| ᠠᠷᠠᠳ ᠤᠨ ᠶᠠᠪᠤᠳᠠᠯ ᠤᠨ ᠶᠠᠮᠤᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠤᠨ | ᠨᠡᠷ᠎ᠡ ᠶᠢᠨ ᠪᠠᠷᠢᠮᠵᠢᠶᠠᠲᠤ ᠲᠣᠯᠢ︾ ᠶᠢᠨ ᠨᠠᠶᠢᠷᠠᠭᠤᠯᠬᠤ ᠬᠡᠯᠲᠡᠰ ᠤᠨ ᠱᠠᠭᠠᠷᠳᠠᠯᠭ᠎ᠠ ᠪᠠᠷ ᠬᠤᠶᠠᠷ ᠰᠠᠷ᠎ᠠ ᠭᠠᠷᠤᠶ ᠶᠢᠨ | ᠰᠢᠷᠭᠠᠭᠤ ᠴᠢᠷᠮᠠᠶᠢᠯᠭ᠎ᠠ ᠪᠠᠷ ᠲᠣᠰ ︽ᠲᠣᠯᠢ︾ ᠶᠢᠨ ᠥᠪᠥᠷ ᠮᠣᠩᠭᠤᠯ ᠤᠨ ᠬᠤᠶᠠᠳᠤᠭᠠᠷ ᠠᠴᠠ ᠨᠠᠢᠮᠠᠳᠤᠭᠠᠷ | ᠪᠦᠯᠤᠭ᠌ ᠤᠨ ᠦᠭᠡᠰ ᠤᠨ ᠡᠬᠢᠨ ᠤ ᠬᠢᠨᠠᠯᠲᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠡᠨᠡ ᠬᠤᠭᠤᠴᠠᠭᠠᠨ ᠳᠤ ᠠᠷᠠᠳ ᠤᠨ ᠶᠠᠪᠤᠳᠠᠯ ᠤᠨ ᠲᠢᠩᠬᠢᠮ ᠲᠣᠯᠢ ᠳᠤ ᠣᠷᠣᠬᠤ ᠦᠭᠡᠰ ᠤᠨ ᠡᠬᠢᠨ ᠤ | ᠬᠢᠨᠠᠯᠲᠠ ᠶᠢᠨ ᠠᠵᠢᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠬᠢᠵᠤ᠂ ᠡᠯ᠎ᠡ ᠠᠶᠢᠮᠠᠭ ᠬᠤᠲᠠ ᠢᠳᠡᠪᠬᠢᠲᠡᠶ | ᠬᠠᠮᠵᠢᠯᠴᠠᠨ 2020 ᠣᠨ ᠤ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠮᠡᠳᠡᠭᠦᠯᠵᠤ ᠢᠷᠡᠭᠰᠡᠨ 2783 ᠵᠣᠷᠪᠣᠰ | ᠦᠭᠡᠰ ᠢ ᠬᠢᠨᠠᠨ ᠬᠠᠷᠭᠤᠭᠤᠯᠵᠤ 2693 ᠵᠣᠷᠪᠣᠰ ᠦᠭᠡᠰ ᠢ ᠠᠷᠠᠳ ᠤᠨ ᠶᠠᠪᠤᠳᠠᠯ ᠤᠨ ᠶᠠᠮᠤᠨ ᠤ ︽ᠲᠣᠯᠢ︾ | ᠨᠠᠶᠢᠷᠠᠭᠤᠯᠬᠤ ᠬᠡᠯᠲᠡᠰ ᠲᠤ ᠮᠡᠳᠡᠭᠦᠯᠦᠨ ᠬᠦᠷᠭᠡᠵᠤ ᠳᠣᠭᠲᠠᠭᠰᠠᠨ ᠬᠤᠭᠤᠴᠠᠭᠠᠨ ᠳᠤ ᠪᠠᠨ ᠡᠭᠦᠷᠭᠡ ᠪᠠᠨ | ᠪᠡᠶᠡᠯᠡᠭᠦᠯᠤᠭ᠍ᠰᠡᠨ ᠪᠠᠶᠢᠨ᠎ᠠ ᠃ | ︽ᠲᠣᠯᠢ︾ ᠳᠤ ᠣᠷᠣᠬᠤ ᠦᠭᠡᠰ ᠢ ᠮᠡᠳᠡᠭᠦᠯᠬᠦ᠂ ᠨᠠᠶᠢᠷᠠᠭᠤᠯᠬᠤ ᠠᠵᠢᠯ ᠪᠣᠯ ᠬᠤᠶᠠᠳᠤᠭᠠᠷ ᠤᠳᠠᠭᠠᠨ ᠤ ᠪᠦᠬᠦ | ᠤᠯᠤᠰ ᠤᠨ ᠭᠠᠵᠠᠷ ᠤᠨ ᠨᠡᠷ᠎ᠡ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠠᠰᠢᠭᠯᠠᠵᠤ᠂ ᠪᠠᠷᠢᠮᠵᠢᠶᠠᠲᠤ | ᠭᠠᠵᠠᠷ ᠤᠨ ᠨᠡᠷ ᠡ ᠶᠢ ᠳᠡᠯᠭᠡᠷᠡᠭᠦᠯᠦᠨ ᠬᠡᠷᠡᠭᠯᠡᠬᠦ ᠠᠷᠭ᠎ᠠ ᠬᠡᠮᠵᠢᠶ᠎ᠡ ᠪᠣᠯᠤᠨ᠎ᠠ᠃ ᠡᠨᠡ ᠨᠢ ᠮᠠᠨ ᠤ ᠣᠷᠣᠨ ᠤ | ᠭᠠᠵᠠᠷ ᠤᠨ ᠨᠡᠷ᠎ᠡ ᠶᠢᠨ ᠰᠣᠶᠣᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠳᠤ ᠴᠢᠬᠤᠯᠠ ᠦᠢᠯᠡᠳᠤᠯ | ᠦᠵᠡᠭᠦᠯᠬᠦ ᠨᠢ ᠯᠠᠪᠲᠠᠶ ᠶᠤᠮ᠃ | | | | |