠡᠭᠲᠠᠢ᠃ | ᠬᠤᠶᠠᠳᠤᠭᠠᠷ ᠲᠤ᠂ ᠡᠷᠬᠡᠪᠰᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠤ᠂ ᠦᠵᠡᠯ ᠰᠠᠨᠠᠭᠠᠨ ᠤ ᠮᠢᠨᠴᠤᠭᠦᠷᠡᠯ᠂ | ᠬᠠᠯᠠᠰᠢᠷᠠᠯ ᠂ ᠵᠠᠯᠬᠠᠭᠤᠷᠠᠯ᠂ ᠰᠤᠯᠠᠷᠠᠯ ᠢ ᠡᠷᠡᠰ ᠳᠡᠪᠴᠢᠬᠦ ᠬᠡᠷᠡᠭᠲᠡᠢ᠃ | ᠠᠳᠡ ᠪᠢ ᠣᠨᠴᠠᠭᠠᠶᠢᠯᠠᠨ ᠲᠠᠪᠤᠨ ᠱᠠᠭᠠᠷᠳᠠᠯᠭ᠎ᠠ ᠳᠤᠷᠠᠳᠤᠶ᠎ᠠ᠄ ᠨᠢᠭᠡ ᠳᠤ᠂ ᠨᠡᠩ ᠴᠢᠩᠭ᠎ᠠ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠭᠠᠳᠠᠨ᠎ᠠ ᠠᠴᠠ ᠬᠠᠯᠳᠠᠪᠤᠷᠢᠯᠠᠬᠤ ᠰᠡᠷᠭᠡᠶᠢᠯᠡᠬᠦ ᠬᠡᠷᠡᠭᠲᠡᠢ᠃ | ᠬᠤᠶᠠᠷ ᠲᠤ ᠬᠦᠮᠤᠨ ᠪᠦᠬᠦᠨ ᠴᠥᠮ ︽ᠮᠢᠨᠴᠦᠭᠦᠷᠡᠬᠦ ᠦᠭᠡᠢ᠂ ᠬᠠᠯᠠᠰᠢᠷᠠᠬᠤ ᠦᠭᠡᠢ᠂ ᠴᠦᠬᠦᠷᠡᠬᠦ ᠦᠭᠡᠢ᠂ | ᠰᠤᠯᠠᠷᠠᠬᠤ ᠦᠭᠡᠢ︾ ᠪᠠᠷ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠬᠤ ᠬᠡᠷᠡᠭᠲᠡᠶ᠃ ᠭᠤᠷᠪᠠ ᠳᠤ᠂ ᠪᠥᠬᠦ | ᠣᠷᠣᠨ ᠤ ᠪᠣᠶ ᠪᠥᠬᠦᠶ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠴᠢᠩᠭ᠎ᠠ ᠰᠡᠷᠭᠡᠶᠢᠯᠡᠨ | ᠰᠠᠬᠢᠵᠤ᠂ ᠪᠢᠲᠡᠭᠦᠮᠵᠢᠯᠡᠨ ᠬᠠᠮᠢᠶᠠᠷᠬᠤ ᠪᠠᠨ ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃ ᠳᠥᠷᠪᠡ ᠳᠤ᠂ | ᠬᠠᠮᠢᠶᠠᠷᠤᠯᠲᠠ᠂ ᠦᠢᠯᠡᠴᠢᠯᠡᠭᠡᠨ ᠤ ᠠᠵᠢᠯᠲᠠᠨ᠂ ᠠᠵᠢᠯᠴᠢᠨ ︽ᠭᠤᠷᠪᠠᠨ ᠲᠦᠷᠣᠯ ᠤᠨ ᠬᠦᠮᠤᠰ︾ ᠤᠨ | ᠬᠠᠮᠢᠶᠠᠷᠤᠯᠲᠠ ᠶᠢ ᠴᠢᠩᠭᠠᠳᠬᠠᠵᠤ᠂ ᠵᠢᠵᠢᠭᠦᠷ ᠢᠶᠠᠨ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠬᠢᠷᠠᠭᠤᠯᠬᠤ | ᠬᠡᠷᠡᠭᠲᠡᠶ᠃ ᠲᠠᠪᠤ ᠳᠤ᠂ ᠪᠥᠬᠦ ᠣᠷᠣᠨ ᠤ ᠪᠣᠶ ᠪᠥᠬᠦᠶ ᠠᠷᠠᠳ ᠠᠴᠠ ᠡᠷᠭᠢᠯᠡᠭᠰᠡᠨ ᠪᠠᠶᠢᠭᠤᠯᠤᠮᠵᠢ ᠶᠢᠨ ᠠᠵᠢᠯᠳᠠᠨ ᠢ | ᠴᠥᠮ ᠭᠡᠷ ᠲᠤ ᠨᠢ ᠬᠠᠷᠢᠭᠤᠯᠬᠤ ᠦᠭᠡᠢ ᠪᠠᠷ ᠪᠢᠲᠡᠭᠦᠮᠵᠢᠯᠡᠨ ᠬᠠᠮᠢᠶᠠᠷᠬᠤ ᠬᠡᠷᠡᠭᠲᠠᠢ ᠃ | ᠭᠤᠷᠪᠠᠳᠤᠭᠠᠷ ᠲᠤ᠂ ᠭᠤᠤᠯᠳᠠᠯᠭ᠎ᠠ ᠶᠢ ᠳᠣᠪᠤᠶᠢᠯᠭᠠᠨ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ | ᠂ ᠠᠵᠢᠯ ᠢᠶᠠᠨ ᠯᠠᠪᠳᠠᠭᠤᠨ ᠪᠠᠲᠤᠲᠠᠢ ᠨᠠᠶᠢᠲᠠᠪᠤᠷᠢᠵᠢᠭᠤᠯᠬᠤ ᠬᠡᠷᠡᠭᠲᠠᠢ᠃ | ᠨᠢᠭᠡ ᠳᠤ᠂ ᠨᠠᠰᠤᠲᠠᠶᠢᠴᠤᠳ ᠤᠨ ᠬᠦᠷᠢᠶᠡᠯᠡᠩ᠂ ᠨᠠᠰᠤᠲᠠᠳ ᠢ ᠠᠰᠠᠷᠠᠬᠤ ᠬᠦᠷᠢᠶᠡᠯᠡᠩ᠂ ᠵᠣᠯ ᠵᠢᠷᠭᠠᠯ ᠤᠨ | ᠬᠦᠷᠢᠶᠡᠯᠡᠩ᠂ ᠳᠤᠰᠠᠯᠠᠮᠵᠢ ᠶᠢᠨ ᠥᠷᠲᠡᠭᠡ᠂ ᠬᠡᠤᠬᠡᠳ ᠤᠨ ᠠᠰᠠᠷᠠᠮᠵᠢ ᠶᠢᠨ ᠬᠦᠷᠢᠶᠡᠯᠡᠩ᠂ ᠣᠶᠤᠨ ᠤ | ᠠᠰᠠᠷᠠᠮᠵᠢ ᠶᠢᠨ ᠬᠦᠷᠢᠶᠡᠯᠡᠩ ᠵᠡᠷᠭᠡ ᠡᠯ᠎ᠡ ᠲᠥᠷᠥᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠢᠲᠡᠭᠦᠮᠵᠢᠯᠡᠨ | ᠬᠠᠮᠢᠶᠠᠷᠬᠤ ᠶᠢ ᠴᠢᠩᠭᠠᠳᠬᠠᠨ᠎ᠠ᠃ ᠬᠤᠶᠠᠷ ᠲᠤ᠂ ᠳᠠᠯᠳᠠᠭᠤᠷ ᠰᠤᠷᠪᠤᠯᠵᠢᠯᠠᠵᠤ ᠪᠠᠶᠢᠴᠠᠭᠠᠬᠤ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠦᠮᠤᠰ ᠲᠤ | ᠬᠠᠯᠳᠠᠪᠤᠷᠢᠯᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠠᠢ᠃ ᠭᠤᠷᠪᠠ ᠳᠤ᠂ ᠨᠢᠭᠦᠯᠡᠰᠦᠩᠭᠦᠶ ᠶᠢᠨ | ᠬᠠᠨᠳᠢᠪᠯᠠᠨ ᠬᠦᠷᠭᠡᠬᠦ ᠠᠵᠢᠯ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠢᠯᠡ ᠲᠣᠳᠣ ᠪᠠᠶᠢᠬᠤ ᠶᠢ ᠦᠨᠡᠨᠬᠦ | ᠪᠠᠲᠤᠯᠠᠬᠤ ᠬᠡᠷᠡᠭᠲᠠᠢ᠃ ᠳᠥᠷᠪᠡ ᠳᠤ᠂ ᠨᠡᠶᠢᠭᠡᠮ ᠲᠣᠭᠤᠷᠢᠭ᠂ ᠨᠡᠶᠢᠭᠡᠮ ᠤᠨ ᠠᠵᠢᠯᠳᠠᠨ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠳᠠᠪᠠᠭᠤᠯᠢᠭ ᠢ ᠪᠠᠳᠠᠷᠠᠭᠤᠯᠵᠤ᠂ ᠬᠡᠷᠡᠭᠴᠡᠭᠡ ᠱᠠᠭᠠᠷᠳᠠᠯᠭ᠎ᠠ ᠳᠤ ᠪᠠᠨ ᠵᠣᠬᠢᠴᠠᠭᠤᠯᠤᠨ᠂ | ᠬᠢᠵᠢᠭ ᠢ ᠰᠡᠷᠭᠡᠶᠢᠯᠡᠨ ᠡᠵᠡᠮᠳᠡᠬᠦ ᠳᠤ ᠬᠠᠤᠯᠢ ᠶᠣᠰᠣᠭᠠᠷ ᠡᠮᠬᠢ ᠵᠢᠷᠤᠮ ᠲᠠᠢ ᠣᠷᠣᠯᠴᠠᠭᠤᠯᠬᠤ ᠬᠡᠷᠡᠭᠲᠠᠢ᠃ | ᠲᠠᠪᠤ ᠳᠤ᠂ ᠲᠤᠬᠠᠢ ᠶᠢᠨ ᠭᠠᠵᠠᠷ ᠤᠨ ᠬᠤᠯᠪᠣᠭᠠᠯᠠᠨ ᠰᠡᠷᠭᠡᠶᠢᠯᠡᠵᠦ ᠡᠵᠡᠮᠳᠡᠬᠦ ᠲᠣᠭᠲᠠᠴᠠ ᠪᠣᠯᠤᠨ ᠬᠢᠵᠢᠭ ᠢ | ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠢᠳᠡᠪᠬᠢᠲᠡᠢ᠂ ᠰᠠᠨᠠᠭᠠᠴᠢᠯᠠᠭ᠎ᠠ ᠲᠠᠢ ᠪᠠᠷ ᠬᠠᠷᠢᠭᠤ ᠮᠡᠳᠡᠭᠦᠯᠦᠯᠲᠡ | ᠬᠢᠬᠦ ᠬᠡᠷᠡᠭᠲᠠᠢ᠃ ᠵᠢᠷᠭᠤᠭ᠎ᠠ ᠳᠤ᠂ ᠠᠯᠪᠠᠨ ᠠᠴᠠ ᠡᠷᠬᠢᠯᠡᠭᠰᠡᠨ ᠪᠤᠰᠤ ᠨᠠᠰᠤᠲᠠᠨ ᠢ ᠠᠰᠠᠷᠠᠬᠤ ᠬᠦᠷᠢᠶᠡᠯᠡᠩ ᠤᠨ | ᠬᠠᠮᠢᠶᠠᠷᠤᠯᠲᠠ ᠪᠠᠨ ᠴᠢᠩᠭᠠᠳᠬᠠᠵᠤ᠂ ᠬᠢᠵᠢᠭ ᠤᠨ ᠬᠠᠯᠳᠠᠪᠤᠷᠢᠯᠠᠬᠤ ᠶᠢ ᠡᠷᠡᠰ ᠰᠡᠷᠭᠡᠶᠢᠯᠡᠬᠦ ᠬᠡᠷᠡᠭᠲᠡᠶ᠃ | ᠳᠥᠷᠪᠡᠳᠦᠭᠡᠷ ᠲᠤ᠂ 2.23 ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ 2.26 ᠤ ᠴᠢᠬᠤᠯᠠ | ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠨ | ᠡᠵᠡᠮᠳᠡᠬᠦ ᠪᠠ ᠠᠷᠠᠳ ᠤᠨ ᠶᠠᠪᠤᠳᠠᠯ ᠤᠨ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ | ᠬᠡᠷᠡᠭᠲᠠᠢ | ᠨᠢᠭᠡ ᠳᠤ᠂ ᠬᠦᠴᠢᠷᠳᠡᠯᠲᠡᠶ ᠬᠥᠮᠦᠰ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠵᠤ᠂ | ᠲᠦᠷ ᠴᠠᠭ ᠤᠨ ᠳᠤᠰᠠᠯᠠᠮᠵᠢ ᠶᠢᠨ ᠡᠷᠴᠢᠮ ᠢᠶᠠᠨ ᠴᠢᠩᠬᠠᠷᠠᠭᠤᠯᠵᠤ᠂ ᠨᠥᠬᠦᠴᠡᠯ ᠳᠤ ᠨᠡᠶᠢᠴᠡᠬᠦ ᠬᠦᠴᠢᠷᠳᠡᠯᠲᠡᠶ | ᠣᠯᠠᠨ ᠲᠦᠮᠡᠨ ᠢ ᠴᠠᠭ ᠲᠤᠬᠠᠶ ᠳᠤᠨᠢ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠬᠡᠷᠡᠭᠲᠠᠢ᠃ ᠬᠤᠶᠠᠷ ᠲᠤ᠂ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠦᠮᠤᠰ ᠤᠨ ᠭᠤᠶᠤᠴᠢᠯᠠᠯ ᠢ ᠬᠢᠨᠠᠨ | ᠬᠠᠷᠭᠤᠭᠤᠯᠵᠤ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠬᠦ ᠬᠡᠷᠡᠭᠲᠠᠢ᠃ ᠭᠤᠷᠪᠠ ᠳᠤ᠂ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠂ ᠵᠡᠮᠳᠡᠭᠴᠦᠳ ᠤᠨ ︽ᠬᠤᠶᠠᠷ ᠨᠥᠬᠦᠪᠥᠷᠢ︾᠂ | ᠥᠨᠥᠴᠢᠨ ᠬᠡᠤᠬᠡᠳ ᠤᠨ ᠨᠥᠬᠦᠪᠥᠷᠢ ᠵᠡᠷᠭᠡ ᠳᠤᠰᠠᠯᠠᠮᠵᠢ ᠶᠢᠨ ᠪᠠᠯᠠ ᠮᠦᠩᠭᠦ ᠣᠯᠭᠤᠬᠤ ᠠᠵᠢᠯ ᠢ ᠰᠠᠶᠢᠲᠤᠷ ᠬᠢᠵᠦ᠂ | ᠳᠤᠰᠠᠯᠠᠮᠵᠢ ᠶᠢᠨ ᠪᠡᠯᠡ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ ᠶᠢ ᠦᠨᠡᠨᠬᠦ ᠪᠠᠲᠤᠯᠠᠬᠤ | ᠬᠡᠷᠡᠭᠲᠡᠶ᠃ ᠳᠥᠷᠪᠡ ᠳᠤ᠂ ᠨᠡᠶᠢᠭᠡᠮ ᠤᠨ ᠳᠤᠰᠠᠯᠠᠮᠵᠢ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ | ᠥᠰᠥᠯᠲᠡ ᠯᠦᠭᠡ ᠬᠤᠯᠪᠣᠭᠳᠠᠭᠤᠯᠬᠤ ᠲᠣᠭᠲᠠᠴᠠ ᠶᠢ ᠡᠬᠢᠯᠡᠭᠦᠯᠬᠦ ᠬᠡᠷᠡᠭᠲᠠᠢ᠃ ᠲᠠᠪᠤ ᠳᠤ᠂ ᠣᠷᠤᠭ ᠳᠠᠩᠰᠠᠯᠠᠬᠤ ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠡᠩᠰᠡᠯᠡᠨ ᠬᠠᠮᠢᠶᠠᠷᠬᠤ᠂ ᠣᠷᠣᠰᠢᠭᠤᠯᠭ᠎ᠠ ᠶᠢᠨ ᠦᠢᠯᠡᠴᠢᠯᠡᠭᠡ ᠵᠡᠷᠭᠡ | ᠠᠵᠢᠯ ᠢ ᠰᠠᠶᠢᠲᠤᠷ ᠬᠢᠬᠦ ᠬᠡᠷᠡᠭᠲᠠᠢ᠃ | ᠬᠤᠶᠠᠳᠤᠭᠠᠷ ᠬᠡᠰᠡᠭ 2019 ᠣᠨ ᠤ ᠠᠵᠢᠯ ᠤᠨ ᠳ᠋ᠦᠩᠨᠡᠯᠲᠡ ᠪᠠ 2020 ᠣᠨ ᠤ ᠠᠵᠢᠯ ᠤᠨ | ᠪᠠᠶᠢᠷᠢᠯᠠᠭᠤᠯᠤᠯᠲᠠ ᠶᠢᠨ ᠳᠤᠬᠠᠢ | ᠨᠢᠭᠡ᠂ 2019 ᠣᠨ ᠤ ᠠᠵᠢᠯ ᠤᠨ ᠲᠣᠪᠴᠢ ᠡᠷᠭᠢᠴᠡᠭᠦᠯᠦᠯ | ︵ᠨᠢᠭᠡ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠭᠤᠰᠢᠯᠠᠭᠤᠯᠵᠤ᠂ ᠦᠵᠡᠯ ᠰᠠᠨᠠᠭ᠎ᠠ ᠤᠨᠤᠯ ᠢᠶᠠᠷ ᠵᠡᠪᠰᠡᠭᠯᠡᠬᠦ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ | ᠰᠢᠨ᠎ᠡ ᠦᠷ᠎ᠡ ᠪᠦᠲᠦᠮᠵᠢ ᠤᠯᠪᠠ᠃ | ᠨᠢᠭᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠠᠵᠢᠯ᠂ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠦᠢᠯᠠᠭᠠᠵᠤ᠂ | ᠬᠤᠯᠪᠣᠭᠳᠠᠭᠤᠯᠤᠨ ᠰᠤᠷᠤᠯᠴᠠᠵᠤ᠂ ᠪᠣᠳᠠᠲᠤ ᠪᠠᠶᠢᠳᠠᠯ ᠲᠠᠢ ᠤᠶᠠᠯᠳᠤᠭᠤᠯᠤᠨ ᠰᠤᠷᠤᠯᠴᠠᠬᠤ ᠶᠢᠨ ᠬᠠᠮᠲᠤ | ᠠᠷᠠᠳ ᠤᠨ ᠶᠠᠪᠤᠳᠠᠯ ᠤᠨ ᠡᠯ᠎ᠡ ᠵᠦᠢᠯ ᠤᠨ ᠠᠵᠢᠯ ᠢ ᠵᠢᠯᠣᠭᠤᠳᠤᠭᠤᠯᠵᠠᠢ᠃ ᠬᠤᠶᠠᠷ ᠲᠤ᠂ ᠤᠯᠤᠰ ᠲᠥᠷᠥ ᠶᠢᠨ | ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠵᠤ᠂ ᠪᠠᠶᠢᠭᠤᠯᠭ᠎ᠠ ᠶᠢᠨ ᠨᠠᠮ ᠤᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ︽ᠳᠥᠷᠪᠡᠨ ᠤᠬᠠᠮᠰᠠᠷ︾ | ᠢ ᠪᠠᠲᠤ ᠪᠠᠬᠢ ᠪᠣᠯᠭᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠦᠵᠡᠯ | ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠢ ᠴᠢᠩᠭᠠᠳᠬᠠᠵᠠᠢ᠃ | ᠭᠤᠷᠪᠠ ᠳᠤ᠂ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ | ᠰᠡᠳᠤᠪᠲᠤ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠠᠢ᠃ ᠳᠥᠷᠪᠡ ᠳᠤ᠂ ᠰᠤᠷᠲᠠᠯ ᠤᠨ ᠪᠠᠶᠢᠭᠤᠯᠤᠯᠲᠠ ᠶᠢ | ᠳᠠᠰᠤᠷᠠᠯᠲᠠ ᠦᠭᠡᠢ ᠴᠢᠩᠭᠠᠳᠬᠠᠵᠤ᠂ ᠲᠢᠩᠬᠢᠮ ᠤᠨ ᠪᠠᠶᠢᠭᠤᠯᠭ᠎ᠠ ᠳᠤ ︽ᠨᠢᠭᠡ ᠭᠦᠰᠤᠨᠤᠭ᠍ᠲᠤ ᠠᠴᠠ ᠦᠷ᠎ᠡ | ᠠᠰᠢᠭ᠂ ᠶᠠᠰᠤ ᠴᠢᠨᠠᠷ᠂ ᠬᠠᠷᠢᠭᠤᠴᠠᠯᠭ᠎ᠠ᠂ ᠣᠪᠣᠷ ᠰᠤᠷᠲᠠᠯ᠂ ᠠᠮᠵᠢᠯᠲᠠ ᠪᠦᠲᠦᠮᠵᠢ᠂ ᠬᠤᠪᠢ ᠨᠡᠮᠡᠷᠢ᠂ | ᠬᠠᠷᠢᠭᠤᠴᠠᠯᠭ᠎ᠠ ᠡᠭᠦᠷᠭᠡᠯᠡᠬᠦ᠂ ᠵᠢᠳᠬᠦᠯ ᠴᠢᠷᠮᠠᠶᠢᠯᠭ᠎ᠠ︾ ᠶᠢ ᠣᠯᠵᠤ ᠦᠵᠡᠬᠦ ︽ᠬᠢᠷᠢ ᠪᠦᠲᠦᠮᠵᠢ ᠶᠢᠨ ᠬᠠᠭᠤᠳᠠᠰᠤ︾ | ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠪᠠ᠃ ᠲᠠᠪᠤ ᠳᠤ᠂ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ | ᠭᠤᠣᠯ ᠰᠡᠳᠦᠪᠲᠦ ᠬᠥᠮᠦᠵᠢᠯ ᠤᠨ ᠪᠠᠶᠢᠴᠠᠭᠠᠨ ᠢᠯᠡᠷᠡᠭᠦᠯᠤᠭ᠍ᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ | ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠳᠤ | ᠳᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠯᠲᠠ ᠶᠢᠨ ᠦᠷ᠎ᠡ ᠪᠦᠲᠤᠭᠡᠯ ᠢ ᠬᠢᠨᠠᠨ ᠰᠢᠯᠭᠠᠬᠤ ᠳᠤ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠂ ᠲᠥᠪ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ | ᠰᠢᠪᠠᠳᠠᠨ ᠵᠢᠯᠣᠭᠤᠳᠬᠤ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠨᠡᠶᠢᠲᠡ ᠶᠢᠨ | ᠪᠤᠩᠬᠤᠨ ᠳᠤ ᠬᠢ ᠱᠠᠰᠢᠨ ᠤ ᠱᠤᠭᠤᠮᠠᠯ ᠢ ᠪᠠᠶᠢᠴᠠᠭᠠᠵᠤ ᠰᠢᠢᠳᠪᠦᠷᠢᠯᠡᠬᠦ ᠡᠭᠦᠷᠭᠡ ᠶᠢ ᠨᠡᠯᠢᠶᠡᠳ ᠰᠠᠶᠢᠨ | ᠪᠡᠶᠡᠯᠡᠭᠦᠯᠦᠭᠰᠡᠨ ᠪᠥᠭᠡᠳ ᠵᠣᠬᠢᠴᠠᠩᠭᠤᠢ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠪᠠ᠃ | ︵ᠬᠤᠶᠠᠷ︶ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠶ ︽ | ᠭᠤᠷᠪᠠ ᠳᠤ ᠠᠩᠬᠠᠷᠤᠯ ᠢᠶᠠᠨ ᠲᠦᠪᠯᠡᠷᠡᠭᠦᠯᠬᠦ︾ ︽ᠭᠤᠷᠪᠠ ᠶᠢ ᠨᠠᠩ ᠰᠠᠶᠢᠨ ᠭᠦᠢᠴᠡᠳᠬᠡᠬᠦ︾ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠵᠢᠯ ᠢ ᠲᠦᠯᠬᠢᠨ | ᠠᠬᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠪᠠ᠃ | 1᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠠᠷᠠᠳ ᠤᠨ ᠶᠠᠪᠤᠳᠠᠯ ᠤᠨ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠰᠠᠶᠢᠨ ᠪᠠᠳᠠᠷᠠᠭᠤᠯᠪᠠ ᠃ ᠨᠢᠭᠡ ᠳᠤ | ᠨᠠᠷᠢᠯᠢᠭ ᠣᠨᠣᠴᠠᠲᠠᠶ ᠱᠠᠭᠠᠷᠳᠠᠯᠭ᠎ᠠ ᠪᠠᠷ ᠨᠠᠭᠠᠳᠤ ᠵᠠᠬ᠎ᠠ ᠶᠢᠨ ᠪᠠᠲᠤᠯᠠᠭ᠎ᠠ ᠶᠢ ᠶᠠᠳᠠᠭᠤ ᠶᠢ ᠲᠡᠳᠬᠦᠬᠦ ᠲᠥᠷᠥ ᠶᠢᠨ | ᠪᠣᠳᠣᠯᠭ᠎ᠠ ᠲᠠᠢ ᠪᠦᠲᠦᠮᠵᠢᠲᠡᠶ ᠵᠣᠯᠭᠠᠭᠤᠯᠵᠤ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠶᠠᠳᠠᠭᠤ | ᠬᠦᠴᠢᠷᠳᠡᠯᠲᠡᠢ ᠬᠦᠮᠤᠰ ᠢ ᠲᠤᠰᠠᠯᠠᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠪᠦᠷᠢᠨ ᠪᠡᠶᠡᠯᠡᠭᠦᠯᠤᠭᠡᠳᠤᠢ | ᠪᠣᠯ ︽ᠪᠠᠷᠢᠮᠵᠢᠶ᠎ᠠ ᠳᠤ ᠬᠦᠷᠭᠡᠬᠦ︾ ᠲᠤᠰᠬᠠᠢ ᠠᠵᠢᠯᠯᠠᠭ᠎ᠠ ᠶᠢ ᠪᠣᠳᠠᠲᠠᠶᠢᠵᠢᠭᠤᠯᠤᠨ ᠂ ᠲᠠᠩᠰᠠ ᠺᠠᠷᠲ ᠲᠠᠢ ᠶᠠᠳᠠᠭᠤ | ᠬᠦᠴᠢᠷᠳᠡᠯᠲᠡᠶ ᠬᠦᠮᠤᠰ ᠤᠨ ᠳᠣᠲᠣᠷᠠᠬᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠥᠬᠦᠴᠡᠯ ᠳᠤ | ᠨᠡᠶᠢᠴᠡᠬᠦ ᠬᠥᠮᠦᠰ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠳᠤ ᠣᠷᠣᠭᠤᠯᠵᠠᠢ᠃ 2019 ᠣᠨ ᠤ | ᠡᠴᠦᠰ ᠪᠣᠯᠲᠠᠯ᠎ᠠ ᠪᠥᠬᠦ ᠣᠷᠣᠨ ᠤ ᠳᠠᠩᠰᠠᠯᠠᠵᠤ ᠺᠠᠷᠲᠯᠠᠭᠰᠠᠨ 39.18 ᠲᠦᠮᠡᠨ ᠶᠠᠳᠠᠭᠤ ᠬᠦᠴᠢᠷᠳᠡᠯᠲᠡᠶ ᠬᠦᠮᠤᠰ | ᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠣᠷᠣᠭᠤᠯᠪᠠ᠃ 2020 ᠣᠨ ᠤ 1 ᠳ᠋ᠤᠭᠡᠷ ᠰᠠᠷ᠎ᠠ | ᠪᠣᠯᠲᠠᠯ᠎ᠠ ᠪᠥᠬᠦ ᠣᠷᠣᠨ ᠤ ᠶᠠᠳᠠᠭᠤ ᠠᠴᠠ ᠠᠩᠭᠢᠵᠢᠷᠠᠭᠠᠳᠤᠶ 1.62 ᠲᠦᠮᠡᠨ ᠶᠠᠳᠠᠭᠤ ᠬᠦᠴᠢᠷᠳᠡᠯᠲᠡᠶ ᠬᠦᠮᠤᠰ ᠤᠨ | ᠳᠣᠲᠣᠷᠠᠬᠢ 1.03 ᠲᠦᠮᠡ ᠶᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠣᠷᠣᠭᠤᠯᠪᠠ᠃ ᠬᠤᠶᠠᠷ ᠲᠤ | ᠂ 1.45 ᠲᠦᠮᠡᠨ ᠲᠠᠩᠰᠠ ᠺᠠᠷᠲ ᠲᠠᠢ ᠶᠠᠳᠠᠭᠤ ᠬᠦᠴᠢᠷᠳᠡᠯᠲᠡᠶ ᠬᠦᠮᠤᠰ ᠢ ᠣᠨᠴᠠ ᠬᠦᠴᠢᠷᠳᠡᠯᠲᠡᠶ ᠬᠥᠮᠦᠰ ᠢᠶᠠᠷ | ᠲᠤᠰᠠᠯᠠᠵᠤ᠂ 1.4 ᠲᠦᠮᠡᠨ ᠲᠠᠩᠰᠠ ᠺᠠᠷᠲ ᠲᠠᠢ ᠶᠠᠳᠠᠭᠤ ᠬᠦᠴᠢᠷᠳᠡᠯᠲᠠᠢ ᠬᠦᠮᠤᠰ ᠲᠤ ᠲᠦᠷ ᠴᠠᠭ ᠤᠨ | ᠳᠤᠰᠠᠯᠠᠮᠵᠢ ᠣᠯᠭᠤᠪᠠ᠃ ᠭᠤᠷᠪᠠ ᠳᠤ᠂ ᠣᠨᠴᠠ ᠬᠦᠴᠢᠷᠳᠡᠯᠲᠡᠶ ᠭᠠᠵᠠᠷ ᠣᠷᠣᠨ ᠳᠤ ᠪᠠᠯᠠ ᠮᠥᠩᠭᠦ ᠶᠢ ᠢᠯᠡᠭᠦᠤ | ᠦᠭᠴᠤ᠂ 2019 ᠣᠨ ᠳᠤ ᠣᠨᠴᠠ ᠬᠦᠴᠢᠷᠳᠡᠯᠲᠡᠶ ᠭᠠᠵᠠᠷ ᠣᠷᠣᠨ ᠳᠤ ᠤᠤᠯ ᠤᠨ ᠬᠢᠨᠢ ᠰᠠᠭᠤᠷᠢᠨ ᠳᠡᠭᠡᠷ᠎ᠡ | ᠨᠥᠬᠦᠪᠥᠷᠢ ᠶᠢᠨ ᠪᠠᠯᠠ ᠮᠥᠩᠭᠦ ᠶᠢ 8622 ᠲᠦᠮᠡᠨ ᠲᠥᠭᠦᠷᠢᠭ ᠨᠡᠮᠡᠭᠳᠡᠭᠦᠯᠪᠡ᠃ ᠲᠦᠷᠪᠡ ᠳᠤ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢ ᠲᠠᠶᠢᠴᠢᠯᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ | ᠢᠳᠡᠪᠬᠢᠲᠡᠶ ᠣᠷᠣᠯᠴᠠᠭᠤᠯᠪᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠭᠠᠷ ᠬᠤᠯᠪᠣᠯᠴᠠᠬᠤ | ᠲᠥᠯᠥᠪᠯᠡᠭᠡ︾ ᠶᠢᠨ 64 ᠨᠡᠶᠢᠭᠡᠮ ᠤᠨ ᠠᠵᠢᠯ ᠤᠨ ᠬᠠᠮᠵᠢᠯᠴᠠᠭᠠᠨ ᠤ ᠲᠥᠷᠥᠯ ᠵᠦᠢᠯ ᠢ ᠪᠦᠷ ᠪᠡᠶᠡᠯᠡᠭᠦᠯᠪᠡ᠃ | 2᠂ ᠣᠨᠴᠠ ᠬᠦᠴᠢᠷᠳᠡᠯ ᠲᠠᠢ ᠬᠦᠮᠤᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷᠳᠡᠯᠲᠡᠢ ᠤᠯᠠᠨ | ᠲᠦᠮᠡᠨ ᠤ ᠦᠨᠳᠦᠰᠦᠨ ᠠᠮᠢᠳᠤᠷᠠᠯ ᠢ ᠪᠦᠲᠤᠮᠵᠢᠲᠠᠢ ᠪᠠᠲᠤᠯᠠᠪᠠ᠃ ᠨᠢᠭᠡ ᠳᠤ᠂ ᠬᠦᠴᠢᠷᠳᠡᠯᠲᠡᠶ ᠣᠯᠠᠨ ᠲᠦᠮᠡᠨ ᠤ | ᠳᠤᠰᠠᠯᠠᠮᠵᠢ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠠᠢ᠃ 2019 ᠣᠨ ᠳᠤ ᠬᠤᠲᠠ ᠬᠥᠳᠡᠭᠡ ᠶᠢᠨ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠰ ᠲᠣᠰ 6.9 % ᠪᠠ 6.6% ᠪᠠᠷ | ᠳᠡᠭᠡᠭᠰᠢᠯᠡᠭᠦᠯᠵᠦ᠂ ᠣᠨᠴᠠ ᠬᠦᠴᠢᠷᠳᠡᠯᠲᠡᠶ ᠬᠥᠮᠦᠰ ᠢ ᠳᠡᠳᠬᠦᠨ ᠲᠤᠰᠠᠯᠠᠵᠤ ᠠᠰᠠᠷᠠᠨ ᠬᠠᠷᠠᠭᠠᠯᠵᠠᠬᠤ ᠂ ᠥᠨᠥᠴᠢᠨ | ᠬᠡᠤᠬᠡᠳ ᠤᠨ ᠪᠠᠲᠤᠯᠠᠭ᠎ᠠ ᠂ ᠵᠡᠮᠳᠡᠭᠴᠦᠳ ᠤᠨ ︽ᠬᠤᠶᠠᠷ ᠨᠥᠬᠦᠪᠥᠷᠢ︾᠂ ︿︿ᠰᠣᠶᠣᠯ ᠤᠨ ᠬᠤᠪᠢᠰᠬᠠᠯ﹀﹀ ᠤᠨ | ︽ᠭᠤᠷᠪᠠᠨ ᠵᠦᠢᠯ ᠤᠨ ᠬᠦᠮᠤᠨ︾ ᠤ ᠨᠥᠬᠦᠪᠥᠷᠢ ᠵᠡᠷᠭᠡ ᠪᠠᠲᠤᠯᠠᠭ᠎ᠠ ᠶᠢᠨ ᠪᠠᠷᠢᠮᠵᠢᠶ᠎ᠠ ᠶᠢ ᠴᠥᠮ 2018 | ᠣᠨ ᠤ ᠬᠢ ᠠᠴᠠ ᠳᠡᠭᠡᠭᠰᠢᠯᠡᠭᠦᠯᠣᠭ᠍ᠰᠡᠨ ᠪᠠᠶᠢᠨ᠎ᠠ᠃ ᠬᠤᠶᠠᠷ ᠲᠤ᠂ ᠪᠥᠬᠦ ᠵᠢᠯ ᠳᠤ ᠬᠤᠲᠠ ᠬᠥᠳᠡᠭᠡ ᠶᠢᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠰᠡᠨ 164.35 ᠲᠦᠮᠡᠨ ᠬᠥᠮᠦᠨ᠂ ᠣᠨᠴᠠ ᠬᠦᠴᠢᠷᠳᠡᠯᠲᠡᠶ 9. | 43 ᠲᠦᠮᠡᠨ ᠬᠥᠮᠦᠨ᠂ ᠥᠨᠥᠴᠢᠨ ᠬᠡᠤᠬᠡᠳ 3989 ᠬᠦᠮᠤᠨ ᠤ ᠦᠨᠳᠤᠰᠤᠨ ᠠᠮᠢᠳᠤᠷᠠᠯ ᠢ ᠪᠠᠲᠤᠯᠠᠪᠠ᠃ 29. | 01 ᠲᠦᠮᠡᠨ ᠠᠮᠢᠳᠤᠷᠠᠯ ᠨᠢ ᠬᠦᠴᠢᠷᠳᠡᠯᠲᠡᠶ ᠵᠡᠮᠳᠡᠭᠴᠦᠳ ᠲᠤ ᠠᠮᠢᠳᠤᠷᠠᠯ ᠤᠨ ᠨᠥᠬᠦᠪᠥᠷᠢ ᠣᠯᠭᠤᠵᠤ᠂ 27.58 | ᠲᠦᠮᠡᠨ ᠬᠦᠨᠳᠦ ᠵᠡᠮᠲᠡᠭᠴᠤᠳ ᠲᠤ ᠰᠤᠪᠢᠯᠠᠯᠲᠠ ᠶᠢᠨ ᠨᠥᠬᠦᠪᠥᠷᠢ ᠣᠯᠭᠤᠪᠠ᠃ ᠭᠤᠷᠪᠠ ᠳᠤ᠂ ᠪᠥᠬᠦ ᠵᠢᠯ ᠳᠤ | ᠨᠡᠶᠢᠲᠡ 12.9 ᠲᠦᠮᠡᠨ ᠬᠥᠮᠦᠨ ︵ᠤᠳᠠᠭ᠎ᠠ︶ ᠳᠤ ᠲᠦᠷ ᠴᠠᠭ ᠤᠨ ᠳᠤᠰᠠᠯᠠᠮᠵᠢ ᠬᠢᠪᠡ᠃ ᠪᠦᠬᠦ ᠵᠢᠯ ᠳᠤ | ᠠᠮᠢᠳᠤᠷᠠᠯ ᠤᠨ ᠲᠦᠰᠢᠭ ᠦᠭᠡᠢ ᠲᠡᠨᠦᠭᠦᠯ ᠭᠤᠶᠢᠷᠠᠨᠴᠢ 1.2 ᠲᠦᠮᠡᠨ ᠬᠥᠮᠦᠨ ︵ᠤᠳᠠᠭ᠎ᠠ︶ ᠢ ᠳᠤᠰᠠᠯᠠᠪᠠ᠃ | ᠲᠦᠷᠪᠡ ᠳᠤ᠂ ᠨᠡᠶᠢᠭᠡᠮ ᠤᠨ ᠳᠤᠰᠠᠯᠠᠮᠵᠢ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ | ᠥᠰᠥᠯᠲᠡ ᠲᠠᠢ ᠬᠤᠯᠪᠣᠭᠳᠠᠭᠤᠯᠬᠤ ᠲᠣᠭᠲᠠᠴᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠠᠢ᠃ ᠲᠠᠪᠤ ᠳᠤ᠂ | 2019 ᠣᠨ ᠤ 9 ᠳ᠋ᠤᠭᠡᠷ ᠰᠠᠷ᠎ᠠ ᠳᠤ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠠᠴᠠ | ᠥᠷᠨᠢᠭᠦᠯᠦᠭᠰᠡᠨ ᠬᠦᠴᠢᠷᠳᠡᠯᠲᠡᠶ ᠣᠯᠠᠨ ᠲᠦᠮᠡᠨ ᠢ ᠲᠤᠰᠠᠯᠠᠬᠤ ᠠᠵᠢᠯ ᠤᠨ ᠠᠮᠵᠢᠯᠲᠠ ᠪᠦᠲᠤᠮᠵᠢ ᠶᠢᠨ | ᠦᠨᠡᠯᠡᠯᠲᠡ ᠳᠤ ᠮᠠᠨ ᠤ ᠣᠷᠣᠨ ᠶᠡᠷᠦᠩᠬᠡᠶ ᠬᠤᠪᠢ ᠶᠢᠨ ᠨᠢᠭᠡᠳᠦᠭᠡᠷ ᠬᠢᠷᠢ ᠪᠦᠲᠦᠮᠵᠢ ᠪᠠᠷ ︽ᠰᠢᠯᠢᠳᠡᠭ ᠲᠠᠰ︾ | ᠢᠶᠠᠷ ᠦᠨᠡᠯᠡᠭᠳᠡᠪᠡ᠃ | 3᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠨᠡᠶᠢᠭᠡᠮ ᠤᠨ ᠦᠨᠳᠦᠰᠦᠨ ᠦᠢᠯᠡᠴᠢᠯᠡᠭᠡ ᠪᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ | ᠢᠶᠠᠨ ᠳᠠᠰᠤᠷᠠᠯ ᠦᠭᠡᠢ ᠳᠡᠭᠡᠭᠰᠢᠯᠡᠭᠦᠯᠦᠭᠰᠡᠨ ᠪᠠᠶᠢᠨ᠎ᠠ᠃ ᠨᠢᠭᠡ ᠳᠤ᠂ ᠨᠠᠰᠤᠲᠠᠳ ᠢ ᠠᠰᠠᠷᠠᠬᠤ ᠬᠦᠷᠢᠶᠡᠯᠡᠩ ᠤᠨ | ᠦᠢᠯᠡᠴᠢᠯᠡᠭᠡᠨ ᠤ ᠶᠠᠰᠤ ᠴᠢᠨᠠᠷ ᠤᠨ ᠪᠠᠶᠢᠭᠤᠯᠤᠯᠲᠠ ᠶᠢᠨ ᠲᠤᠰᠬᠠᠶ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠪᠥᠬᠦ | ᠣᠷᠣᠨ ᠤ ᠨᠠᠰᠤᠲᠠᠳ ᠢ ᠠᠰᠠᠷᠠᠬᠤ ᠬᠦᠷᠢᠶᠡᠯᠡᠩ ᠤᠨ ᠵᠤᠤᠬ᠎ᠠ ᠶᠢᠨ ᠳᠤᠯᠠᠭᠠᠯᠠᠭ᠎ᠠ ᠪᠠ ᠬᠠᠭᠤᠷᠠᠶ ᠵᠣᠷᠯᠣᠩ ᠢ ᠪᠦᠷ | ᠦᠭᠡᠶᠢᠰᠬᠡᠵᠠᠢ᠃ 2019 ᠣᠨ ᠳᠤ ᠪᠥᠬᠦ ᠣᠷᠣᠨ ᠳᠤ ᠨᠡᠶᠢᠭᠡᠮ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ 54 ᠨᠡᠮᠡᠭᠳᠡᠵᠦ᠂ 6485 ᠰᠢᠨ᠎ᠡ ᠣᠷᠣ ᠨᠡᠮᠡᠭᠳᠡᠪᠡ︔ ᠲᠠᠷᠢᠶᠠᠯᠠᠬᠤ ᠮᠠᠯᠵᠢᠬᠤ ᠣᠷᠣᠨ ᠤ | ᠨᠠᠰᠤᠲᠠᠶᠢᠴᠤᠳ ᠤᠨ ᠠᠰᠠᠷᠠᠮᠵᠢ ᠶᠢᠨ ᠣᠷᠣ ᠶᠢ 5307 ᠨᠡᠮᠡᠭᠳᠡᠭᠦᠯᠪᠡ᠃ ᠬᠤᠶᠠᠷ ᠲᠤ᠂ ᠨᠡᠶᠢᠭᠡᠮ ᠲᠣᠭᠤᠷᠢᠭ ᠪᠠ | ᠭᠡᠷ ᠲᠡᠭᠡᠨ ᠰᠠᠭᠤᠵᠤ ᠪᠠᠶᠢᠭ᠎ᠠ ᠨᠠᠰᠤᠲᠠᠳ ᠢ ᠠᠰᠠᠷᠠᠬᠤ ᠦᠢᠯᠡᠴᠢᠯᠡᠭᠡ ᠶᠢ ᠭᠤᠣᠯᠳᠠᠯᠭ᠎ᠠ ᠲᠠᠢ ᠠᠬᠢᠭᠤᠯᠵᠤ᠂ ︽ | ᠬᠡᠷ ᠲᠡᠭᠡᠨ ᠪᠠ ᠨᠡᠶᠢᠭᠡᠮ ᠲᠣᠭᠤᠷᠢᠭ ᠲᠤ ᠬᠢ ᠨᠠᠰᠤᠲᠠᠳ ᠢ ᠠᠰᠠᠷᠠᠬᠤ ᠦᠢᠯᠡᠴᠢᠯᠡᠭᠡᠨ ᠢ ᠲᠦᠷᠭᠡᠳᠬᠡᠨ | ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠨᠡᠶᠢᠲᠡᠯᠡᠵᠦ᠂ ᠬᠥᠬᠡᠬᠤᠲᠠ ᠶᠢ ᠳᠥᠷᠪᠡᠳᠦᠭᠡᠷ ᠪᠦᠯᠦᠭ ᠪᠦᠬᠦ | ᠤᠯᠤᠰ ᠤᠨ ᠨᠡᠶᠢᠭᠡᠮ ᠲᠣᠭᠤᠷᠢᠭ ᠲᠤ ᠪᠠ ᠬᠡᠷ ᠲᠡᠭᠡᠨ ᠰᠠᠭᠤᠭᠠᠳ ᠠᠰᠠᠷᠠᠭᠤᠯᠬᠤ ᠨᠠᠰᠤᠲᠠᠳ ᠢ ᠠᠰᠠᠷᠠᠬᠤ | ᠦᠢᠯᠡᠴᠢᠯᠡᠭᠡᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠪᠣᠯᠭᠠᠬᠤ ᠪᠠᠷ ᠴᠢᠷᠮᠠᠶᠢᠵᠤ ᠪᠣᠢ᠃ ᠭᠤᠷᠪᠠ ᠳᠤ | ᠰᠢᠯᠢ ᠶᠢᠨ ᠭᠤᠤᠯ ᠤᠨ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ᠂ ᠬᠢᠩᠭᠠᠨ ᠠᠶᠢᠮᠠᠭ ᠤᠨ ︽ᠨᠢᠭᠡ | ᠬᠦᠷᠢᠶᠡᠯᠡᠩ ᠬᠤᠶᠠᠷ ᠪᠠᠶᠢᠭᠤᠯᠤᠯ︾᠂ ᠡᠮᠨᠡᠬᠦ ᠠᠰᠠᠷᠠᠬᠤ ᠶᠢ ᠤᠶᠠᠯᠳᠤᠭᠤᠯᠤᠭᠰᠠᠨ ︽ᠳᠥᠷᠪᠡᠨ ᠵᠦᠢᠯ ᠤᠨ | ᠵᠠᠭᠪᠤᠷ︾ ᠵᠡᠷᠭᠡ ᠨᠠᠰᠤᠲᠠᠳ ᠢ ᠠᠰᠠᠷᠠᠬᠤ ᠦᠢᠯᠡᠴᠢᠯᠡᠭᠡᠨ ᠤ ᠬᠡᠯᠪᠡᠷᠢ ᠮᠠᠶ᠋ᠢᠭ ᠢ ᠦᠷᠭᠦᠯᠵᠢᠯᠡᠨ ᠳ᠋ᠦᠩᠨᠡᠵᠦ | ᠭᠠᠷᠭᠠᠪᠠ᠃ ᠪᠦᠬᠦ ᠣᠷᠣᠨ ᠤ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠲᠤᠷᠰᠢᠯᠭ᠎ᠠ ᠰᠣᠯᠢᠯᠴᠠᠬᠤ | ᠬᠤᠷᠠᠯ ᠢ ᠬᠤᠷᠠᠯᠳᠤᠭᠤᠯᠵᠤ᠂ ᠠᠷᠠᠳ ᠤᠨ ᠶᠠᠪᠤᠳᠠᠯ ᠤᠨ ᠶᠠᠮᠤᠨ ᠪᠣᠯᠤᠨ ᠬᠡᠰᠡᠭ ᠮᠣᠵᠢ ᠣᠷᠣᠨ ᠤ ᠬᠢᠨ | ᠬᠤᠷᠠᠯ ᠳᠤ ᠣᠷᠣᠯᠴᠠᠪᠠ᠃ ᠳᠥᠷᠪᠡ ᠳᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢ | ᠵᠢᠷᠤᠮᠵᠢᠭᠤᠯᠤᠨ ᠴᠢᠩᠭᠠᠳᠬᠠᠵᠤ᠂ ᠬᠠᠤᠯᠢ ᠳᠦᠷᠢᠮ ᠢ ᠵᠥᠷᠢᠴᠡᠨ ᠬᠤᠪᠢ ᠪᠠᠷ ᠢᠶᠠᠨ ︽ᠣᠷᠣᠨ ᠰᠠᠭᠤᠴᠠ ᠮᠠᠶ᠋ᠢᠭ | ︾ ᠤᠨ ᠤᠩᠭᠤᠨ ᠪᠠᠷᠢᠬᠤ ᠶᠢ ᠴᠡᠭᠴᠡᠯᠡᠨ᠂ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ | ᠰᠦᠢᠳᠬᠡᠯ ᠬᠤᠷᠢᠶᠠᠬᠤ ᠶᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠱᠠᠲᠤᠴᠢ ᠴᠢᠨᠠᠷᠲᠠᠶ ᠦᠷ᠎ᠡ ᠪᠦᠲᠦᠮᠵᠢ ᠣᠯᠪᠠ᠃ | ᠲᠠᠪᠤ ᠳᠤ᠂ ᠬᠤᠭᠤᠴᠠᠭ᠎ᠠ ᠰᠣᠯᠢᠬᠤ ᠰᠣᠩᠭᠤᠭᠤᠯᠢ ᠶᠢ ︽ᠡᠷᠭᠢᠵᠦ ᠬᠠᠷᠠᠵᠤ︾᠂ ᠨᠥᠬᠦᠴᠡᠯ ᠳᠤ ᠨᠡᠶᠢᠴᠡᠬᠦ ᠥᠬᠡᠶ | ᠭᠠᠴᠠᠭ᠎ᠠ ᠲᠣᠰᠬᠤᠨ ᠤ ᠵᠥᠪᠯᠡᠯ ᠤᠨ ᠬᠠᠷᠢᠭᠤᠴᠠᠯᠭᠠᠲᠠᠨ 350 ᠬᠥᠮᠦᠨ ᠢ ᠬᠢᠨᠠᠨ ᠪᠠᠶᠢᠴᠠᠭᠠᠵᠤ ᠴᠡᠪᠡᠷᠯᠡᠨ᠂ | ᠪᠦᠬᠦᠨ ᠢ ᠬᠠᠤᠯᠢ ᠲᠣᠭᠲᠠᠭᠠᠯ ᠶᠣᠰᠣᠭᠠᠷ ᠨᠥᠬᠦᠨ ᠰᠣᠩᠭᠤᠪᠠ᠃ ᠵᠢᠷᠭᠤᠭ᠎ᠠ ᠳᠤ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠬᠠᠮᠢᠶᠠᠷᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ᠂ | ᠨᠢᠭᠦᠯᠡᠰᠦᠩᠭᠦᠶ ᠶᠢᠨ ᠨᠡᠶᠢᠭᠡᠮ ᠤᠨ ᠠᠵᠢᠯᠲᠠᠨ ᠪᠠ ᠭᠠᠵᠠᠷ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷ᠎ᠡ ᠵᠡᠷᠭᠡ | ᠠᠵᠢᠯ ᠢ ᠪᠦᠬᠦ ᠲᠠᠯ᠎ᠠ ᠪᠠᠷ ᠠᠬᠢᠭᠤᠯᠪᠠ᠃ | ︵ᠭᠤᠷᠪᠠ︶ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠤᠭᠡᠨ ᠪᠠᠶᠢᠭᠤᠯᠬᠤ ᠡᠭᠦᠷᠭᠡ ᠬᠠᠷᠠᠯᠲᠠ ᠪᠠᠷ | ᠪᠠᠷᠢᠮᠵᠢᠶᠠᠯᠠᠵᠤ ᠂ ᠳᠤᠲᠠᠭᠤᠳᠠᠯ ᠢ ᠨᠥᠬᠦᠪᠥᠷᠢᠯᠡᠵᠦ ᠪᠠᠭᠤᠷᠠᠶ ᠶᠢ ᠬᠦᠴᠦᠷᠬᠡᠭᠵᠢᠭᠦᠯᠬᠦ ᠲᠠᠯ᠎ᠠ ᠪᠠᠷ ᠰᠢᠨ ᠡ ᠦᠷ᠎ᠡ | ᠪᠦᠲᠦᠮᠵᠢ ᠤᠯᠪᠠ᠃ | ᠨᠢᠭᠡ ᠳᠤ᠂ ᠪᠥᠬᠦ ᠣᠷᠣᠨ ᠤ 106 ᠨᠠᠰᠤᠲᠠᠳ ᠢ ᠠᠰᠠᠷᠠᠬᠤ ᠬᠦᠷᠢᠶᠡᠯᠡᠩ ᠤᠨ 121 ᠨᠡᠭᠦᠷᠡᠰᠤᠨ | ᠳᠤᠯᠠᠭᠠᠯᠭ᠎ᠠ ᠶᠢᠨ ᠵᠤᠤᠬ᠎ᠠ ᠪᠠ ᠬᠠᠭᠤᠷᠠᠶ ᠵᠣᠷᠯᠣᠩ ᠤᠨ ᠠᠰᠠᠭᠤᠳᠠᠯ ᠢ ᠪᠦᠬᠦᠨ ᠢ ᠥᠭᠡᠷᠡᠴᠢᠯᠡᠵᠦ ᠳᠠᠭᠤᠰᠬᠠᠪᠠ᠃ | ᠬᠤᠶᠠᠷ ᠲᠤ᠂ 2019 ᠣᠨ ᠳᠤ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠪᠠ ᠬᠢᠯᠢ ᠶᠢᠨ | ᠬᠤᠰᠢᠭᠤ ᠬᠤᠲᠠ ᠳᠤ 20 ᠨᠠᠰᠤᠲᠠᠳ ᠢ ᠠᠰᠠᠷᠠᠬᠤ ᠦᠢᠯᠡᠴᠢᠯᠡᠭᠡᠨ ᠤ ᠪᠡᠯᠡᠳᠬᠡᠯ ᠳᠦᠬᠦᠭᠡᠷᠤᠮᠵᠢ ᠪᠠᠶᠢᠭᠤᠯᠬᠤ ᠶᠢ | ᠳᠡᠮᠵᠢᠪᠡ᠃ ᠭᠤᠷᠪᠠ ᠳᠤ᠂ ᠪᠥᠬᠦ ᠵᠢᠯ ᠳᠤ 12 ᠤᠯᠤᠰ ᠤᠨ ᠳᠡᠰ ᠤᠨ ᠶᠠᠳᠠᠭᠤ ᠬᠦᠴᠢᠷᠳᠡᠯᠲᠡᠶ ᠬᠤᠰᠢᠭᠤ ᠰᠢᠶᠡᠨ | ᠪᠠ ᠬᠢᠯᠢ ᠶᠢᠨ ᠬᠤᠰᠢᠭᠤ ᠰᠢᠶᠠᠨ ᠤ ᠴᠢᠨᠲᠠᠷ ᠬᠠᠶᠢᠯᠭᠠᠬᠤ ᠳᠦᠬᠦᠭᠡᠷᠤᠮᠵᠢ ᠶᠢ ᠰᠢᠨᠡᠳᠬᠡᠨ ᠥᠭᠡᠷᠡᠴᠢᠯᠡᠪᠡ᠃ | ᠳᠥᠷᠪᠡ ᠳᠤ᠂ ᠨᠠᠰᠤᠲᠠᠳ ᠢ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ | ᠳᠦᠪᠰᠢᠨ ᠤ ᠠᠰᠠᠭᠤᠳᠠᠯ ᠢ ᠵᠢᠭᠰᠠᠭᠠᠨ ᠪᠠᠶᠢᠴᠠᠭᠠᠵᠦ᠂ 52 ᠠᠮᠤᠷ ᠲᠦᠪᠰᠢᠨ ᠤ ᠳᠠᠯᠳᠠ ᠭᠡᠮ ᠢ ᠪᠦᠬᠦᠨ ᠢ | ᠴᠡᠭᠴᠡᠯᠡᠨ ᠵᠠᠰᠠᠪᠠ᠃ | ︵ᠲᠦᠷᠪᠡ︶ ᠥᠭᠡᠷᠡᠴᠢᠯᠡᠯᠲᠡ ᠰᠢᠨᠡᠴᠢᠯᠡᠯᠲᠡ ᠶᠢᠨ ᠠᠵᠢᠯ ᠰᠢᠨ᠎ᠡ ᠦᠷ᠎ᠡ ᠪᠦᠲᠦᠮᠵᠢ ᠤᠯᠪᠠ᠃ | ᠨᠢᠭᠡ ᠳᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠠᠢ᠃ ᠬᠤᠶᠠᠷ ᠲᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ 2019 ᠣᠨ ᠳᠤ ᠠᠷᠠᠳ ᠤᠨ ᠶᠠᠪᠤᠳᠠᠯ ᠤᠨ ᠲᠢᠩᠬᠢᠮ ᠤᠨ ᠡᠷᠬᠡ | ᠬᠠᠷᠢᠭᠤᠴᠠᠯᠭ᠎ᠠ ᠶᠢᠨ 87 ᠵᠦᠢᠯ ᠢ 25 ᠪᠣᠯᠭᠠᠨ ᠪᠠᠭᠠᠰᠬᠠᠪᠠ᠃ ᠭᠤᠷᠪᠠ ᠳᠤ᠂ ᠪᠤᠭᠤᠲᠤ ᠬᠤᠲᠠ ᠶᠢᠨ ᠴᠢᠩᠱᠠᠨ | ᠲᠣᠭᠤᠷᠢᠭ᠂ ᠬᠦᠨᠳᠡᠯᠡᠨ ᠲᠣᠭᠤᠷᠢᠭ᠂ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ᠂ ᠡᠷᠢᠶᠡᠨ ᠬᠤᠲᠠ ᠶᠢᠨ | ᠨᠡᠶᠢᠭᠡᠮ ᠲᠣᠭᠤᠷᠢᠭ ᠤᠨ ᠵᠠᠰᠠᠯᠲᠠ ᠪᠠ ᠦᠢᠯᠡᠴᠢᠯᠡᠭᠡᠨ ᠤ ᠰᠢᠨᠡᠴᠢᠯᠡᠯᠲᠡ ᠶᠢᠨ ᠲᠤᠷᠰᠢᠯᠭ᠎ᠠ ᠶᠢ ᠦᠷᠭᠦᠯᠵᠢᠯᠡᠨ | ᠳᠡᠯᠭᠡᠷᠡᠭᠦᠯᠵᠦ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠸᠠᠨ ᠴᠢᠩ ᠵᠠᠮ ᠤᠨ ᠵᠡᠭᠡᠯᠢ ᠭᠤᠳᠤᠮᠵᠢ ᠶᠢᠨ | ᠴᠦᠨ ᠭᠤᠸᠠᠩ ᠨᠡᠶᠢᠭᠡᠮ ᠲᠣᠭᠤᠷᠢᠭ ᠤᠨ ︽ᠲᠠᠪᠤ ᠶᠢ ᠨᠢᠭᠡᠲᠤᠭᠦᠯᠤᠭ᠍ᠰᠡᠨ︾ ᠠᠷᠠᠳᠴᠢᠯᠠᠯ ᠢᠶᠠᠷ ᠵᠥᠪᠳᠡᠯᠴᠡᠬᠦ | ᠨᠡᠶᠢᠭᠡᠮ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠠᠩᠬᠠᠳᠤᠭᠠᠷ ᠬᠤᠭᠤᠴᠠᠭᠠᠨ ᠤ ︽ᠳᠤᠮᠳᠠᠳᠤ | ᠤᠯᠤᠰ ᠤᠨ ᠬᠤᠲᠠ ᠶᠢᠨ ᠵᠠᠰᠠᠯᠲᠠ ᠶᠢᠨ ᠰᠢᠨ᠎ᠡ ᠶᠢ ᠡᠭᠦᠳᠦᠭᠰᠡᠨ ᠱᠠᠩᠨᠠᠯ︾ ᠤᠨ ᠨᠡᠷ᠎ᠡ ᠳᠤ ᠣᠷᠣᠭᠰᠠᠨ ᠱᠠᠩᠨᠠᠯ ᠢ | ᠭᠥᠷᠳᠡᠪᠡ᠃ ᠪᠥᠬᠦ ᠵᠢᠯ 28 ᠨᠠᠰᠤᠲᠠᠳ ᠢ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠳᠤ ︽ᠠᠯᠪᠠᠨ ᠠᠴᠠ | ᠡᠷᠬᠢᠯᠡᠵᠤ ᠠᠷᠠᠳ ᠠᠴᠠ ᠡᠵᠡᠩᠨᠡᠬᠦ︾ ᠥᠭᠡᠷᠡᠴᠢᠯᠡᠯᠲᠡ ᠬᠢᠵᠠᠢ᠃ ᠮᠠᠨ ᠤ ᠣᠷᠣᠨ ᠤ 12349 ᠠᠷᠠᠳ ᠲᠤ | ᠲᠥᠬᠦᠮ ᠦᠵᠡᠭᠦᠯᠵᠦ ᠨᠠᠰᠤᠲᠠᠶᠢᠴᠤᠳ ᠲᠤ ᠦᠢᠯᠡᠴᠢᠯᠡᠬᠦ ᠮᠡᠳᠡᠭᠡ ᠵᠠᠩᠭᠢ ᠶᠢᠨ ᠲᠠᠪᠴᠠᠩ ᠢ ᠤᠯᠤᠰ ᠤᠨ ᠠᠵᠤ | ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠥᠬᠦ ᠤᠯᠤᠰ ᠤᠨ ᠬᠤᠶᠠᠳᠤᠭᠠᠷ ᠪᠦᠯᠦᠭ ᠣᠶᠤᠨᠴᠢ ᠡᠷᠡᠭᠦᠯ ᠮᠡᠨᠳᠦ | ᠶᠢᠨ ᠨᠠᠰᠤᠵᠢᠯ ᠤᠨ ᠠᠰᠠᠷᠠᠮᠵᠢ ᠶᠢᠨ ᠬᠡᠷᠡᠭᠯᠡᠭᠡᠨ ᠤ ᠲᠤᠷᠰᠢᠯᠲᠠ ᠶᠢᠨ ᠴᠢᠭ ᠪᠣᠯᠭᠠᠪᠠ᠃ | ᠰᠢᠨ᠎ᠡ ᠪᠠᠶᠢᠳᠠᠯ᠂ ᠰᠢᠨ᠎ᠡ ᠡᠭᠦᠷᠭᠡ ᠪᠣᠯᠤᠨ ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠪᠠᠯ᠂ ᠮᠠᠨ ᠤ ᠠᠵᠢᠯ ᠳᠤ | ᠪᠠᠰᠠ ᠡᠳᠦᠶ ᠲᠡᠳᠦᠶ ᠳᠤᠲᠠᠭᠤ ᠪᠠᠭᠤᠷᠠᠶ ᠲᠠᠯ᠎ᠠ ᠣᠷᠣᠰᠢᠵᠤ ᠪᠣᠢ᠄ ᠨᠢᠭᠡ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ | ᠰᠢᠰᠲ᠋ᠧᠮ ᠲᠠᠢ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠨ ᠲᠤᠤᠱᠯᠠᠭᠤᠯᠬᠤ ᠲᠠᠯ᠎ᠠ ᠪᠠᠷ ᠪᠠᠰᠠ ᠭᠦᠢᠴᠡᠳ ᠥᠬᠡᠶ | ᠪᠠᠶᠢᠨ᠎ᠠ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠲᠠᠯ᠎ᠠ ᠪᠠᠷ ᠪᠠᠰᠠ | ᠵᠥᠷᠢᠶ᠎ᠡ ᠲᠠᠢ ᠪᠠᠶᠢᠨ᠎ᠠ᠃ ᠦᠵᠡᠯ ᠰᠠᠨᠠᠭ᠎ᠠ ᠲᠠᠢ ᠪᠠᠨ ᠤᠶᠠᠯᠳᠤᠭᠤᠯᠵᠤ᠂ ᠪᠣᠳᠠᠲᠤ ᠠᠵᠢᠯ ᠲᠠᠢ ᠪᠠᠨ | ᠤᠶᠠᠯᠳᠤᠭᠤᠯᠤᠨ ᠰᠤᠷᠤᠯᠴᠠᠵᠤ᠂ ᠠᠰᠠᠭᠤᠳᠠᠯ ᠢ ᠰᠢᠢᠳᠪᠤᠷᠢᠯᠡᠬᠦ ᠲᠠᠯ᠎ᠠ ᠪᠠᠷ ᠪᠠᠰᠠ ᠬᠦᠷᠦᠯᠴᠡᠬᠦ ᠦᠭᠡᠢ ᠪᠠᠶᠢᠨ᠎ᠠ᠃ | ᠬᠤᠶᠠᠷ ᠲᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠠᠷᠠᠳ ᠤᠨ ᠶᠠᠪᠤᠳᠠᠯ ᠤᠨ | ᠠᠵᠢᠯ ᠤᠨ ᠬᠦᠭᠵᠢᠯᠲᠡ ᠶᠢ ᠠᠬᠢᠭᠤᠯᠬᠤ ᠲᠠᠯ᠎ᠠ ᠪᠠᠷ ᠪᠠᠰᠠ ᠵᠥᠷᠢᠶ᠎ᠡ ᠲᠠᠢ ᠪᠠ ᠬᠦᠷᠦᠯᠴᠡᠬᠦ ᠦᠭᠡᠢ ᠪᠠᠶᠢᠨ᠎ᠠ᠃ | ᠭᠤᠷᠪᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠶᠠᠪᠤᠳᠠᠯ ᠤᠨ ᠬᠦᠷᠢᠶ᠎ᠡ | ᠴᠠᠷᠠᠭᠠᠨ ᠳᠠᠬᠢ ᠳᠤᠲᠠᠭᠤ ᠪᠠᠭᠤᠷᠠᠢ ᠪᠠᠨ ᠰᠠᠶᠢᠵᠢᠷᠠᠭᠤᠯᠬᠤ ᠲᠠᠯ᠎ᠠ ᠪᠠᠷ ᠪᠠᠰᠠ ᠬᠦᠷᠦᠯᠴᠡᠬᠦ ᠦᠭᠡᠢ ᠪᠠᠶᠢᠨ᠎ᠠ᠃ | ᠬᠤᠶᠠᠷ᠂ 2020 ᠣᠨ ᠤ ᠭᠤᠤᠯᠳᠠᠯᠭ᠎ᠠ ᠲᠠᠢ ᠡᠭᠦᠷᠭᠡ ᠶᠢᠨ ᠲᠤᠬᠠᠶ | ᠨᠢᠭᠡᠳᠦᠭᠡᠷ ᠲᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠤᠭᠡᠨ ᠪᠠᠶᠢᠭᠤᠯᠬᠤ ᠰᠢᠢᠳᠪᠦᠷᠢᠲᠦ ᠢᠯᠠᠯᠲᠠ | ᠶᠢᠨ ᠵᠢᠯ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠠᠷᠠᠳ ᠤᠨ ᠶᠠᠪᠤᠳᠠᠯ ᠤᠨ ᠦᠨᠳᠦᠰᠦᠨ ᠵᠦᠢᠯ ᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ | ᠬᠡᠷᠡᠭᠲᠡᠢ᠃ ᠨᠢᠭᠡ ᠳᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠨᠠᠷᠢᠯᠢᠭ ᠨᠠᠶᠢᠳᠠᠪᠤᠷᠢᠵᠢᠭᠤᠯᠬᠤ ᠪᠠ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠶᠠᠷ ᠵᠦᠢᠯ ᠤᠨ ᠠᠵᠢᠯ ᠢ ᠵᠦᠢ ᠵᠣᠬᠢᠰᠲᠠᠢ | ᠵᠣᠯᠭᠠᠯᠳᠤᠭᠤᠯᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ | ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠶᠠᠳᠠᠭᠤ ᠬᠦᠴᠢᠷᠳᠡᠯᠲᠡᠶ | ᠬᠦᠮᠤᠰ ᠤᠨ ᠦᠨᠳᠦᠰᠦᠨ ᠵᠦᠢᠯ ᠤᠨ ᠪᠠᠲᠤᠯᠠᠭ᠎ᠠ ᠳᠤ ᠬᠢᠨᠠᠯᠲᠠ ᠲᠠᠯᠪᠢᠨ᠂ ᠨᠢᠭᠡ ᠬᠥᠮᠦᠨ ᠨᠢᠭᠡ ᠡᠷᠦᠬᠡ ᠶᠢ ᠴᠤ | ᠬᠤᠴᠤᠷᠠᠭᠤᠯᠬᠤ ᠥᠬᠡᠶ ᠪᠠᠷ ᠪᠦᠭᠦᠳᠡ ᠶᠢ ᠪᠠᠲᠤᠯᠠᠨ᠎ᠠ᠃ ᠭᠤᠷᠪᠠ ᠳᠤ᠂ ᠭᠡᠷ ᠪᠦᠯᠢ ᠨᠢ ᠲᠦᠷ ᠴᠠᠭ ᠤᠨ | ᠴᠢᠨᠠᠷᠲᠠᠶ ᠬᠦᠴᠢᠷᠳᠡᠯ ᠳᠤ ᠲᠤᠯᠭᠠᠷᠠᠭᠰᠠᠨ ᠶᠠᠳᠠᠭᠤ ᠬᠦᠴᠢᠷᠳᠡᠯᠲᠡᠶ ᠬᠦᠮᠤᠰ ᠲᠤ ᠴᠠᠭ ᠲᠤᠬᠠᠶ ᠳᠤᠨᠢ ᠲᠦᠷ ᠴᠠᠭ | ᠤᠨ ᠳᠤᠰᠠᠯᠠᠮᠵᠢ ᠣᠯᠭᠤᠨ᠎ᠠ᠃ ᠲᠦᠷᠪᠡ ᠳᠤ᠂ ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠪᠠᠨ | ᠰᠤᠯᠠᠷᠠᠭᠤᠯᠬᠤ ᠦᠭᠡᠢ᠂ ᠶᠠᠳᠠᠭᠤ ᠠᠴᠠ ᠠᠩᠬᠢᠵᠢᠷᠠᠭᠰᠠᠨ ᠴᠤ ᠬᠠᠪᠰᠤᠷᠤᠨ ᠲᠡᠳᠬᠦᠬᠦ ᠪᠠᠨ ᠵᠣᠭᠰᠣᠭᠠᠬᠤ ᠦᠭᠡᠢ᠂ | ᠶᠠᠳᠠᠭᠤ ᠠᠴᠠ ᠠᠩᠭᠢᠵᠢᠷᠠᠭᠰᠠᠨ ᠴᠤ ᠲᠦᠷᠦ ᠶᠢᠨ ᠪᠤᠳᠤᠯᠭ᠎ᠠ ᠪᠠᠨ ᠬᠤᠪᠢᠷᠭᠠᠬᠤ ᠦᠭᠡᠢ ᠂ ᠶᠠᠳᠠᠭᠤ ᠠᠴᠠ | ᠠᠩᠭᠢᠵᠢᠷᠠᠭᠰᠠᠨ ᠴᠤ ᠬᠢᠨᠠᠯᠲᠠ ᠬᠠᠮᠢᠶᠠᠷᠤᠯᠲᠠ ᠠᠴᠠ ᠰᠠᠯᠭᠠᠬᠤ ᠦᠭᠡᠢ ᠪᠠᠶᠢᠬᠤ ᠶᠢ ᠪᠠᠷᠢᠮᠲᠠᠯᠠᠨ᠎ᠠ᠃ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ︽ᠠᠭᠠᠵᠢᠮ ᠢᠶᠠᠷ ᠤᠬᠤᠷᠢᠵᠤ ᠭᠠᠷᠬᠤ︾ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠦᠨᠳᠦᠰᠦᠨ ᠵᠦᠢᠯ ᠢ ᠰᠠᠶᠢᠲᠤᠷ ᠪᠠᠲᠤᠯᠠᠬᠤ ᠬᠡᠷᠡᠭᠲᠡᠶ᠃ | ᠲᠠᠪᠤ ᠳᠤ᠂ ᠠᠷᠠᠳ ᠤᠨ ᠶᠠᠪᠤᠳᠠᠯ ᠤᠨ ᠲᠢᠩᠬᠢᠮ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠠᠷᠠᠳ ᠤᠨ | ᠶᠠᠪᠤᠳᠠᠯ ᠤᠨ ᠲᠦᠷᠦ ᠶᠢᠨ ᠪᠤᠳᠤᠯᠭ᠎ᠠ ᠶᠢᠨ ᠪᠡᠯᠡ ᠮᠥᠩᠭᠦ ᠶᠢᠨ ᠲᠦᠷᠦᠯ ᠵᠦᠢᠯ ᠢ ᠣᠨᠴᠠ ᠬᠦᠴᠢᠷᠳᠡᠯᠲᠡᠢ ᠭᠠᠵᠠᠷ | ᠣᠷᠣᠨ ᠪᠠ ᠶᠠᠳᠠᠭᠤ ᠬᠦᠴᠢᠷᠳᠡᠯᠲᠡᠢ ᠤᠯᠠᠨ ᠲᠦᠮᠡᠨ ᠲᠡᠰᠢ ᠬᠡᠯᠪᠠᠶᠢᠯᠭᠡᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠤᠨ᠎ᠠ᠃ | ᠬᠤᠶᠠᠳᠤᠭᠠᠷ ᠲᠤ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠨᠢᠭᠡ ᠳᠤ ᠥᠪᠡᠷᠲᠡᠭᠡᠨ ᠵᠠᠰᠠᠬᠤ ᠣᠷᠣᠨ ᠤ ᠠᠵᠤ | ᠠᠬᠤᠢ ᠶᠢᠨ ᠬᠥᠭᠵᠢᠯᠲᠡ ᠶᠢᠨ ᠬᠢᠷᠢ ᠳᠦᠪᠰᠢᠨ ᠯᠦᠭᠡ ᠵᠣᠬᠢᠴᠠᠭᠤᠯᠵᠤ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠬᠠᠷᠠᠭᠠᠯᠵᠠᠬᠤ ᠵᠡᠷᠭᠡ ᠠᠷᠠᠳ ᠤᠨ | ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠬᠢᠷᠢ ᠳᠦᠪᠰᠢᠨ ᠢᠶᠠᠨ ᠵᠦᠶ ᠵᠣᠬᠢᠰᠲᠠᠢ ᠳᠡᠭᠡᠭᠰᠢᠯᠡᠭᠦᠯᠤᠨ᠎ᠠ᠃ | ᠬᠤᠰᠢᠭᠤ ᠰᠢᠶᠠᠨ ᠤ ᠬᠢᠨ ᠳᠡᠭᠡᠭᠰᠢ ᠮᠡᠳᠡᠭᠦᠯᠵᠦ ᠬᠢᠨᠠᠨ ᠵᠦᠪᠰᠢᠶᠡᠷᠡᠭᠦᠯᠬᠦ ᠠᠵᠢᠯ ᠢᠶᠠᠨ ᠰᠠᠶᠢᠲᠤᠷ ᠰᠢᠪᠠᠳᠠᠨ ᠬᠢᠬᠦ | ᠬᠡᠷᠡᠭᠲᠡᠶ᠃ ᠬᠤᠶᠠᠷ ᠲᠤ᠂ ᠬᠢᠵᠢᠭ ᠠᠴᠠ ᠪᠣᠯᠵᠤ᠂ ᠡᠪᠡᠳᠴᠢᠨ ᠠᠴᠠ ᠪᠣᠯᠵᠤ᠂ ᠭᠠᠮᠰᠢᠭ ᠠᠴᠠ ᠪᠣᠯᠵᠤ᠂ ᠵᠡᠮᠳᠡᠭ | ᠠᠴᠠ ᠪᠣᠯᠵᠤ᠂ ᠰᠤᠷᠤᠯᠭ᠎ᠠ ᠠᠴᠠ ᠪᠣᠯᠵᠤ ᠦᠨᠳᠦᠰᠦᠨ ᠠᠮᠢᠳᠤᠷᠠᠯ ᠨᠢ ᠬᠦᠴᠢᠷᠳᠡᠯ ᠳᠤ ᠤᠴᠠᠷᠠᠭᠰᠠᠨ ᠣᠯᠠᠨ | ᠲᠦᠮᠡᠨ ᠢ ᠴᠠᠭ ᠲᠤᠬᠠᠶ ᠳᠤᠨᠢ ᠳᠤᠰᠠᠯᠠᠬᠤ ᠬᠡᠷᠡᠭᠲᠠᠢ᠃ ᠭᠤᠷᠪᠠ ᠳᠤ᠂ ᠣᠨᠴᠠ ᠬᠦᠴᠢᠷᠳᠡᠯᠲᠡᠶ ᠬᠥᠮᠦᠰ᠂ | ᠥᠨᠥᠴᠢᠨ ᠬᠡᠤᠬᠡᠳ᠂ ᠪᠣᠳᠠᠲᠠᠶ ᠠᠰᠠᠷᠠᠨ ᠬᠠᠷᠠᠭᠠᠯᠵᠠᠬᠤ ᠬᠥᠮᠦᠨ ᠥᠬᠡᠶ ᠬᠡᠤᠬᠡᠳ ᠲᠤ ᠳᠤᠰᠠᠯᠠᠮᠵᠢ ᠶᠢᠨ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠢᠳᠠᠪᠤᠷᠢᠵᠢᠭᠤᠯᠤᠨ᠂ ᠵᠡᠮᠳᠡᠭᠴᠦᠳ ᠤᠨ ︽ᠬᠤᠶᠠᠷ ᠨᠥᠬᠦᠪᠥᠷᠢ︾ | ᠶᠢᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠳᠥᠷᠪᠡ ᠳᠤ ᠨᠡᠶᠢᠭᠡᠮ ᠤᠨ ᠳᠤᠰᠠᠯᠠᠮᠵᠢ ᠪᠠᠲᠤᠯᠠᠭ᠎ᠠ ᠶᠢᠨ | ᠪᠠᠷᠢᠮᠵᠢᠶ᠎ᠠ ᠶᠢ ᠡᠳ᠋ ᠪᠠᠷᠠᠭᠠᠨ ᠤ ᠦᠨ᠎ᠡ ᠦᠰᠤᠯᠲᠡ ᠲᠠᠢ ᠬᠤᠯᠪᠣᠭᠳᠠᠭᠤᠯᠬᠤ ᠲᠣᠭᠲᠠᠴᠠ ᠶᠢ ᠰᠠᠶᠢᠲᠤᠷ | ᠨᠠᠢᠳᠠᠪᠤᠷᠢᠵᠢᠭᠤᠯᠬᠤ ᠬᠡᠷᠡᠭᠲᠠᠢ᠃ ᠲᠠᠪᠤ ᠳᠤ᠂ ᠨᠡᠶᠢᠭᠡᠮ ᠤᠨ ᠳᠤᠰᠠᠯᠠᠮᠵᠢ ᠶᠢᠨ ᠠᠵᠢᠯ ᠤᠨ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ | ᠭᠤᠷᠪᠠᠳᠤᠭᠠᠷ ᠲᠤ᠂ ᠨᠡᠶᠢᠭᠡᠮ ᠤᠨ ᠦᠢᠯᠡᠴᠢᠯᠡᠭᠡ ᠪᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠢᠭᠡ ᠳᠤ᠂ ᠨᠠᠰᠤᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠶᠢ ᠲᠦᠷᠭᠡᠳᠬᠡᠨ ᠪᠠᠶᠢᠭᠤᠯᠤᠨ᠎ᠠ᠃ ᠣᠳᠣᠬᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠬᠠᠩᠭᠠᠯᠭ᠎ᠠ ᠪᠣᠯᠤᠨ ᠬᠡᠷᠡᠭᠴᠡᠭᠡᠨ ᠳᠤ ᠣᠷᠣᠰᠢᠵᠤ ᠪᠠᠶᠢᠭ᠎ᠠ ᠪᠦᠲᠦᠴᠡ ᠶᠢᠨ ᠴᠢᠨᠠᠷᠲᠠᠶ ᠵᠥᠷᠢᠴᠡᠯ ᠢ ᠬᠦᠴᠦᠯᠡᠨ | ᠰᠢᠢᠳᠪᠤᠷᠢᠯᠡᠨ᠎ᠡ᠃ ᠬᠤᠶᠠᠷ ᠲᠤ᠂ ᠲᠥᠷᠥᠯ ᠬᠤᠪᠢᠶᠠᠨ ᠵᠢᠯᠣᠭᠤᠳᠴᠤ᠂ ᠠᠷᠠᠳ ᠠᠴᠠ ᠡᠷᠬᠢᠯᠡᠭᠰᠡᠨ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠴᠢᠳᠠᠮᠵᠢ ᠶᠢ ᠲᠡᠭᠦᠯᠳᠡᠷᠵᠢᠭᠦᠯᠤᠨ᠂ ᠦᠢᠯᠡᠴᠢᠯᠡᠭᠡ ᠶᠢ ᠨᠢ ᠰᠢᠯᠢᠳᠡᠭᠵᠢᠭᠦᠯᠦᠨ᠎ᠡ | ᠃ ᠭᠤᠷᠪᠠ ᠳᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠠᠯᠠᠪᠤᠷ ᠪᠠ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠠᠳᠬᠤᠵᠤ᠂ ᠬᠥᠬᠡᠬᠤᠲᠠ᠂ ᠪᠤᠭᠤᠲᠤ᠂ ᠦᠬᠠᠢ ᠪᠠ ᠤᠯᠠᠭᠠᠨᠬᠠᠳᠠ ᠶᠢᠨ ᠭᠡᠷ ᠲᠤ | ᠪᠠᠨ ᠠᠰᠠᠷᠠᠭᠤᠯᠬᠤ ᠦᠢᠯᠡᠴᠢᠯᠡᠭᠡᠨ ᠤ ᠲᠤᠷᠰᠢᠯᠲᠠ ᠶᠢᠨ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ | ᠳᠥᠷᠪᠡ ᠳᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠷᠢᠮᠵᠢᠶ᠎ᠠ ᠶᠢᠨ ᠬᠡᠷᠡᠭᠵᠢᠭᠦᠯᠦᠯᠲᠡ ᠪᠠ ᠠᠰᠠᠷᠠᠭᠴᠢ | ᠶᠢᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠎ᠠ᠃ ᠲᠠᠪᠤ ᠳᠤ᠂ ᠲᠣᠭᠲᠠᠴᠠ ᠶᠢ | ᠰᠢᠯᠤᠭᠤᠳᠬᠠᠵᠤ ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠮᠨᠡᠨ ᠰᠤᠪᠢᠯᠠᠬᠤ ᠠᠰᠠᠷᠠᠨ ᠡᠷᠡᠭᠦᠯᠵᠢᠭᠦᠯᠬᠦ | ᠤᠶᠠᠯᠳᠤᠯ ᠢ ᠠᠬᠢᠭᠤᠯᠤᠨ᠎ᠠ᠃ ᠵᠢᠷᠭᠤᠭ᠎ᠠ ᠳᠤ᠂ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ | ᠪᠠ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠳᠣᠯᠤᠭ᠎ᠠ ᠳᠤ᠂ ᠬᠠᠤᠯᠢ ᠲᠣᠭᠲᠠᠭᠠᠯ | ᠶᠣᠰᠣᠭᠠᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ | ᠨᠠᠢᠮᠠ ᠳᠤ᠂ ᠤᠷᠤᠭ ᠳᠠᠩᠰᠠᠯᠠᠬᠤ᠂ ᠣᠷᠣᠰᠢᠭᠤᠯᠭ᠎ᠠ ᠵᠡᠷᠭᠡ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ | ᠦᠷᠭᠦᠯᠵᠢᠯᠡᠨ ᠰᠠᠶᠢᠲᠤᠷ ᠬᠢᠵᠦ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠳᠤᠲᠠᠭᠤᠳᠠᠯ ᠢᠶᠠᠨ ᠨᠥᠬᠦᠪᠥᠷᠢᠯᠡᠨ᠎ᠡ᠃ | ᠶᠢᠰᠦ ᠳᠤ᠂ ᠨᠢᠭᠦᠯᠡᠰᠦᠩᠭᠦᠶ ᠶᠢᠨ ᠨᠡᠶᠢᠭᠡᠮ ᠤᠨ ᠠᠵᠢᠯᠲᠠᠨ ᠪᠠ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ | ᠵᠡᠷᠭᠡ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠨ᠎ᠡ᠃ | ᠳᠥᠷᠪᠡᠳᠦᠭᠡᠷ ᠲᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠷᠠᠳ ᠤᠨ | ᠶᠠᠪᠤᠳᠠᠯ ᠤᠨ ᠰᠠᠭᠤᠷᠢ ᠠᠵᠢᠯ ᠪᠠ ᠦᠨᠳᠦᠰᠦᠨ ᠱᠠᠲᠤᠨ ᠤ ᠠᠵᠢᠯ ᠢ ᠴᠢᠩᠭᠠᠳᠬᠠᠨ᠎ᠠ᠃ ᠨᠢᠭᠡ ᠳᠤ᠂ ᠰᠢᠨ᠎ᠡ ᠴᠠᠭ | ᠦᠶ᠎ᠡ ᠶᠢᠨ ᠠᠷᠠᠳ ᠤᠨ ᠶᠠᠪᠤᠳᠠᠯ ᠤᠨ ᠡᠯ᠎ᠡ ᠵᠦᠢᠯ ᠤᠨ ᠲᠦᠷᠦ ᠶᠢᠨ ᠪᠤᠳᠤᠯᠭ᠎ᠠ᠂ ᠲᠦᠷᠢᠮ᠂ ᠲᠣᠭᠲᠠᠴᠠ ᠶᠢᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠬᠤᠶᠠᠷ ᠲᠤ᠂ | ᠠᠷᠠᠳ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠭᠤᠷᠪᠠ ᠳᠤ᠂ | ᠦᠨᠳᠦᠰᠦᠨ ᠱᠠᠲᠤᠨ ᠤ ᠭᠠᠷᠲᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠦᠷᠪᠡ ᠳᠤ | ᠂ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠦᠯᠣᠪᠵᠢᠭᠦᠯᠭᠡ ᠶᠢ ᠡᠬᠢᠯᠡᠨ ᠨᠠᠶᠢᠷᠠᠭᠤᠯᠤᠨ ᠵᠣᠬᠢᠶᠠᠵᠤ᠂ ᠬᠥᠭᠵᠢᠯᠲᠡ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ | ᠲᠠᠪᠤ ᠳᠤ᠂ ᠠᠷᠠᠳ ᠤᠨ ᠶᠠᠪᠤᠳᠠᠯ ᠤᠨ ᠣᠨᠣᠯ᠂ ᠲᠥᠷᠥ ᠶᠢᠨ ᠪᠣᠳᠣᠯᠭ᠎ᠠ ᠶᠢᠨ ᠰᠤᠳᠤᠯᠭᠠᠨ᠂ ᠰᠣᠨᠢᠨ ᠮᠡᠳᠡᠭᠡ | ᠤᠬᠠᠭᠤᠯᠭ᠎ᠠ᠂ ᠵᠠᠬᠢᠳᠠᠯ ᠰᠤᠷᠪᠤᠯᠵᠢᠯᠠᠭ᠎ᠠ᠂ ᠨᠢᠭᠤᠴᠠ ᠶᠢ ᠬᠠᠮᠠᠭᠠᠯᠠᠬᠤ ᠪᠠ ᠠᠶᠤᠯᠭᠦᠶ ᠦᠢᠯᠡᠳᠪᠤᠷᠢᠯᠡᠯ ᠤᠨ ᠠᠵᠢᠯ | ᠢ ᠨᠢᠭᠡᠳᠤᠯᠲᠠᠢ ᠲᠦᠯᠣᠪᠯᠡᠨ ᠰᠠᠶᠢᠲᠤᠷ ᠠᠳᠬᠤᠨ᠎ᠠ᠃ | ᠭᠤᠷᠪᠠ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠴᠥᠬᠦᠷᠡᠰᠢ ᠥᠬᠡᠶ ᠠᠳᠬᠤᠵᠤ ᠂ ᠠᠷᠠᠳ ᠤᠨ | ᠶᠠᠪᠤᠳᠠᠯ ᠤᠨ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠨ᠎ᠠ | ᠨᠢᠭᠡ ᠳᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠠᠢ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ᠂ ᠲᠡᠭᠦᠨ ᠢᠶᠠᠷ ᠲᠠᠷᠢᠬᠢ ᠲᠣᠯᠣᠭᠠᠢ ᠪᠠᠨ | ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠬᠤᠶᠠᠷ ᠲᠤ᠂ | ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠤᠩᠬᠡᠢ ᠵᠢᠯᠣᠭᠤᠳᠣᠭᠤᠯᠭᠠ ᠪᠣᠯᠭᠠᠨ ᠂ ᠨᠠᠮ ᠤᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠬᠤ ᠬᠡᠷᠡᠭᠲᠡᠶ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ᠂ ᠤᠯᠤᠰ | ᠲᠥᠷᠥ ᠶᠢᠨ ᠴᠢᠭᠯᠡᠯ ᠢᠶᠠᠨ ᠵᠥᠪ ᠡᠵᠡᠮᠳᠡᠬᠦ᠂ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠬᠤ᠂ ᠤᠯᠤᠰ | ᠲᠥᠷᠥ ᠶᠢᠨ ᠣᠪᠣᠷ ᠢᠶᠠᠨ ᠲᠣᠳᠤ ᠪᠣᠯᠭᠠᠬᠤ᠂ ᠤᠯᠤᠰ ᠲᠥᠷᠥ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠵᠡᠷᠭᠡ | ᠱᠠᠭᠠᠷᠳᠠᠯᠭ᠎ᠠ ᠶᠢ ᠢᠮᠠᠭᠲᠠ ᠬᠡᠷᠡᠭᠵᠢᠭᠦᠯᠤᠨ᠎ᠡ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ | ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠣᠪᠣᠷ ᠰᠤᠷᠲᠠᠯ᠂ ᠰᠠᠬᠢᠯᠭ᠎ᠠ | ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠢᠭᠲᠠᠷᠠᠯ ᠤᠨ ᠬᠦᠴᠦᠨ᠂ ᠪᠦᠲᠦᠭᠡᠯᠴᠢ ᠬᠦᠴᠦᠨ | ᠂ ᠳᠠᠶᠢᠴᠢᠨ ᠬᠦᠴᠦᠨ ᠢᠶᠠᠨ ᠳᠡᠭᠡᠭᠰᠢᠯᠡᠭᠦᠯᠦᠨ᠎ᠡ᠃ ᠭᠤᠷᠪᠠ ᠳᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠲᠠᠪᠤᠷᠢᠵᠢᠭᠤᠯᠵᠤ᠂ ︽ᠲᠦᠷᠪᠡᠨ ᠤᠬᠠᠮᠰᠠᠷ︾ ᠢᠶᠠᠨ ᠲᠠᠰᠤᠷᠠᠯᠳᠠ | ᠦᠭᠡᠢ ᠳᠡᠭᠡᠭᠰᠢᠯᠡᠭᠦᠯᠵᠤ ᠂ ︽ᠲᠦᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠦᠨ᠎ᠡ᠃ ᠳᠥᠷᠪᠡ ᠳᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ | ᠡᠰᠡᠷᠭᠦᠴᠡᠬᠦ ᠠᠵᠢᠯ ᠢ ᠭᠦᠨᠵᠡᠭᠡᠶ ᠠᠬᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠰᠡᠷᠭᠡᠶᠢᠯᠡᠨ ᠲᠡᠪᠴᠢᠵᠦ | ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠪᠣᠯᠤᠨ ᠣᠪᠣᠷ ᠰᠤᠷᠲᠠᠯ ᠤᠨ ᠠᠰᠠᠭᠤᠳᠠᠯ᠂ ᠶᠠᠳᠠᠭᠤ ᠶᠢ ᠲᠡᠳᠬᠦᠬᠦ | ᠬᠦᠷᠢᠶᠡᠨ ᠳᠠᠬᠢ ᠢᠯᠵᠠᠷᠠᠯ ᠪᠣᠯᠤᠨ ᠰᠤᠷᠲᠠᠯ ᠤᠨ ᠠᠰᠠᠭᠤᠳᠠᠯ ᠢ ᠴᠢᠩᠭ᠎ᠠ ᠴᠡᠭᠴᠡᠯᠡᠨ ᠵᠠᠰᠠᠨ᠎ᠠ ᠃ | |