ᠪᠦᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠯᠲᠠ ᠶᠢᠨ ᠦᠨᠳᠦᠰᠦᠨ ᠵᠦᠢᠯ ᠢ ᠪᠠᠲᠤᠯᠠᠬᠤ ᠸᠢᠳᠢᠣ᠋ ᠬᠤᠷᠠᠯ ᠳᠡᠭᠡᠷᠡᠬᠢ ᠶᠠᠷᠢᠶ᠎ᠠ | ᠴᠧᠨ ᠵᠢᠶᠧ | ︵2020 ᠣᠨ ᠤ 4 ᠰᠠᠷ᠎ᠠ ᠶᠢᠨ 10 ᠤ ᠡᠳᠦᠷ︶ | ᠪᠢ ᠭᠤᠷᠪᠠᠨ ᠰᠠᠨᠠᠯ ᠶᠠᠷᠢᠶ᠎ᠠ᠃ | ᠨᠢᠭᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠤ᠂ ᠶᠠᠳᠠᠭᠤ ᠠᠴᠠ ᠠᠩᠬᠢᠵᠢᠷᠠᠭᠤᠯᠬᠤ | ᠪᠣᠭᠤᠮᠲᠠ ᠰᠢᠪᠲᠤᠯᠤᠯᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠤᠯᠤᠰ ᠲᠦᠷᠤ ᠶᠢᠨ | ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠬᠦ | ᠬᠡᠷᠡᠭᠲᠠᠢ | ᠶᠡᠷᠦᠩᠬᠡᠶ ᠱᠦᠵᠢ ᠰᠢ ᠶᠢᠨ ᠫᠢᠩ ᠠᠴᠠ ︽2020 ᠣᠨ ᠪᠣᠯᠬᠤ ᠳᠤ ᠤᠳᠤ ᠶᠢᠨ ᠬᠡᠷᠡᠭᠵᠢᠭᠦᠯᠵᠦ ᠪᠠᠶᠢᠭ᠎ᠠ | ᠪᠠᠷᠢᠮᠵᠢᠶ᠎ᠠ ᠳᠣᠣᠷᠠᠬᠢ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠦᠮᠤᠰ ᠢ ᠪᠦᠬᠦᠨ ᠢ ᠶᠠᠳᠠᠭᠤ ᠠᠴᠠ | ᠠᠩᠭᠢᠵᠢᠷᠠᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠪᠦᠬᠦ ᠤᠯᠤᠰ ᠤᠨ ᠠᠷᠠᠳ ᠲᠦᠮᠡᠨ ᠳᠤ ᠬᠢᠭᠰᠡᠨ ᠲᠥᠪ | ᠴᠢᠩᠭ᠎ᠠ ᠠᠮᠠᠯᠠᠯᠲᠠ ᠪᠣᠯᠤᠨ᠎ᠠ᠃ ᠡᠷᠬᠡᠪᠰᠢ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠬᠦ ᠬᠡᠷᠡᠭᠲᠡᠶ᠃ ᠡᠨᠡ ᠪᠣᠯ | ᠬᠠᠲᠠᠭᠤ ᠪᠠᠶᠢᠯᠳᠤᠭᠠᠨ ᠮᠥᠨ᠃ ᠡᠨᠡ ᠬᠦ ᠬᠥᠪᠴᠢ ᠶᠢ ᠡᠴᠤᠰ ᠤᠨ ᠡᠴᠤᠰ ᠪᠣᠯᠲᠠᠯ᠎ᠠ ᠴᠢᠩᠭᠠᠯᠠᠬᠤ ᠬᠡᠷᠡᠭᠲᠡᠶ᠂ | ᠵᠣᠭᠰᠣᠵᠤ ᠪᠣᠯᠬᠤ ᠥᠬᠡᠶ᠂ ᠬᠠᠭᠤᠮᠠᠭᠠᠢ ᠪᠠᠶᠢᠵᠤ ᠪᠣᠯᠬᠤ ᠥᠬᠡᠶ᠂ ᠰᠤᠯᠠᠷᠠᠭᠤᠯᠵᠤ ᠪᠣᠯᠬᠤ ᠥᠬᠡᠶ᠃︾ ᠭᠡᠵᠤ | ᠣᠯᠠᠨᠲᠠ ᠵᠢᠭᠠᠪᠤᠷᠢᠯᠠᠭᠰᠠᠨ ᠶᠤᠮ᠃ | ᠪᠦᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ | ᠠᠷᠠᠳ ᠤᠨ ᠶᠠᠪᠤᠳᠠᠯ ᠤᠨ ᠬᠦᠷᠢᠶ᠎ᠡ ᠬᠡᠪᠴᠢᠶᠡᠨ ᠳᠠᠬᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠤᠨ ᠲᠤᠬᠠᠢ ᠪᠣᠳᠠᠲᠠᠢ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠨᠳᠦᠰᠦᠨ ᠵᠦᠢᠯ ᠢ ᠪᠠᠲᠤᠯᠠᠬᠤ ᠠᠵᠢᠯ ᠢ ᠠᠬᠢᠭᠤᠯᠬᠤ | ᠠᠵᠢᠯᠯᠠᠭᠠᠨ ᠤ ᠪᠠᠨ ᠵᠦᠭᠯᠡᠭᠦᠷ ᠪᠠ ᠦᠨᠳᠦᠰᠦᠨ ᠵᠢᠷᠤᠮᠯᠠᠯ ᠪᠣᠯᠭᠠᠵᠤ᠂ ᠤᠬᠠᠮᠰᠠᠷ ᠠᠴᠠ ᠪᠠᠨ ︽ᠳᠥᠷᠪᠡᠨ | ᠤᠬᠠᠮᠰᠠᠷ︾ ᠢ ᠦᠢᠯᠡᠳᠦᠯᠭᠡᠵᠢᠭᠦᠯᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠥᠷᠥ ᠶᠢᠨ | ᠦᠨᠳᠤᠷᠴᠡ ᠠᠴᠠ ᠣᠶᠢᠯᠠᠭᠠᠨ ᠡᠵᠡᠮᠰᠢᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ | ᠬᠡᠷᠡᠭᠲᠠᠢ᠃ | ᠬᠤᠶᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠨᠳᠦᠰᠦᠨ ᠵᠦᠢᠯ ᠢ | ᠪᠠᠲᠤᠯᠠᠬᠤ ᠭᠤᠣᠯᠳᠠᠯᠭ᠎ᠠ ᠲᠠᠢ ᠡᠭᠦᠷᠭᠡ ᠶᠢ ᠣᠨᠣᠪᠴᠢᠲᠠᠶ ᠡᠵᠡᠮᠳᠡᠵᠦ᠂ ᠬᠦᠴᠦᠨ ᠢᠶᠠᠨ ᠲᠥᠪᠯᠡᠷᠡᠭᠦᠯᠦᠨ ᠨᠠᠷᠢᠯᠢᠭ | ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠠᠢ | ︵ᠨᠢᠭᠡ︶ ᠨᠡᠶᠢᠭᠡᠮ ᠤᠨ ᠳᠤᠰᠠᠯᠠᠮᠵᠢ ᠶᠢᠨ ᠦᠨᠳᠦᠰᠦᠨ ᠵᠦᠢᠯ ᠤᠨ ᠪᠠᠲᠤᠯᠠᠭ᠎ᠠ ᠶᠢ ᠤᠯᠠᠮ ᠨᠢᠭᠡ ᠠᠯᠬᠤᠮ | ᠰᠠᠶᠢᠲᠤᠷ ᠬᠢᠬᠦ ᠬᠡᠷᠡᠭᠲᠡᠶ᠃ | 3 ᠳ᠋ᠤᠭᠠᠷ ᠰᠠᠷ᠎ᠠ ᠶᠢᠨ 27 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ | ᠶᠠᠳᠠᠭᠤ ᠶᠢ ᠲᠡᠳᠬᠦᠬᠦ ᠠᠯᠪᠠᠨ ᠭᠡᠷ ᠠᠴᠠ ︽ ᠨᠡᠶᠢᠬᠡᠨ ᠤᠨ ᠳᠤᠰᠠᠯᠠᠮᠵᠢ ᠶᠢᠨ ᠦᠨᠳᠦᠰᠦᠨ ᠵᠦᠢᠯ ᠢ ᠪᠠᠲᠤᠯᠠᠨ | ᠶᠠᠳᠠᠭᠤ ᠠᠴᠠ ᠠᠩᠭᠢᠵᠢᠷᠠᠭᠤᠯᠬᠤ ᠠᠵᠢᠯᠯᠠᠭᠠᠨ ᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠠᠯᠢ | ᠣᠯᠠᠨ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠨᠥᠬᠦᠴᠡᠯ ᠳᠤ ᠨᠡᠶᠢᠴᠡᠬᠦ ᠶᠠᠳᠠᠭᠤ ᠬᠦᠴᠢᠷᠳᠡᠯᠲᠡᠶ | ᠬᠦᠮᠤᠰ ᠢ ᠪᠦᠬᠦᠨ ᠢ ᠪᠠᠲᠤᠯᠠᠭ᠎ᠠ ᠶᠢᠨ ᠬᠡᠪᠴᠢᠶᠡᠨ ᠳᠤ ᠦᠨᠡᠨᠬᠦ ᠣᠷᠣᠭᠤᠯᠤᠨ ᠪᠠᠲᠤᠯᠠᠵᠤ᠂ ᠡᠯ᠎ᠡ ᠵᠦᠢᠯ ᠤᠨ | ᠳᠤᠰᠠᠯᠠᠮᠵᠢ ᠶᠢᠨ ᠲᠥᠷᠥ ᠶᠢᠨ ᠪᠣᠳᠣᠯᠭ᠎ᠠ ᠪᠠ ᠳᠤᠰᠠᠯᠠᠨ ᠲᠡᠳᠬᠦᠬᠦ ᠠᠷᠭ᠎ᠠ ᠬᠡᠮᠵᠢᠶ᠎ᠡ ᠶᠢ ᠣᠨᠣᠴᠠᠲᠠᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠠᠢ᠃ | 1᠂ ᠭᠤᠤᠯᠳᠠᠯᠭ᠎ᠠ ᠲᠠᠢ ᠡᠲᠡᠭᠡᠳ ᠤᠨ ᠪᠠᠶᠢᠳᠠᠯ ᠢ ᠪᠠᠶᠢᠴᠠᠭᠠᠨ ᠣᠶᠢᠯᠠᠭᠠᠬᠤ ᠠᠵᠢᠯ ᠢ ᠪᠥᠬᠦ ᠲᠠᠯ᠎ᠠ ᠪᠠᠷ | ᠦᠷᠨᠢᠭᠦᠯᠤᠨ᠎ᠡ᠃ ᠶᠠᠳᠠᠭᠤ ᠠᠴᠠ ᠠᠩᠭᠢᠵᠢᠷᠠᠭᠠᠳᠤᠶ ᠶᠠᠳᠠᠭᠤ ᠬᠦᠴᠢᠷᠳᠡᠯᠲᠡᠶ ᠬᠦᠮᠤᠰ ᠪᠣᠯᠤᠨ ᠨᠢᠭᠡᠨᠲᠡ | ᠶᠠᠳᠠᠭᠤ ᠠᠴᠠ ᠠᠩᠬᠢᠵᠢᠷᠠᠭᠰᠠᠨ ᠪᠣᠯᠪᠠᠴᠤ ᠳᠠᠬᠢᠨ ᠶᠠᠳᠠᠭᠤᠷᠠᠬᠤ ᠠᠶᠤᠯ ᠲᠠᠢ ᠶᠠᠳᠠᠭᠤ ᠬᠦᠴᠢᠷᠳᠡᠯᠲᠡᠶ ᠬᠦᠮᠤᠰ᠂ | ᠵᠠᠬ᠎ᠠ ᠬᠠᠪᠢ ᠶᠢᠨ ᠶᠠᠳᠠᠭᠤᠷᠠᠬᠤ ᠠᠶᠤᠯ ᠲᠠᠢ ᠬᠦᠮᠤᠰ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠶᠠᠳᠠᠭᠤ | ᠬᠦᠴᠢᠷᠳᠡᠯᠲᠡᠶ ᠬᠦᠮᠤᠰ᠂ ᠭᠠᠢ ᠭᠠᠮᠰᠢᠭ ᠡᠪᠡᠳᠴᠢᠨ ᠬᠢᠵᠢᠭ ᠠᠴᠠ ᠪᠣᠯᠵᠤ ᠣᠷᠣᠯᠭ᠎ᠠ ᠨᠢ ᠭᠡᠨᠡᠳᠲᠡ | ᠬᠠᠰᠤᠭᠳᠠᠭᠰᠠᠨ ᠪᠤᠶᠤ ᠵᠠᠷᠤᠯᠭ᠎ᠠ ᠨᠢ ᠭᠡᠨᠡᠳᠲᠡ ᠨᠡᠮᠡᠭᠳᠡᠭᠰᠡᠨ ᠡᠷᠦᠬᠡ ᠵᠡᠷᠭᠡ ᠲᠠᠪᠤᠨ ᠲᠥᠷᠥᠯ ᠤᠨ | ᠭᠤᠤᠯᠳᠠᠯᠭ᠎ᠠ ᠲᠠᠢ ᠡᠲᠡᠭᠡᠳ ᠤᠨ ᠪᠠᠶᠢᠳᠠᠯ ᠢ ᠪᠠᠶᠢᠴᠠᠭ᠎ᠠ ᠣᠶᠢᠯᠠᠭᠠᠬᠤ ᠠᠵᠢᠯ ᠢ ᠭᠤᠤᠯᠳᠠᠯᠭ᠎ᠠ ᠲᠠᠢ ᠦᠷᠨᠢᠭᠦᠯᠤᠨ᠎ᠡ᠃ | ᠡᠯ᠎ᠡ ᠭᠠᠵᠠᠷ ᠤᠨ ᠬᠢᠨ ᠪᠠᠶᠢᠴᠠᠭᠠᠨ ᠦᠢᠯᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ | ᠶᠣᠰᠤᠭᠠᠷ ᠭᠤᠤᠯᠳᠠᠯᠭ᠎ᠠ ᠲᠠᠢ ᠡᠲᠡᠭᠡᠳ ᠢ ᠡᠷᠦᠬᠡ ᠳᠠᠷᠠᠭᠠᠯᠠᠨ ᠪᠦᠬᠦ ᠲᠠᠯ᠎ᠠ ᠪᠠᠷ ᠪᠠᠶᠢᠴᠠᠭᠠᠵᠤ᠂ 5 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠬᠡᠷᠡᠭᠲᠡᠶ᠃ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠣᠷᠬᠢᠭᠳᠠᠭᠰᠠᠨ ᠢ ᠨᠢ ᠪᠠᠶᠢᠴᠠᠭᠠᠨ ᠨᠥᠬᠦᠪᠥᠷᠢᠯᠡᠵᠦ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠶ᠃ 7 ᠳ᠋ᠤᠭᠠᠷ | ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠰᠢᠪᠲᠤᠯᠤᠯᠲᠠ ᠶᠢᠨ ᠡᠭᠦᠷᠭᠡ ᠲᠠᠢ ᠮᠣᠵᠢ ︵ᠬᠤᠲᠠ᠂ ᠥᠪᠡᠷᠲᠡᠭᠡᠨ ᠵᠠᠰᠠᠬᠤ ᠣᠷᠣᠨ︶ ᠳᠤ ᠨᠡᠶᠢᠲᠡᠮ ᠪᠠᠶᠢᠴᠠᠭᠠᠯᠲᠠ | ᠬᠢᠬᠦ ᠪᠣᠯᠤᠨ᠎ᠠ᠃ | 2᠂ ᠣᠳᠣ ᠶᠢᠨ ᠪᠠᠶᠢᠭ᠎ᠠ ᠨᠡᠶᠢᠭᠡᠮ ᠤᠨ ᠳᠤᠰᠠᠯᠠᠮᠵᠢ ᠶᠢᠨ ᠪᠠᠲᠤᠯᠠᠭᠠᠨ ᠤ ᠲᠥᠷᠥ ᠶᠢᠨ ᠪᠣᠳᠣᠯᠭ᠎ᠠ ᠶᠢ | ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ᠃ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ | ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠶᠠᠳᠠᠭᠤ | ᠬᠦᠴᠢᠷᠳᠡᠯᠲᠡᠶ ᠡᠷᠦᠬᠡ ᠳᠤ ᠠᠯᠬᠤᠮ ᠠᠯᠬᠤᠮ ᠢᠶᠠᠷ ᠤᠬᠤᠷᠢᠵᠤ ᠭᠠᠷᠬᠤ ᠬᠤᠭᠤᠴᠠᠭᠠᠨ ᠤ ᠠᠷᠭ᠎ᠠ ᠠᠪᠴᠠᠯ ᠢ | ᠴᠢᠩᠭ᠎ᠠ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭᠠᠨ ᠳᠤ ᠵᠠᠷᠴᠢᠮ | ᠳᠡᠭᠡᠷ᠎ᠡ ᠪᠠᠨ ᠬᠥᠳᠡᠯᠦᠩᠭᠦᠶ ᠪᠠᠷ ᠤᠬᠤᠷᠢᠨ ᠭᠠᠷᠬᠤ ᠲᠣᠬᠢᠷᠠᠭᠤᠯᠤᠯᠲᠠ ᠬᠢᠬᠦ ᠦᠭᠡᠶ᠃ ᠲᠣᠬᠢᠷᠠᠭᠤᠯᠤᠯᠲᠠ ᠬᠢᠬᠦ | ᠴᠢᠬᠤᠯᠠᠲᠠᠶ ᠪᠣᠯ ᠬᠤᠰᠢᠭᠤ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠦᠭᠵᠢᠬᠦᠯᠬᠦ ᠠᠵᠢᠯ ᠤᠨ ᠤᠳᠤᠷᠢᠳᠬᠤ | ᠳᠤᠭᠤᠶᠢᠯᠠᠩ ᠢᠶᠠᠷ ᠨᠣᠲᠠᠯᠠᠭᠤᠯᠤᠭᠠᠳ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠠᠴᠠ ᠭᠠᠷᠭᠠᠵᠤ ᠪᠣᠯᠤᠨ᠎ᠠ᠃ | ᠶᠠᠳᠠᠭᠤ ᠶᠢ ᠲᠡᠳᠬᠦᠬᠦ ᠠᠯᠪᠠᠨ ᠭᠡᠷ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠯᠦᠭᠡ ᠶᠢᠨ | ᠬᠠᠮᠵᠢᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠬᠡᠮ ᠤᠨ ᠳᠤᠰᠠᠯᠠᠮᠵᠢ ᠶᠢᠨ ᠲᠥᠷᠥ ᠶᠢᠨ | ᠪᠣᠳᠣᠯᠭ᠎ᠠ ᠶᠢ ᠪᠦᠷᠢᠨᠰᠢᠭᠦᠯᠦᠨ ᠰᠢᠯᠢᠳᠡᠭᠵᠢᠭᠦᠯᠵᠦ᠂ ᠴᠠᠭ ᠲᠤᠬᠠᠶ ᠳᠤᠨᠢ ᠰᠡᠷᠡᠮᠵᠢᠯᠡᠭᠦᠯᠵᠤ᠂ ᠴᠠᠭ ᠲᠤᠬᠠᠶ ᠳᠤᠨᠢ | ᠪᠠᠶᠢᠴᠠᠭᠠᠨ ᠬᠢᠨᠠᠨ ᠬᠠᠷᠭᠤᠭᠤᠯᠵᠤ᠂ ᠴᠠᠭ ᠲᠤᠬᠠᠶ ᠳᠤᠨᠢ ᠳᠤᠰᠠᠯᠠᠮᠵᠢ ᠦᠵᠡᠭᠦᠯᠬᠦ ᠬᠡᠷᠡᠭᠲᠠᠢ᠃ | 3᠂ ᠳᠤᠰᠠᠯᠠᠮᠵᠢ ᠶᠢᠨ ᠪᠠᠲᠤᠯᠠᠭᠠᠨ ᠤ ᠪᠡᠯᠡ ᠮᠦᠩᠬᠦ ᠶᠢ ᠴᠠᠭ ᠳᠤᠬᠠᠢ ᠳᠤ ᠨᠢ ᠲᠤᠭ᠎ᠠ ᠶᠤᠰᠤᠭᠠᠷ | ᠣᠯᠭᠤᠨ᠎ᠠ᠃ ᠡᠯ᠎ᠡ ᠭᠠᠵᠠᠷ ᠤᠨ ᠬᠢᠨ ᠡᠷᠬᠡᠪᠰᠢ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ | ᠂ ᠪᠠᠩᠬᠢ ᠪᠠ ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠳᠠᠷᠤᠮᠠᠯᠯᠠᠨ | ᠲᠠᠷᠬᠠᠭᠠᠭᠰᠠᠨ ︽ᠨᠡᠶᠢᠬᠡᠮ ᠤᠨ ᠳᠤᠰᠠᠯᠠᠮᠵᠢ ᠶᠢᠨ ᠪᠡᠯᠡ ᠮᠦᠩᠭᠦ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠠᠵᠢᠯ ᠤᠨ ᠳᠤᠬᠠᠢ ᠰᠠᠨᠠᠯ︾ ᠢ ᠴᠢᠩᠭ᠎ᠠ ᠨᠠᠶᠢᠲᠠᠪᠤᠷᠢᠵᠢᠭᠤᠯᠬᠤ ᠬᠡᠷᠡᠭᠲᠠᠢ᠃ ᠬᠤᠰᠢᠭᠤ ᠰᠢᠶᠠᠨ ︵ | ᠬᠤᠲᠠ᠂ ᠲᠣᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠳᠡᠭᠡᠷ᠎ᠡ ᠰᠠᠷ᠎ᠠ ᠶᠢᠨ ᠰᠡᠭᠦᠯᠴᠢ ᠠᠴᠠ | ᠡᠮᠦᠨ᠎ᠡ ᠲᠤᠰ ᠰᠠᠷ᠎ᠠ ᠶᠢᠨ ᠳᠤᠰᠠᠯᠠᠮᠵᠢ ᠶᠢᠨ ᠪᠠᠲᠤᠯᠠᠭᠠᠨ ᠤ ᠡᠲᠡᠭᠡᠳ ᠪᠠ ᠪᠡᠯᠡ ᠮᠥᠩᠭᠦ ᠶᠢᠨ ᠨᠠᠷᠢᠨ ᠳᠠᠩᠰᠠ ᠶᠢ | ᠬᠤᠰᠢᠭᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠵᠦ᠂ ᠡᠳ᠋ ᠤᠨ ᠵᠠᠰᠠᠭ ᠤᠨ ᠰᠠᠯᠠᠭ᠎ᠠ | ᠮᠥᠴᠢᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠡᠨᠡ ᠰᠠᠷ᠎ᠠ ᠶᠢᠨ 10 ᠠᠴᠠ ᠡᠮᠦᠨ᠎ᠡ ᠪᠡᠯᠡ ᠮᠥᠩᠭᠦ ᠶᠢ | ᠳᠤᠰᠠᠯᠠᠮᠵᠢ ᠶᠢᠨ ᠡᠲᠡᠭᠡᠳ ᠤᠨ ᠪᠠᠩᠬᠢ ᠶᠢᠨ ᠳᠠᠩᠰᠠᠨ ᠳᠤ ᠣᠷᠣᠭᠤᠯᠬᠤ ᠬᠡᠷᠡᠭᠲᠡᠶ᠃ ᠴᠠᠭ ᠲᠤᠬᠠᠶ ᠳᠤᠨᠢ | ᠣᠯᠭᠤᠭᠰᠠᠨ ᠦᠭᠡᠢ ᠭᠠᠵᠠᠷ ᠣᠷᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠲᠤᠬᠠᠶ ᠶᠢᠨ | ᠭᠠᠵᠠᠷ ᠤᠨ ᠵᠠᠰᠠᠭ ᠤᠨ ᠣᠷᠳᠣᠨ ᠳᠤ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ 4 ᠳ᠋ᠤᠭᠡᠷ | ᠰᠠᠷ᠎ᠠ ᠶᠢᠨ 9 ᠤ ᠡᠳᠦᠷ ᠪᠣᠯᠲᠠᠯ᠎ᠠ᠂ ᠪᠦᠬᠦ ᠣᠷᠣᠨ ᠤ 26 ᠬᠤᠰᠢᠭᠤ ᠰᠢᠶᠠᠨ 4 ᠳ᠋ᠤᠭᠡᠷ ᠰᠠᠷ᠎ᠠ ᠶᠢᠨ ᠪᠠᠲᠤᠯᠠᠭᠠᠨ ᠤ | ᠪᠡᠯᠡ ᠮᠥᠩᠭᠦ ᠪᠠᠨ ᠪᠠᠰᠠ ᠬᠠᠷᠠᠬᠠᠨ ᠥᠭᠭᠦᠭᠡᠳᠦᠶ ᠪᠣᠯᠬᠤᠷ ᠡᠳᠡᠭᠡᠷ ᠭᠠᠵᠠᠷ ᠤᠨ ᠬᠢᠨ ᠢᠳᠡᠪᠬᠢᠲᠠᠢ ᠵᠣᠬᠢᠴᠠᠭᠤᠯᠵᠤ | ᠪᠠᠶᠢᠭᠠᠳ ᠪᠡᠯᠡ ᠮᠥᠩᠭᠦ ᠪᠠᠨ ᠲᠦᠷᠭᠡᠬᠡᠨ ᠣᠯᠭᠤᠬᠤ ᠬᠡᠷᠡᠭᠲᠡᠶ᠃ | 4. ᠨᠡᠶᠢᠭᠡᠮ ᠤᠨ ᠳᠤᠰᠠᠯᠠᠮᠵᠢ ᠶᠢᠨ ᠪᠠᠲᠤᠯᠠᠭᠠᠨ ᠤ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ | ᠡᠯ᠎ᠡ ᠭᠠᠵᠠᠷ ᠤᠨ ᠬᠢᠨ ᠲᠥᠪ ᠤᠨ ᠬᠠᠮᠤᠭ ᠤᠨ ᠰᠢᠨ᠎ᠡ ᠱᠠᠭᠠᠷᠳᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠵᠤ᠂ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠳᠣᠭᠲᠠᠭᠠᠨ ᠮᠡᠳᠡᠭᠦᠯᠬᠦ ᠪᠠ ᠰᠡᠭᠦᠯᠡᠷ ᠨᠢ ᠨᠥᠬᠦᠵᠦ ᠣᠯᠭᠤᠬᠤ ᠠᠵᠢᠯ ᠢ | ᠰᠠᠶᠢᠲᠤᠷ ᠬᠢᠬᠦ ᠬᠡᠷᠡᠭᠲᠡᠶ᠃ ᠣᠳᠣᠬᠠᠨ ᠳᠤ ᠦᠬᠠᠶ ᠬᠤᠲᠠ᠂ ᠮᠠᠨᠵᠤᠤᠷ ᠬᠤᠲᠠ᠂ ᠡᠷᠢᠶᠡᠨ ᠬᠤᠲᠠ 2020 ᠣᠨ | ᠤ ᠪᠠᠲᠤᠯᠠᠭ᠎ᠠ ᠶᠢᠨ ᠪᠠᠷᠢᠮᠵᠢᠶ᠎ᠠ ᠪᠠᠨ ᠮᠡᠳᠡᠭᠦᠯᠤᠭᠡᠳᠤᠢ ᠪᠠᠶᠢᠭᠰᠠᠭᠠᠷ ᠲᠤᠯᠠ ᠳᠠᠷᠦ᠋ᠢᠬᠠᠨ ᠵᠣᠬᠢᠴᠠᠭᠤᠯᠵᠤ ᠳᠡᠭᠡᠭᠰᠢ | ᠮᠡᠳᠡᠭᠦᠯᠬᠦ ᠠᠵᠢᠯ ᠢᠶᠠᠨ ᠭᠦᠢᠴᠡᠳᠬᠡᠬᠦ ᠵᠦᠢᠲᠠᠢ᠃ 3 ᠳ᠋ᠤᠭᠠᠷ ᠰᠠᠷ᠎ᠠ ᠶᠢᠨ 31 ᠤ ᠡᠳᠦᠷ᠂ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ | ᠣᠯᠭᠤᠬᠤ ᠱᠠᠲᠤᠴᠢ ᠴᠢᠨᠠᠷᠲᠠᠶ ᠠᠵᠢᠯ ᠢᠶᠠᠨ ᠰᠠᠶᠢᠲᠤᠷ ᠬᠢᠬᠦ ᠶᠢ ᠱᠠᠭᠠᠷᠳᠠᠵᠠᠶ᠃ ᠰᠠᠷ᠎ᠠ ᠪᠦᠷᠢ ᠶᠢᠨ ᠦᠨ᠎ᠡ | ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ ᠶᠢ 1 ᠳᠠᠬᠢᠨ ᠢᠶᠠᠷ ᠨᠡᠮᠡᠭᠳᠡᠭᠦᠯᠬᠦ ᠶᠢᠨ ᠬᠠᠮᠲᠤ | ᠥᠨᠥᠴᠢᠨ ᠬᠡᠤᠬᠡᠳ᠂ ᠪᠣᠳᠠᠲᠠᠶ ᠬᠠᠷᠠᠭᠠᠯᠵᠠᠨ ᠬᠠᠮᠠᠭᠠᠯᠠᠬᠤ ᠬᠥᠮᠦᠨ ᠥᠬᠡᠶ ᠬᠡᠤᠬᠡᠳ ᠢ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠤ ᠣᠷᠣᠭᠤᠯᠤᠨ᠎ᠠ᠃ ᠡᠯ᠎ᠡ ᠭᠠᠵᠠᠷ ᠤᠨ ᠬᠢᠨ ᠴᠠᠭ ᠲᠤᠬᠠᠶ ᠳᠤᠨᠢ ᠵᠠᠰᠠᠭ ᠣᠷᠳᠣᠨ ᠳᠤ ᠪᠠᠨ | ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠠᠮᠢᠶ᠎ᠠ ᠪᠦᠬᠦᠢ ᠪᠡᠯᠡ ᠮᠥᠩᠭᠦ ᠣᠯᠭᠤᠬᠤ ᠪᠡᠯᠡᠳᠬᠡᠯ ᠠᠵᠢᠯ ᠢᠶᠠᠨ | ᠤᠷᠢᠳᠴᠢᠯᠠᠨ ᠰᠠᠶᠢᠲᠤᠷ ᠬᠢᠬᠦ ᠬᠡᠷᠡᠭᠲᠡᠶ᠃ | 5᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠲᠠᠩᠰᠠ ᠺᠠᠷᠲ ᠲᠠᠢ ᠶᠠᠳᠠᠭᠤ ᠬᠦᠴᠢᠷᠳᠡᠯᠲᠡᠶ ᠬᠦᠮᠤᠰ | ᠤᠨ ᠦᠨᠳᠦᠰᠦᠨ ᠠᠮᠢᠳᠤᠷᠠᠯ ᠤᠨ ᠪᠦᠬᠦᠨ ᠢ ᠪᠠᠲᠤᠯᠠᠬᠤ ᠪᠠᠲᠤᠯᠠᠭ᠎ᠠ ᠳᠤ ᠬᠢᠨᠠᠯᠲᠠ ᠲᠠᠯᠪᠢᠨ᠎ᠠ᠃ ᠡᠯ᠎ᠡ | ᠭᠠᠵᠠᠷ ᠤᠨ ᠬᠢᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ | ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠪᠠᠶᠢᠷᠢᠯᠠᠭᠤᠯᠤᠯᠲᠠ ᠪᠠ ᠠᠷᠠᠳ ᠤᠨ ᠶᠠᠪᠤᠳᠠᠯ ᠤᠨ ᠲᠢᠩᠬᠢᠮ ᠤᠨ | ︽ᠪᠥᠬᠦ ᠣᠷᠣᠨ ᠤ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠲᠠᠩᠰᠠ ᠺᠠᠷᠲ ᠲᠠᠢ ᠶᠠᠳᠠᠭᠤ ᠬᠦᠴᠢᠷᠳᠡᠯ ᠲᠠᠢ | ᠬᠦᠮᠤᠰ ᠤᠨ ᠦᠨᠳᠦᠰᠦᠨ ᠠᠮᠢᠳᠤᠷᠠᠯ ᠤᠨ ᠪᠦᠬᠦᠨ ᠢ ᠪᠠᠲᠤᠯᠠᠬᠤ ᠠᠵᠢᠯ ᠳᠤ ᠬᠢᠨᠠᠯᠲᠠ ᠲᠠᠯᠪᠢᠨ ᠰᠢᠪᠠᠳᠠᠨ | ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ | ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠶᠠᠳᠠᠭᠤ ᠬᠦᠴᠢᠷᠳᠡᠯᠲᠡᠶ ᠬᠦᠮᠤᠰ ᠢ ᠴᠢᠩᠭ᠎ᠠ ᠠᠩᠬᠠᠷᠴᠤ᠂ | ᠬᠠᠷᠢᠭᠤᠴᠠᠯᠭ᠎ᠠ᠂ ᠲᠥᠷᠥ ᠶᠢᠨ ᠪᠣᠳᠣᠯᠭ᠎ᠠ᠂ ᠠᠵᠢᠯ ︽ᠭᠤᠷᠪᠠ ᠶᠢ ᠨᠠᠶᠢᠳᠠᠪᠤᠷᠢᠵᠢᠭᠤᠯᠤᠭᠰᠠᠨ︾ ᠪᠠᠶᠢᠳᠠᠯ ᠢ | ᠭᠤᠤᠯᠳᠠᠯᠭ᠎ᠠ ᠲᠠᠢ ᠬᠢᠨᠠᠨ᠎ᠠ᠃ ᠲᠣᠰ ᠰᠠᠷ᠎ᠠ ᠠᠴᠠ ᠡᠬᠢᠯᠡᠨ ᠠᠷᠠᠳ ᠤᠨ ᠶᠠᠪᠤᠳᠠᠯ ᠤᠨ ᠲᠢᠩᠬᠢᠮ ᠡᠯ᠎ᠡ ᠭᠠᠵᠠᠷ ᠤᠨ | ᠠᠵᠢᠯ ᠤᠨ ᠪᠠᠶᠢᠳᠠᠯ ᠢ ᠦᠨᠳᠦᠰᠦᠯᠡᠨ ᠴᠢᠭ ᠲᠣᠭᠲᠠᠭᠠᠨ ᠬᠢᠨᠠᠨ ᠪᠠᠶᠢᠴᠠᠭᠠᠬᠤ ᠪᠣᠯᠤᠨ᠎ᠠ᠃ | ︵ᠬᠤᠶᠠᠷ︶ ᠣᠨᠴᠠ ᠬᠦᠴᠢᠷᠳᠡᠯᠲᠡᠶ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠶᠢ | ᠴᠢᠩᠭᠠᠳᠬᠠᠬᠤ ᠬᠡᠷᠡᠭᠲᠡᠶ᠃ | ᠣᠨᠴᠠ ᠬᠦᠴᠢᠷᠳᠡᠯᠲᠡᠶ ᠬᠥᠮᠦᠰ᠂ ᠵᠡᠮᠳᠡᠭᠴᠦᠳ᠂ ᠬᠦᠴᠢᠷᠳᠡᠯ ᠲᠠᠢ ᠬᠡᠤᠬᠡᠳ ᠪᠣᠯᠤᠨ ᠮᠠᠯᠵᠢᠬᠤ ᠲᠠᠷᠢᠶᠠᠯᠠᠬᠤ | ᠣᠷᠣᠨ ᠤ ︽ᠭᠤᠷᠪᠠᠨ ᠵᠦᠢᠯ ᠤᠨ ᠭᠡᠷ ᠲᠤ ᠪᠠᠨ ᠬᠤᠴᠣᠷᠤᠭᠰᠠᠨ︾ ᠬᠥᠮᠦᠰ ᠵᠡᠷᠭᠡ ᠪᠣᠯ ᠶᠠᠳᠠᠭᠤ ᠠᠴᠠ | ᠠᠩᠬᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳᠤᠮᠳᠠᠬᠢ ᠣᠨᠴᠠ ᠬᠦᠴᠢᠷᠳᠡᠯᠲᠡᠶ ᠬᠥᠮᠦᠰ ᠪᠣᠯᠤᠨ᠎ᠠ᠃ ᠡᠯ᠎ᠡ | ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ | ᠪᠠᠨ ᠲᠡᠳᠡᠨ ᠢ ᠳᠡᠳᠬᠦᠨ ᠳᠤᠰᠠᠯᠠᠵᠤ ᠬᠠᠪᠰᠤᠷᠤᠨ ᠬᠠᠷᠠᠭᠠᠯᠵᠠᠬᠤ ᠪᠠᠨ ᠴᠢᠩᠭᠠᠳᠬᠠᠬᠤ ᠬᠡᠷᠡᠭᠲᠡᠶ᠃ ᠣᠨᠴᠠ | ᠬᠦᠴᠢᠷᠳᠡᠯᠲᠡᠶ ᠬᠥᠮᠦᠰ ᠢ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠳᠦᠭᠦᠭᠡᠷᠤᠮᠵᠢ ︵ᠨᠠᠰᠤᠲᠠᠶᠢᠴᠤᠳ ᠤᠨ | ᠬᠦᠷᠢᠶᠡᠯᠡᠩ︶ ᠶᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠬᠠᠮᠢᠶᠠᠷᠤᠯᠲᠠ | ᠦᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠠᠢ᠃ ᠮᠠᠯᠵᠢᠬᠤ ᠲᠠᠷᠢᠶᠠᠯᠠᠬᠤ ᠣᠷᠣᠨ ᠤ | ᠭᠡᠷ ᠲᠡᠭᠡᠨ ᠬᠤᠴᠣᠷᠤᠭᠰᠠᠨ ᠬᠡᠦᠬᠡᠳ᠂ ᠡᠮᠡᠭᠲᠡᠶᠢᠴᠤᠳ᠂ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ | ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠤᠨ᠂ ᠬᠠᠷᠠᠭᠠᠯᠵᠠᠨ ᠬᠠᠮᠠᠭᠠᠯᠠᠵᠤ ᠬᠠᠯᠠᠮᠵᠢᠯᠠᠨ | ᠬᠠᠶᠢᠷᠠᠯᠠᠬᠤ ᠪᠠᠲᠤᠯᠠᠭ᠎ᠠ ᠶᠢ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠨᠴᠠ | ᠬᠦᠴᠢᠷᠳᠡᠯᠲᠡᠶ ᠬᠦᠮᠤᠰ ᠢ ᠬᠠᠷᠠᠭᠠᠯᠵᠠᠨ ᠳᠡᠳᠬᠦᠬᠦ ᠬᠡᠷᠡᠭᠲᠠᠢ᠃ | ︵ᠭᠤᠷᠪᠠ︶ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠯᠲᠠ ᠶᠢᠨ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ | ᠡᠯ᠎ᠡ ᠭᠠᠵᠠᠷ ᠤᠨ ᠬᠢᠨ ᠨᠡᠶᠢᠭᠡᠮ ᠤᠨ ᠬᠦᠴᠦᠨ ᠪᠠ ᠨᠢᠭᠦᠯᠡᠰᠤᠩᠭᠦᠢ ᠶᠢᠨ ᠵᠣᠬᠢᠶᠠᠨ ᠪᠠᠶᠢᠭᠤᠯᠤᠯᠲᠠ ᠶᠢ | ᠳᠠᠶᠢᠴᠢᠯᠠᠨ ᠳᠠᠭᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠢᠳᠡᠪᠬᠢᠲᠠᠢ | ᠣᠷᠣᠯᠴᠠᠭᠤᠯᠬᠤ ᠬᠡᠷᠡᠭᠲᠠᠢ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠴᠢᠭ ᠲᠣᠭᠲᠠᠭᠠᠨ ᠶᠠᠳᠠᠭᠤ ᠶᠢ | ᠲᠡᠳᠬᠦᠬᠦ ᠠᠵᠢᠯ ᠢ ᠦᠷᠭᠦᠯᠵᠢᠯᠡᠨ ᠥᠷᠨᠢᠭᠦᠯᠵᠦ᠂ ︽ᠳᠥᠷᠪᠡ ᠶᠢ ᠦᠯᠦ ᠰᠠᠯᠭᠠᠬᠤ︾ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠨᠠᠢᠳᠠᠪᠤᠷᠢᠵᠢᠭᠤᠯᠤᠨ᠂ ᠡᠯ᠎ᠡ ᠲᠠᠯ᠎ᠠ ᠶᠢᠨ ᠡᠬᠢ ᠪᠠᠶᠠᠯᠢᠭ ᠢ ᠭᠦᠢᠴᠡᠳ ᠳᠠᠶᠢᠴᠢᠯᠠᠨ᠂ ᠴᠢᠭ ᠢᠶᠠᠷ | ᠳᠣᠭᠲᠠᠭᠠᠭᠰᠠᠨ ᠬᠠᠪᠰᠤᠷᠤᠨ ᠲᠡᠳᠬᠦᠬᠦ ᠭᠠᠵᠠᠷ ᠣᠷᠣᠨ ᠤ ᠴᠢᠬᠤᠯᠠ ᠬᠡᠷᠡᠭᠴᠡᠭᠡ ᠱᠠᠭᠠᠷᠳᠠᠯᠭ᠎ᠠ ᠶᠢᠨ ᠲᠦᠷᠣᠯ ᠵᠦᠢᠯ | ᠢ ᠬᠠᠪᠰᠤᠷᠤᠨ ᠲᠡᠳᠬᠦᠵᠤ᠂ ᠴᠢᠭ ᠲᠣᠭᠲᠠᠭᠠᠨ ᠬᠠᠪᠰᠤᠷᠤᠨ ᠲᠡᠳᠬᠦᠭᠰᠡᠨ ᠦᠷ᠎ᠡ ᠪᠦᠲᠦᠭᠡᠯ ᠢᠶᠠᠨ ᠰᠠᠶᠢᠲᠤᠷ | ᠪᠠᠬᠢᠵᠢᠭᠦᠯᠬᠦ ᠬᠡᠷᠡᠭᠲᠠᠢ᠃ | ᠭᠤᠷᠪᠠ᠂ ︽ᠴᠢᠩᠭ᠎ᠠ ᠪᠣᠳᠠᠲᠠᠶ ᠨᠠᠷᠢᠯᠢᠭ︾ ᠪᠠᠶᠢᠬᠤ ᠰᠤᠷᠲᠠᠯ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ | ᠪᠠᠨ ᠰᠠᠶᠢᠲᠤᠷ ᠠᠳᠬᠤᠬᠤ ᠬᠡᠷᠡᠭᠲᠡᠶ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠤᠨ ᠬᠢᠨ ᠤ ᠭᠤᠣᠯ ᠬᠠᠷᠢᠭᠤᠴᠠᠯᠭᠠᠲᠠᠨ ᠤᠳᠤᠷᠢᠳᠬᠤ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ | ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠣᠨ ᠤ ︽ᠴᠢᠬᠤᠯᠠ ᠠᠴᠠ ᠴᠢᠬᠤᠯᠠ︾ | ᠠᠵᠢᠯ ᠪᠣᠯᠭᠠᠵᠤ᠂ ᠲᠥᠯᠥᠪᠵᠢᠭᠦᠯᠦᠨ ᠪᠠᠶᠢᠷᠢᠯᠠᠭᠤᠯᠬᠤ᠂ ᠠᠵᠢᠯ ᠢ ᠠᠬᠢᠭᠤᠯᠬᠤ ᠪᠠ ᠬᠢᠨᠠᠯᠲᠠ ᠲᠠᠯᠪᠢᠵᠤ | ᠪᠠᠶᠢᠴᠠᠭᠠᠬᠤ ᠵᠡᠷᠭᠡ ᠡᠯ᠎ᠡ ᠵᠦᠢᠯ ᠤᠨ ᠠᠵᠢᠯ ᠢ ᠲᠦᠷᠦᠭᠦᠯᠡᠨ ᠰᠠᠶᠢᠲᠤᠷ ᠬᠢᠬᠦ ᠬᠡᠷᠡᠭᠲᠠᠢ᠃ | ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠬᠤ ᠬᠡᠷᠡᠭᠲᠡᠶ᠃ ᠡᠯ᠎ᠡ ᠱᠠᠲᠤᠨ ᠤ ᠶᠠᠳᠠᠭᠤ ᠶᠢ ᠲᠡᠳᠬᠦᠬᠦ | ᠠᠵᠢᠯ ᠤᠨ ᠤᠳᠤᠷᠢᠳᠬᠤ ᠳᠤᠭᠤᠶᠢᠯᠠᠩ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢ ᠵᠣᠬᠢᠴᠠᠭᠤᠯᠬᠤ ᠲᠣᠭᠲᠠᠴᠠ ᠶᠢᠨ ᠦᠢᠯᠡᠳᠤᠯ ᠢ ᠭᠦᠢᠴᠡᠳ ᠪᠠᠳᠠᠷᠠᠭᠤᠯᠵᠤ᠂ ᠴᠠᠭ ᠲᠤᠬᠠᠶ ᠳᠤᠨᠢ | ᠵᠠᠳᠠᠯᠤᠨ ᠰᠤᠳᠤᠯᠵᠤ᠂ ᠮᠡᠳᠡᠭᠡ ᠵᠠᠩᠭᠢ ᠪᠠᠨ ᠲᠣᠭᠲᠠᠮᠠᠯ ᠬᠤᠭᠤᠴᠠᠭ᠎ᠠ ᠲᠠᠢ ᠪᠠᠷ ᠰᠣᠯᠢᠯᠴᠠᠨ᠂ ᠠᠵᠢᠯ | ᠢᠶᠠᠨ ᠲᠦᠯᠬᠢᠨ ᠠᠬᠢᠭᠤᠯᠬᠤ ᠳᠠᠶᠢᠴᠢᠨ ᠬᠦᠴᠦᠨ ᠢ ᠪᠤᠢ ᠪᠣᠯᠭᠠᠬᠤ ᠬᠡᠷᠡᠭᠲᠠᠢ᠃ ᠦᠨᠳᠦᠰᠦᠨ ᠱᠠᠲᠤᠨ ᠤ ᠭᠠᠷᠳᠠᠨ | ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠳᠤ ᠭᠠᠷᠲᠠᠨ | ᠭᠦᠢᠴᠡᠳᠬᠡᠬᠦ ᠪᠠᠶᠢᠭᠤᠯᠤᠮᠵᠢ ᠲᠠᠢ᠂ ᠠᠵᠢᠯᠲᠠᠨ ᠲᠠᠢ᠂ ᠨᠦᠬᠦᠴᠡᠯ᠂ ᠵᠠᠷᠤᠳᠠᠯ ᠲᠠᠢ ᠪᠠᠶᠢᠬᠤ ᠶᠢ ᠦᠨᠡᠨᠬᠦ ᠪᠠᠲᠤᠯᠠᠨ᠂ | ᠲᠥᠷᠥ ᠶᠢᠨ ᠪᠣᠳᠣᠯᠭ᠎ᠠ ᠶᠢ ᠨᠠᠶᠢᠲᠠᠪᠤᠷᠢᠵᠢᠭᠤᠯᠤᠯᠲᠠ ᠶᠢ ᠢᠯᠭᠤᠮ ᠰᠢᠯᠤᠭᠤᠨ ᠪᠣᠯᠭᠠᠬᠤ ᠬᠡᠷᠡᠭᠲᠠᠢ᠃ | ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠬᠡᠷᠡᠭᠲᠡᠶ᠃ ᠴᠠᠭ ᠱᠤᠭᠤᠮ ᠢ ᠳᠣᠭᠲᠠᠭᠠᠨ᠂ | ᠨᠢᠭᠡ ᠨᠢᠭᠡ ᠵᠦᠢᠯ ᠢᠶᠠᠷ ᠲᠦᠯᠬᠢᠨ ᠠᠬᠢᠭᠤᠯᠵᠤ᠂ ᠨᠢᠭᠡ ᠨᠢᠭᠡ ᠠᠰᠠᠭᠤᠳᠠᠯ ᠢᠶᠠᠷ ᠰᠢᠢᠳᠪᠤᠷᠢᠯᠡᠨ᠂ ᠳᠣᠭᠲᠠᠭᠰᠠᠨ | ᠴᠠᠭ ᠬᠤᠭᠤᠴᠠᠭᠠᠨ ᠳᠤ ᠪᠠᠨ ᠠᠵᠢᠯ ᠢᠶᠠᠨ ᠡᠮᠬᠢ ᠳᠠᠷᠠᠭ᠎ᠠ ᠲᠠᠢ ᠨᠠᠶᠢᠲᠠᠪᠤᠷᠢᠵᠢᠭᠤᠯᠬᠤ ᠬᠡᠷᠡᠭᠲᠠᠢ᠃ | ᠲᠡᠷᠢᠭᠦᠨ ᠢ ᠲᠡᠮᠡᠴᠡᠨ ᠰᠢᠯᠢᠳᠡᠭ ᠢ ᠡᠭᠦᠳᠬᠦ ᠤᠬᠠᠮᠰᠠᠷ ᠢ ᠪᠤᠢ ᠪᠣᠯᠭᠠᠬᠤ ᠬᠡᠷᠡᠭᠲᠡᠶ᠃ ᠰᠢᠨ᠎ᠡ ᠴᠠᠭ | ᠦᠶ᠎ᠡ ᠳᠤ ᠰᠢᠨ᠎ᠡ ᠳᠦᠷᠰᠦ ᠪᠠᠶᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠪᠦᠬᠦ ᠣᠷᠣᠨ ᠤ | ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠴᠥᠮ ᠬᠠᠮᠲᠤ ᠶᠢᠨ ᠢᠷᠠᠭᠤ ᠠᠯᠳᠠᠷᠲᠤ ᠰᠡᠳᠬᠢᠯᠭᠡ ᠪᠠᠨ | ᠴᠢᠩᠭᠠᠳᠬᠠᠬᠤ ᠬᠡᠷᠡᠭᠲᠠᠢ᠃ ᠠᠮᠵᠢᠯᠲᠠ ᠪᠦᠲᠦᠮᠵᠢ ᠶᠢᠨ ᠦᠨᠡᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ | ᠰᠢᠯᠢᠳᠡᠭ ᠢ ᠨᠢ ᠱᠠᠩᠨᠠᠵᠤ ᠳᠣᠷᠣᠢ ᠶᠢ ᠨᠢ ᠲᠣᠷᠭᠠᠠᠬᠤ ᠠᠵᠢᠯ ᠤᠨ ᠤᠳᠤᠷᠢᠳᠤᠮᠵᠢ ᠶᠢ ᠪᠤᠢ ᠪᠣᠯᠭᠠᠬᠤ ᠵᠦᠢᠲᠠᠢ᠃ | ᠬᠤᠶᠢᠰᠢᠳᠠ ᠠᠷᠠᠳ ᠤᠨ ᠶᠠᠪᠤᠳᠠᠯ ᠤᠨ ᠲᠢᠩᠬᠢᠮ ᠨᠥᠬᠦᠪᠥᠷᠢ ᠪᠡᠯᠡ ᠮᠥᠩᠭᠦ ᠪᠣᠯᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢ ᠬᠤᠪᠢᠶᠠᠷᠢᠯᠠᠬᠤ ᠳᠠᠭᠠᠨ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠲᠤᠰᠬᠠᠶ | ᠭᠠᠷᠭᠠᠵᠤ᠂ ᠠᠮᠵᠢᠯᠲᠠ ᠪᠦᠲᠦᠮᠵᠢ ᠶᠢᠨ ᠦᠨᠡᠯᠡᠭᠰᠡᠨ ᠪᠠᠶᠢᠳᠠᠯ ᠢ ᠦᠨᠳᠦᠰᠦᠯᠡᠨ ᠱᠠᠩᠨᠠᠯ ᠬᠥᠬᠢᠭᠦᠯᠤᠯ ᠣᠯᠭᠤᠬᠤ | ᠬᠡᠷᠡᠭᠲᠠᠢ᠃ |