ᠰᠦᠷ ᠵᠢᠪᠬᠤᠭᠠᠲᠤ ᠲᠡᠦᠬᠡ ᠰᠤᠳᠤᠷ ᠨᠢ ᠲᠣᠯᠢ ᠪᠤᠯᠵᠤ᠂ | ᠴᠢᠩ ᠦᠨᠡᠨᠴᠢ ᠰᠡᠳᠬᠢᠯ ᠨᠢ ᠮᠢᠩᠭᠠᠨ ᠤᠨ ᠢ ᠭᠡᠶᠢᠭᠦᠯᠦᠨ᠎ᠡ | — ᠵᠠᠭᠤᠨ ᠵᠢᠯ ᠤᠨ ᠨᠠᠮ ᠤᠨ ᠲᠡᠦᠬᠡ ᠶᠢ ᠰᠣᠷᠣᠯᠴᠠᠵᠤ᠂ | ᠠᠷᠠᠳ ᠤᠨ ᠶᠠᠪᠤᠳᠠᠯ ᠤᠨ ᠬᠠᠶᠢᠷ᠎ᠠ ᠰᠡᠳᠬᠢᠯᠭᠡ ᠪᠠᠨ ᠲᠤᠭᠠᠴᠢᠰᠤᠭᠠᠢ | ᠵᠠᠯᠠᠶᠢᠳ ᠬᠤᠰᠢᠭᠤᠨ ᠤ ᠠᠷᠠᠳ ᠤᠨ ᠶᠠᠪᠤᠳᠠᠯ ᠤᠨ ᠳᠣᠪᠴᠢᠶ᠎ᠠ ᠶᠢᠨ ᠵᠢᠶᠠᠩ ᠴᠤᠤ ᠹᠧᠩ ᠵᠣᠬᠢᠶᠠᠪᠠ | ᠠᠳᠠᠩᠭ᠎ᠠ ᠣᠷᠴᠢᠭᠤᠯᠪᠠ | ᠨᠢᠭᠡ᠂ ᠠᠷᠠᠳ ᠤᠨ ᠰᠡᠳᠬᠢᠯ ᠳᠤ ᠵᠠᠰᠠᠭ ᠪᠠᠷᠢᠨ᠂ ᠡᠨᠡᠷᠢᠯ ᠬᠠᠶᠢᠷ᠎ᠠ ᠴᠢᠬᠡᠴᠢ ᠵᠢᠷᠤᠮ ᠢ ᠡᠷᠬᠢᠮᠯᠡᠶ᠎ᠠ —— | ᠳᠤᠮᠳᠠᠳᠤ ᠤᠯᠤᠰ ᠤᠨ ᠡᠪ ᠬᠠᠮᠲᠤ ᠨᠠᠮ ᠳᠤ ᠣᠨᠴᠠ ᠪᠠᠶᠢᠳᠠᠭ ᠵᠠᠩ ᠰᠤᠷᠲᠠᠯ ᠠᠴᠠ ᠠᠷᠠᠳ ᠤᠨ ᠠᠮᠢᠳᠤᠷᠠᠯ ᠢ | ᠤᠬᠠᠪᠠ᠃ | ᠶᠢᠰᠦᠨ ᠲᠢᠪ ᠤᠨ ᠳᠣᠯᠭᠢᠰᠤᠯ᠂ ᠶᠠᠮᠠᠷ ᠦᠵᠡᠯ ᠰᠠᠨᠠᠭ᠎ᠠ ᠬᠤᠪᠢᠰᠬᠠᠯ ᠤᠨ ᠭᠠᠯ ᠤᠨ ᠤᠴᠢ ᠶᠢ ᠨᠤᠴᠤᠭᠠᠵᠤ | ᠴᠢᠳᠠᠬᠤ ᠪᠤᠢ︖ | ᠨᠤᠶᠢᠷᠰᠤᠭᠰᠠᠨ ᠠᠷᠰᠯᠠᠨ ᠠᠷᠬᠢᠷᠠᠨ ᠰᠡᠷᠡᠪᠡ᠂ ᠶᠠᠮᠠᠷ ᠰᠢᠥᠬᠠᠨ ᠠᠶᠤᠩᠭ᠎ᠠ ᠨᠠᠮ ᠬᠥᠮ ᠤᠨ ᠲᠤᠮᠳᠠᠬᠢ | ᠳᠤᠮᠳᠠᠳᠤ ᠤᠯᠤᠰ ᠲᠤ ᠴᠠᠬᠢᠯᠠᠬᠤ ᠨᠢ ᠪᠤᠢ︖ | ᠬᠡᠪ ᠴᠢᠨᠠᠷ | ᠮᠠᠨ ᠤ ᠨᠠᠮ ᠮᠡᠨᠳᠦᠯᠡᠭᠰᠡᠨ ᠡᠳᠦᠷ ᠠᠴᠠ ᠪᠠᠨ ᠠᠪᠤᠭᠠᠳ ᠳᠤᠮᠳᠠᠳᠤ ᠤᠯᠤᠰ ᠤᠨ ᠠᠷᠠᠳ ᠲᠦᠮᠡᠨ ᠪᠣᠯᠤᠨ | ᠳᠤᠮᠳᠠᠳᠤ ᠶᠢᠨ ᠦᠨᠳᠦᠰᠦᠲᠡᠨ ᠤ ᠢᠷᠡᠭᠡᠳᠦᠢ ᠬᠤᠪᠢ ᠵᠠᠶᠠᠭ᠎ᠠ ᠲᠠᠢ ᠨᠢᠭᠲᠠ ᠬᠤᠯᠪᠣᠭ᠎ᠠ ᠲᠠᠢ ᠶᠤᠮ᠃ ᠤᠯᠤᠰ | ᠣᠷᠣᠨ ᠢᠶᠠᠨ ᠮᠥᠬᠦᠯ ᠠᠴᠠ ᠠᠪᠤᠷᠠᠵᠤ ᠣᠷᠣᠰᠢᠨ ᠲᠣᠭᠲᠠᠨᠢᠬᠤ ᠶᠢᠨ ᠲᠥᠯᠥᠭᠡ ᠬᠠᠲᠠᠭᠤᠵᠢᠯᠲᠠᠢ ᠪᠠᠷ ᠬᠠᠶᠢᠨ | ᠰᠦᠪᠡᠭᠴᠢᠯᠡᠬᠦ ᠶᠠᠪᠤᠴᠠ ᠳᠤ᠂ ᠳᠤᠮᠳᠠᠳᠤ ᠤᠯᠤᠰ ᠲᠤ ᠡᠪ ᠬᠠᠮᠲᠤ ᠨᠠᠮ ᠪᠤᠢ ᠪᠣᠯᠪᠠ᠂ ᠡᠨᠡ ᠪᠣᠯ ᠭᠠᠯᠪᠠ | ᠳᠡᠯᠡᠬᠡᠢ ᠶᠢ ᠲᠣᠭᠲᠠᠭᠠᠭᠰᠠᠨ ᠶᠡᠭᠡ ᠬᠡᠷᠡᠭ ᠬᠤᠪᠢᠰᠤᠯ ᠮᠥᠨ᠂ ᠡᠭᠦᠨ ᠠᠴᠠ ᠠᠪᠤᠭᠠᠳ ᠳᠤᠮᠳᠠᠳᠤ ᠤᠯᠤᠰ ᠤᠨ | ᠠᠷᠠᠳ ᠲᠦᠮᠡᠨ ᠤᠶᠤᠨ ᠰᠠᠨᠠᠭᠠᠨ ᠤ ᠲᠠᠯ᠎ᠠ ᠪᠠᠷ ᠰᠠᠨᠠᠭᠠᠴᠢᠯᠠᠭ᠎ᠠ ᠦᠭᠡᠢ ᠪᠠᠶᠢᠭᠰᠠᠨ ᠠᠴᠠ ᠪᠠᠨ ᠰᠠᠨᠠᠭᠠᠴᠢᠯᠠᠭᠠᠲᠤ | ᠪᠠᠶᠢᠳᠠᠯ ᠳᠤ ᠰᠢᠯᠵᠢᠵᠦ ᠡᠬᠢᠯᠡᠪᠡ︕ | ᠪᠠᠭᠤᠷᠠᠢ ᠪᠠᠭ᠎ᠠ ᠶᠤᠮ ᠤᠤ ᠬᠦᠴᠦᠷᠬᠡᠭ ᠶᠡᠭᠡ ᠪᠠᠶᠢᠭᠰᠠᠨ ᠴᠤ᠂ ᠤᠷᠤᠭᠰᠢᠲᠠᠢ ᠶᠤᠮ ᠤᠤ ᠤᠷᠤᠭᠰᠢ ᠦᠭᠡᠢ | ᠪᠠᠶᠢᠭᠰᠠᠨ ᠴᠤ᠂ ᠮᠠᠨ ᠤ ᠨᠠᠮ ᠤᠭ ᠰᠠᠨᠠᠭ᠎ᠠ ᠪᠠᠨ ᠬᠤᠪᠢᠷᠠᠭᠤᠯᠬᠤ ᠦᠭᠡᠢ᠂ ᠬᠤᠪᠢᠷᠠᠰᠢ ᠦᠭᠡᠢ ᠪᠠᠶᠢᠵᠤ᠂ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠦᠷᠬᠡᠭ ᠳᠠᠶᠢᠰᠤᠨ ᠠᠴᠠ ᠠᠶᠤᠬᠤ ᠦᠭᠡᠢ᠂ ᠵᠣᠷᠢᠭᠲᠠᠢ ᠲᠡᠮᠡᠴᠡᠵᠦ᠂ | ᠢᠯᠠᠯᠲᠠ ᠤᠯᠬᠤ ᠪᠠᠷ ᠴᠢᠷᠮᠠᠶᠢᠭᠰᠠᠭᠠᠷ ᠢᠷᠡᠵᠡᠢ ᠃ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ | ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠵᠤ᠂ ᠴᠢᠰᠤ ᠤᠷᠤᠰᠬᠠᠨ ᠪᠠᠶᠢᠯᠳᠤᠵᠤ᠂ ᠠᠭᠤᠯᠠ ᠤᠰᠤ ᠶᠢ | ᠳᠣᠩᠰᠣᠯᠭᠠᠭᠰᠠᠨ ᠪᠠᠭᠠᠲᠤᠷᠯᠢᠭ ᠳᠠᠭᠤᠯᠠᠯ ᠢ ᠪᠢᠴᠢᠭᠯᠡᠭᠰᠡᠨ ᠪᠠᠶᠢᠨ᠎ᠠ᠃ | ᠠᠷᠠᠳ ᠤᠨ ᠠᠮᠢᠳᠤᠷᠠᠯ | ᠤᠯᠤᠰ ᠢ ᠵᠠᠰᠠᠬᠤ ᠳᠤ ᠪᠠᠶᠢᠩᠭᠤ ᠶᠢᠨ ᠬᠢ ᠪᠠᠶᠢᠵᠤ᠂ ᠠᠷᠠᠳ ᠲᠤ ᠠᠰᠢᠭ ᠬᠦᠷᠲᠡᠭᠡᠬᠦ ᠪᠠᠷ ᠦᠨᠳᠦᠰᠦ | ᠪᠣᠯᠭᠠᠨ᠎ᠠ᠃ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ᠂ ᠳᠤᠮᠳᠠᠳᠤ ᠶᠢᠨ | ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ ᠦᠢᠯᠡᠳᠦᠯᠭᠡᠵᠢᠭᠦᠯᠬᠦ ᠨᠢ ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠶᠢ | ᠲᠤᠭᠤᠰᠢᠯᠠᠭᠤᠯᠬᠤ ᠤᠯᠠᠭᠠᠨ ᠱᠤᠭᠤᠮ ᠪᠣᠯᠪᠠ᠃ ᠠᠷᠠᠳ ᠤᠨ ᠠᠮᠢᠳᠤᠷᠠᠯ ᠤᠨ ᠠᠵᠢᠯ ᠠᠷᠠᠳ ᠲᠦᠮᠡᠨ ᠠᠴᠠ | ᠬᠠᠮᠤᠭ ᠤᠨ ᠣᠶᠢᠷᠠᠬᠠᠨ ᠪᠠᠶᠢᠳᠠᠭ᠂ ᠣᠷᠤᠭ ᠳᠠᠩᠰᠠᠯᠠᠭᠤᠯᠬᠤ ᠠᠴᠠ ᠬᠡᠦᠬᠡᠳ ᠤᠨ ᠠᠰᠠᠷᠠᠮᠵᠢ ᠬᠦᠷᠲᠡᠯ᠎ᠡ᠂ | ᠨᠡᠶᠢᠭᠡᠮ ᠤᠨ ᠠᠪᠤᠷᠠᠨ ᠲᠤᠰᠠᠯᠠᠯᠲᠠ ᠠᠴᠠ ᠨᠡᠶᠢᠭᠡᠮ ᠲᠣᠭᠤᠷᠢᠭ ᠤᠨ ᠵᠠᠰᠠᠯᠲᠠ ᠬᠦᠷᠲᠡᠯ᠎ᠡ᠂ ᠨᠠᠰᠤᠲᠠᠨ ᠢ ᠠᠰᠠᠷᠠᠵᠤ | ᠨᠠᠰᠤᠲᠠᠨ ᠢ ᠲᠤᠰᠠᠯᠠᠬᠤ ᠠᠴᠠ ᠣᠷᠣᠰᠢᠭᠤᠯᠭ᠎ᠠ ᠶᠢᠨ ᠦᠶᠯᠡᠴᠢᠯᠡᠭᠡ ᠬᠦᠷᠲᠡᠯ᠎ᠡ᠃ ᠠᠷᠠᠳ ᠤᠨ ᠶᠠᠪᠤᠳᠠᠯ ᠤᠨ | ᠠᠵᠢᠯ ᠢ ᠰᠠᠶᠢᠲᠤᠷ ᠬᠢᠬᠦ ᠪᠣᠯ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ ᠪᠠᠶᠢᠭ᠎ᠠ ᠶᠠᠪᠤᠳᠠᠯ ᠮᠥᠨ᠂ | ᠨᠠᠮ ᠤᠨ ᠦᠨᠳᠦᠰᠦᠨ ᠵᠣᠷᠢᠯᠲᠠ ᠶᠢ ᠦᠶᠯᠡᠳᠦᠯᠭᠡᠵᠢᠭᠦᠯᠵᠦ ᠪᠠᠶᠢᠭ᠎ᠠ ᠶᠠᠪᠤᠳᠠᠯ ᠮᠥᠨ᠂ ᠨᠠᠮ ᠤᠨ ᠲᠥᠷᠥ ᠪᠠᠷᠢᠬᠤ | ᠰᠠᠭᠤᠷᠢ ᠶᠢ ᠪᠠᠬᠢᠵᠢᠭᠦᠯᠬᠦ ᠳᠤ ᠬᠦᠴᠦ ᠨᠡᠮᠡᠷᠢᠯᠡᠵᠦ ᠪᠠᠶᠢᠭ᠎ᠠ ᠶᠠᠪᠤᠳᠠᠯ ᠮᠥᠨ᠃ | ᠬᠤᠶᠠᠷ᠂ ᠨᠤᠲᠤᠭ ᠤᠰᠤ ᠪᠠᠨ ᠠᠮᠤᠷᠵᠢᠭᠤᠯᠤᠨ ᠲᠦᠮᠡᠨ ᠤᠯᠠᠨ ᠢᠶᠠᠨ ᠠᠮᠤᠷᠵᠢᠭᠤᠯᠵᠤ᠂ ᠤᠯᠤᠰ | ᠣᠷᠣᠨ ᠢᠶᠠᠨ ᠴᠢᠨᠡᠭᠡᠯᠢᠭᠵᠢᠭᠦᠯᠦᠨ ᠠᠷᠠᠳ ᠲᠦᠮᠡᠨ ᠢᠶᠠᠨ ᠴᠢᠨᠡᠭᠡᠯᠢᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠤᠶᠤᠨ ᠤᠬᠠᠭᠠᠨ ᠠᠴᠠ ᠠᠷᠠᠳ ᠤᠨ ᠶᠠᠪᠤᠳᠠᠯ ᠢ ᠤᠬᠠᠭᠠᠨᠠ᠃ ᠦᠪᠡᠷ ᠪᠡᠶ᠎ᠡ ᠪᠠᠨ | ᠤᠮᠠᠷᠳᠠᠨ᠂ ᠠᠷᠠᠳ ᠲᠦᠮᠡᠨ ᠢ ᠬᠥᠰᠡᠷᠳᠡᠭᠦᠯᠬᠦ ᠦᠭᠡᠢ︕ | ᠴᠢᠷᠮᠠᠶᠢᠵᠤ ᠦᠩᠭᠡᠷᠡᠭᠦᠯᠦᠭᠰᠡᠨ ᠴᠠᠭ ᠮᠦᠴᠡ ᠬᠦᠮᠦᠰ ᠢ ᠬᠦᠰᠡᠷᠳᠡᠬᠦᠯᠬᠦ ᠦᠬᠡᠢ᠂ ᠲᠡᠦᠬᠡ ᠪᠣᠯ ᠲᠡᠮᠡᠴᠡᠭᠴᠢ ᠳᠤ | ᠬᠠᠷᠢᠶᠠᠯᠠᠭᠳᠠᠨ᠎ᠠ︕ | ᠣᠶᠤᠨ ᠪᠢᠯᠢᠭ | ᠳᠤᠮᠳᠠᠳᠤ ᠤᠯᠤᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠬᠥᠭᠵᠢᠯᠲᠡ ᠶᠢᠨ ᠠᠮᠵᠢᠯᠲᠠ ᠪᠦᠲᠦᠮᠵᠢ ᠶᠢ | ᠣᠯᠤᠭᠰᠠᠨ ᠤ ᠬᠠᠮᠤᠭ ᠤᠨ ᠦᠨᠳᠦᠰᠦᠨ ᠰᠢᠯᠲᠠᠭᠠᠨ ᠪᠣᠯ ᠳᠠᠷᠤᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠥᠪᠡᠷ ᠤᠨ ᠢᠶᠠᠨ ᠭᠡᠰᠡᠨ ᠵᠠᠮ ᠢ ᠨᠡᠭᠡᠭᠡᠭᠰᠡᠨ ᠳᠤ ᠣᠷᠣᠰᠢᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠪᠤᠰᠤᠳ ᠤᠯᠤᠰ ᠤᠨ ᠲᠤᠷᠰᠢᠯᠭ᠎ᠠ ᠶᠢ ᠮᠧᠬᠠᠨᠢᠭ ᠢᠶᠠᠷ ᠲᠡᠷᠡ ᠬᠡᠪ ᠢᠶᠠᠷ ᠨᠢ | ᠨᠡᠭᠦᠯᠭᠡᠨ ᠬᠡᠷᠡᠭᠯᠡᠬᠦ ᠦᠭᠡᠢ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠡᠳᠦᠷ ᠠᠴᠠ ᠪᠠᠨ | ᠡᠬᠢᠯᠡᠭᠡᠳ ᠳᠠᠷᠤᠢ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠯᠳᠠᠭ᠎ᠠ ᠪᠤᠷᠤᠭᠤ ᠪᠠᠨ ᠴᠠᠭ ᠲᠤᠬᠠᠢ ᠳᠤᠨᠢ | ᠵᠠᠯᠠᠷᠠᠭᠤᠯᠬᠤ ᠶᠢᠨ ᠬᠠᠮᠲᠤ ᠵᠥᠪ ᠵᠠᠮ ᠢ ᠡᠷᠢᠵᠦ ᠤᠯᠬᠤ ᠤᠶᠤᠨ ᠤᠬᠠᠭᠠᠨ ᠢᠶᠠᠷ ᠪᠢᠯᠬᠠᠮ᠎ᠠ ᠪᠠᠶᠢᠭᠰᠠᠨ ᠶᠤᠮ᠃ | ᠣᠳᠣᠬᠠᠨ ᠤ ᠳᠡᠯᠡᠬᠡᠢ ᠶᠢᠷᠲᠢᠨᠴᠦ ᠠᠵᠤ ᠠᠬᠤᠢ᠂ ᠤᠯᠤᠰ ᠲᠦᠷᠦ᠂ ᠰᠢᠨᠵᠢᠯᠡᠬᠦ ᠤᠬᠠᠭᠠᠨ ᠮᠡᠷᠭᠡᠵᠢᠯ ᠪᠠ | ᠣᠷᠴᠢᠨ ᠠᠬᠤᠢ ᠵᠡᠷᠭᠡ ᠬᠦᠷᠢᠶᠡᠨ ᠳᠤ ᠠᠯᠢ ᠤᠯᠠᠨ ᠪᠦᠬᠦ ᠪᠥᠮᠪᠥᠷᠴᠡᠭ ᠤᠨ ᠴᠢᠨᠠᠷᠲᠠᠢ ᠠᠰᠠᠭᠤᠳᠠᠯ ᠳᠤ ᠲᠤᠯᠭᠠᠷᠠᠵᠤ | ᠂ ᠪᠦᠬᠦ ᠪᠥᠮᠪᠥᠷᠴᠡᠭ ᠤᠨ ᠴᠢᠨᠠᠷᠲᠠᠢ ᠰᠢᠢᠳᠪᠦᠷᠢᠯᠡᠬᠦ ᠲᠥᠰᠦᠯ ᠱᠠᠭᠠᠷᠳᠠᠭᠳᠠᠵᠤ ᠪᠠᠶᠢᠨ᠎ᠠ᠃ ᠡᠩᠬᠡ ᠲᠠᠶᠢᠪᠤᠩ᠂ | ᠬᠥᠭᠵᠢᠯᠲᠡ᠂ ᠬᠠᠮᠲᠤᠷᠠᠯᠴᠠᠭ᠎ᠠ ᠶᠢ ᠰᠠᠨᠠᠭᠠᠴᠢᠯᠠᠵᠤ᠂ ᠣᠯᠠᠨ ᠲᠠᠯᠠᠲᠤ ᠦᠵᠡᠯ ᠢ ᠢᠳᠡᠪᠬᠢᠲᠡᠶ ᠳᠡᠮᠵᠢᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠪᠥᠬᠦ ᠪᠥᠮᠪᠥᠷᠴᠡᠭ ᠤᠨ ᠬᠠᠷᠠᠭᠠᠰᠤ ᠪᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠪᠡ | ᠃ | ᠠᠷᠠᠳ ᠤᠨ ᠶᠠᠪᠤᠳᠠᠯ | ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ | ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠵᠠᠰᠠᠭ ᠤᠨ ᠣᠷᠳᠣᠨ ᠥᠴᠦᠬᠡᠨ ᠴᠦ | ᠲᠠᠲᠠᠭᠠᠯᠵᠠᠯ ᠦᠭᠡᠢ ᠪᠠᠷ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ | ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠣᠬᠤᠷᠬᠠᠨ ᠬᠤᠭᠤᠴᠠᠭᠠᠨ ᠳᠤ ᠬᠢᠵᠢᠭ ᠤᠨ ᠪᠠᠶᠢᠳᠠᠯ ᠢ | ᠡᠵᠡᠮᠳᠡᠪᠡ᠃ ᠡᠭᠦᠨ ᠤ ᠬᠠᠮᠲᠤ᠂ ᠳᠤᠮᠳᠠᠳᠤ ᠤᠯᠤᠰ ᠪᠠᠰᠠ ᠪᠤᠰᠤᠳ ᠤᠯᠤᠰ ᠲᠤ ᠡᠮᠴᠢᠯᠡᠭᠡᠨ ᠤ ᠡᠳ᠋ ᠪᠣᠳᠠᠰ ᠤᠨ | ᠲᠤᠰᠠᠯᠠᠮᠵᠢ ᠬᠠᠩᠭᠠᠵᠤ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ | ᠴᠣᠭᠴᠠ ᠶᠢ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠪᠡ᠃ | ᠠᠷᠠᠳ ᠤᠨ ᠶᠠᠪᠤᠳᠠᠯ ᠪᠣᠯ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠡᠴᠦᠰ ᠤᠨ | ᠰᠡᠷᠭᠡᠶᠢᠯᠡᠯᠲᠡ ᠶᠢᠨ ᠱᠤᠭᠤᠮ ᠮᠥᠨ᠂ ᠪᠠᠰᠠ ᠴᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠤᠷᠢᠭ᠎ᠠ | ᠱᠤᠭᠤᠮ ᠮᠥᠨ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠢᠯᠠᠩᠭᠤᠶ᠎ᠠ ᠨᠠᠮ ᠤᠨ ᠠᠷᠪᠠᠨ | ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠨᠡᠶᠢᠭᠡᠮ ᠤᠨ ᠲᠡᠳᠬᠦᠮᠵᠢ ᠶᠢᠨ ᠲᠦᠷᠢᠮ ᠲᠠᠰᠤᠷᠠᠯᠲᠠ ᠥᠬᠡᠶ | ᠲᠡᠭᠦᠯᠳᠡᠷᠵᠢᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ | ᠲᠤᠰᠠᠯᠠᠵᠤ ᠠᠰᠠᠷᠠᠨ ᠲᠡᠵᠢᠭᠡᠬᠦ᠂ ᠭᠠᠮᠰᠢᠭ ᠠᠴᠠ ᠠᠪᠤᠷᠠᠨ ᠲᠤᠰᠠᠯᠠᠬᠤ᠂ ᠡᠮ ᠡᠮᠨᠡᠯᠭᠡ ᠶᠢᠨ ᠠᠪᠤᠷᠠᠨ ᠲᠤᠰᠠᠯᠠᠬᠤ | ᠵᠡᠷᠭᠡ ᠪᠠᠷ ᠭᠤᠤᠯ ᠠᠭᠤᠯᠭ᠎ᠠ ᠪᠣᠯᠭᠠᠭᠰᠠᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ | ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ︽ᠠᠮᠤᠷ ᠲᠦᠪᠰᠢᠨ ᠤ ᠲᠤᠤᠷ︾ ᠢ ᠨᠢᠭᠲᠠ ᠰᠦᠯᠵᠢᠪᠡ᠃ | ᠭᠤᠷᠪᠠ᠂ ᠬᠦᠰᠡᠯ ᠰᠡᠳᠬᠢᠯ ᠤᠨ ᠬᠠᠨᠳᠤᠯᠭ᠎ᠠ᠂ ᠬᠦᠰᠡᠯ ᠰᠡᠳᠬᠢᠯ ᠤᠨ ᠢᠯᠡᠯᠲᠡ | ᠳᠤᠮᠳᠠᠳᠤ ᠤᠯᠤᠰ ᠤᠨ ᠡᠪ ᠬᠠᠮᠲᠤ ᠨᠠᠮ ᠠᠴᠠ ᠳᠡᠯᠡᠬᠡᠢ ᠶᠢᠨ ᠪᠤᠰᠤᠳ ᠲᠦᠷᠦ ᠶᠢᠨ | ᠨᠠᠮ ᠳ᠋ᠤ᠋ᠦᠵᠡᠭᠦᠯᠦᠭᠰᠡᠨ ᠦᠯᠢᠭᠡᠷ ᠳᠠᠭᠤᠷᠢᠶᠠᠯ ᠠᠴᠠ ᠠᠷᠠᠳ ᠤᠨ ᠰᠡᠳᠬᠢᠯ ᠢ ᠰᠡᠳᠬᠢᠨ ᠤᠬᠠᠬᠤ ᠨᠢ᠃ | ᠬᠡᠭᠦᠳᠡᠭ ᠴᠡᠭᠡᠵᠢᠨ ᠳᠡᠭᠡᠨ ᠮᠢᠩᠭᠠᠨ ᠣᠨ ᠤ ᠠᠤᠭ᠎ᠠ ᠦᠢᠯᠡᠰ ᠢ ᠡᠪᠦᠷᠯᠡᠬᠦ ᠨᠢ ᠴᠢᠪ ᠬᠡᠮᠡᠨ ᠵᠠᠭᠤᠨ | ᠵᠢᠯ ᠤᠨ ᠴᠤᠭ ᠵᠢᠪᠬᠤᠭ᠎ᠠ ᠪᠣᠯᠤᠨ᠎ᠠ︔ | ᠤᠷᠤᠭᠰᠢᠯᠠᠯᠲᠠ ᠶᠢᠨ ᠬᠦᠴᠦᠨ ᠢ ᠣᠯᠵᠤ᠂ ᠨᠠᠰᠤᠨ ᠲᠤᠷᠰᠢᠳᠠ ᠨᠠᠮ ᠪᠠ ᠤᠯᠤᠰ ᠲᠠᠭᠠᠨ ᠠᠯᠢᠪᠠ ᠪᠠᠨ | ᠵᠤᠷᠢᠭᠤᠯᠤᠨ᠎ᠠ᠃ | ᠲᠠᠭᠤᠷᠢᠶᠠᠯ | ᠵᠠᠭᠤᠨ ᠵᠢᠯ ᠤᠨ ᠲᠡᠦᠬᠡᠨ ᠶᠠᠪᠤᠴᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ 9000 ᠭᠠᠷᠤᠢ ᠲᠦᠮᠡᠨ | ᠨᠠᠮ ᠤᠨ ᠭᠡᠰᠢᠭᠦᠨ ᠲᠠᠢ ᠲᠤᠮᠤ ᠨᠠᠮ ᠪᠣᠯᠤᠨ ᠪᠤᠶᠢᠵᠢᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠲᠠᠰᠤᠷᠠᠯᠲᠠ | ᠦᠭᠡᠢ ᠬᠥᠭᠵᠢᠨ ᠪᠤᠵᠠᠭᠠᠢᠢᠷᠠᠭᠰᠠᠨ ᠤ ᠴᠢᠬᠤᠯᠠ ᠰᠢᠯᠲᠠᠭᠠᠨ ᠨᠢ ᠠᠷᠠᠳ ᠲᠦᠮᠡᠨ ᠤ ᠠᠰᠢᠭ ᠲᠤᠰᠠ ᠶᠢ ᠲᠡᠷᠢᠭᠦᠨ | ᠪᠠᠶᠢᠷᠢᠨ ᠳᠤ ᠲᠠᠯᠪᠢᠭᠰᠠᠨ ᠳᠤ ᠣᠷᠣᠰᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠺᠠᠳ᠋ᠷ ᠢ ᠰᠢᠯᠢᠨ | ᠰᠣᠩᠭᠤᠬᠤ᠂ ᠴᠢᠳᠠᠪᠤᠷᠢᠲᠠᠨ ᠢ ᠬᠡᠷᠡᠭᠯᠡᠬᠦ ᠳᠡᠭᠡᠨ ᠶᠣᠰᠣ ᠰᠤᠷᠲᠠᠬᠤᠨ ᠡᠷᠳᠡᠮ ᠴᠢᠳᠠᠪᠤᠷᠢ ᠶᠢ ᠬᠤᠣᠰᠯᠠᠭᠤᠯᠬᠤ᠂ | ᠶᠣᠰᠣ ᠰᠤᠷᠲᠠᠬᠤᠨ ᠢ ᠲᠡᠷᠢᠭᠦᠨ ᠳᠤ ᠲᠠᠯᠪᠢᠬᠤ᠂ ᠡᠷᠳᠡᠮᠲᠡᠨ ᠮᠡᠷᠭᠡᠳ ᠢ ᠯᠡ ᠬᠡᠷᠡᠭᠯᠡᠬᠦ ᠶᠢ ᠴᠢᠬᠤᠯᠠᠴᠢᠯᠠᠵᠤ᠂ | ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠦᠢᠯᠡᠳᠦᠯᠭᠡ ᠶᠢᠨ ᠳᠤᠮᠳᠠ ᠪᠣᠳᠠᠲᠤ ᠦᠷ᠎ᠡ | ᠪᠦᠲᠦᠮᠵᠢ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠠᠵᠤ ᠠᠬᠤᠢ ᠶᠢᠨ ᠲᠦᠷᠭᠡᠨ ᠬᠥᠭᠵᠢᠯᠲᠡ ᠶᠢᠨ ᠭᠠᠶᠢᠬᠠᠮᠰᠢᠭ ᠪᠣᠯᠤᠨ ᠨᠡᠶᠢᠭᠡᠮ ᠤᠨ ᠤᠷᠳᠤ | ᠬᠤᠭᠤᠴᠠᠭᠠᠨ ᠤ ᠲᠣᠭᠲᠠᠭᠤᠨ ᠤ ᠭᠠᠶᠢᠬᠠᠮᠰᠢᠭ ᠢ ᠡᠭᠦᠳᠪᠡ᠃ ᠲᠡᠭᠦᠨ ᠤ ᠳᠣᠲᠣᠷᠠᠬᠢ ᠨᠢᠭᠡᠨ ᠴᠢᠬᠤᠯᠠ ᠰᠢᠯᠲᠠᠭᠠᠨ | ᠪᠣᠯ ᠳᠠᠷᠤᠢ ᠳᠤᠮᠳᠠᠳᠤ ᠤᠯᠤᠰ ᠤᠨ ᠡᠪ ᠬᠠᠮᠲᠤ ᠨᠠᠮ ᠮᠠᠷᠺᠰ ᠤᠨ ᠦᠵᠡᠯ ᠤᠨ ᠮᠥᠨ ᠴᠢᠨᠠᠷ ᠢ ᠣᠨᠣᠪᠴᠢᠲᠠᠢ | ᠡᠵᠡᠮᠰᠢᠬᠦ ᠶᠢᠨ ᠬᠠᠮᠲᠤ ᠲᠡᠭᠦᠨ ᠤ ᠠᠭᠤᠯᠤᠭᠳᠠᠬᠤᠨ ᠢ ᠲᠠᠰᠤᠷᠠᠯᠳᠠ ᠦᠭᠡᠢ ᠪᠦᠲᠦᠭᠡᠯᠴᠢ ᠪᠠᠷ ᠬᠥᠭᠵᠢᠭᠦᠯᠦᠭᠰᠡᠨ | ᠶᠠᠪᠤᠳᠠᠯ ᠪᠣᠯᠤᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠪᠣᠯ ᠪᠣᠳᠠᠲᠤ ᠪᠠᠶᠢᠳᠠᠯ ᠲᠠᠢ | ᠭᠦᠨᠵᠡᠭᠡᠢ ᠤᠶᠠᠯᠳᠤᠭᠤᠯᠤᠭᠰᠠᠨ ᠮᠠᠷᠺᠰ ᠤᠨ ᠦᠵᠡᠯ ᠮᠥᠨ᠃ | ᠠᠷᠠᠳ ᠤᠨ ᠰᠡᠳᠬᠢᠯ | ᠠᠷᠠᠳ ᠤᠨ ᠰᠡᠳᠬᠢᠯ ᠪᠣᠯ ᠬᠠᠮᠤᠭ ᠤᠨ ᠶᠡᠭᠡ ᠤᠯᠤᠰ ᠲᠦᠷᠦ ᠮᠥᠨ᠃ ᠠᠷᠠᠳ ᠤᠯᠠᠨ ᠤ ᠠᠮᠢᠳᠤᠷᠠᠯ ᠨᠢ | ᠤᠯᠤᠰ ᠢ ᠵᠠᠰᠠᠬᠤ ᠂ ᠠᠷᠠᠳ ᠤᠯᠠᠨ ᠤ ᠠᠩᠬᠠᠷᠴᠤ ᠪᠠᠶᠢᠭ᠎ᠠ ᠶᠡᠭᠡ ᠪᠠᠭ᠎ᠠ ᠶᠠᠪᠤᠳᠠᠯ ᠲᠠᠢ ᠬᠤᠯᠪᠣᠭᠳᠠᠵᠤ᠂ | ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠷᠠᠳ ᠤᠨ ᠠᠮᠢᠳᠤᠷᠠᠯ ᠤᠨ ᠠᠰᠠᠭᠤᠳᠠᠯ ᠪᠣᠯᠬᠤ ᠪᠥᠭᠡᠳ ᠶᠡᠷᠦᠩᠬᠡᠢ | ᠱᠦᠵᠢ ᠰᠢ ᠶᠢᠨ ᠫᠢᠩ ᠤᠨ ᠴᠢᠩ ᠰᠡᠳᠬᠢᠯ ᠠᠴᠠ ᠪᠠᠨ ᠰᠠᠨᠠᠭᠠᠰᠢᠷᠠᠵᠤ ᠪᠠᠶᠢᠭ᠎ᠠ ᠠᠷᠠᠳ ᠤᠨ ᠠᠮᠢᠳᠤᠷᠠᠯ ᠪᠣᠯᠤᠨ᠎ᠠ᠃ | ᠲᠡᠷᠡ ᠪᠠᠷ ᠪᠢᠳᠡᠨ ᠤ ᠴᠢᠬᠤᠯᠠ ᠶᠡᠭᠡ ᠠᠵᠢᠯ ᠪᠠ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠳᠠᠭᠠᠨ ᠡᠷᠬᠡᠪᠰᠢ | ᠠᠷᠠᠳ ᠤᠨ ᠪᠠᠶᠢᠳᠠᠯ ᠢ ᠣᠶᠢᠯᠠᠭᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠠᠷᠠᠳ ᠤᠯᠠᠨ ᠤ ᠠᠰᠢᠭ | ᠲᠤᠰᠠ ᠶᠢ ᠴᠢᠬᠤᠯᠠᠴᠢᠯᠠᠵᠤ᠂ ᠠᠷᠠᠳ ᠤᠯᠠᠨ ᠤ ᠬᠦᠰᠡᠯ ᠡᠷᠡᠮᠡᠯᠵᠡᠯ ᠢᠶᠠᠷ ᠮᠥᠷᠥᠭᠡᠳᠦᠯ ᠢᠶᠠᠨ ᠪᠣᠯᠭᠠᠬᠤ ᠬᠡᠷᠡᠭᠲᠡᠢ | ᠭᠡᠵᠦ ᠱᠠᠭᠠᠷᠳᠠᠪᠠ᠃ ᠳᠤᠮᠳᠠᠳᠤ ᠤᠯᠤᠰ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠥᠷᠢᠰᠥᠯᠳᠦᠭᠡᠨ ᠢ ᠠᠮᠵᠢᠯᠲᠠ ᠲᠠᠢ ᠠᠷᠭᠠᠴᠠᠭᠠᠵᠤ᠂ ᠳᠤᠮᠳᠠᠳᠤ ᠤᠯᠤᠰ ᠤᠨ ᠡᠪ ᠬᠠᠮᠲᠤᠴᠤᠳ ᠤᠨ ᠤᠭ ᠰᠠᠨᠠᠭ᠎ᠠ | ᠪᠣᠯᠤᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠠᠯᠬᠤᠭ᠎ᠠ ᠶᠢ ᠨᠡᠩ ᠪᠠᠲᠤ ᠴᠢᠩᠭ᠎ᠠ ᠪᠣᠯᠭᠠᠪᠠ᠃ | ᠵᠠᠮ ᠣᠶᠢᠷ᠎ᠠ ᠪᠣᠯᠪᠠᠴᠤ ᠶᠠᠪᠤᠬᠤ ᠦᠭᠡᠢ ᠪᠣᠯ ᠬᠦᠷᠬᠦ ᠦᠭᠡᠢ᠂ ᠶᠠᠪᠤᠳᠠᠯ ᠪᠠᠭ᠎ᠠ ᠪᠣᠯᠪᠠᠴᠤ ᠬᠢᠬᠦ ᠦᠭᠡᠢ ᠪᠣᠯ | ᠪᠦᠲᠦᠬᠦ ᠦᠭᠡᠢ᠃ ᠠᠷᠠᠳ ᠤᠨ ᠰᠡᠳᠬᠢᠯ ᠢ ᠣᠯᠵᠤ᠂ ᠴᠠᠭ ᠮᠥᠴᠡ ᠶᠢ ᠠᠵᠢᠭᠯᠠᠵᠤ᠂ ᠠᠷᠠᠳ ᠤᠨ ᠵᠣᠪᠠᠭᠤᠷᠢ | ᠵᠦᠳᠡᠭᠦᠷᠢ ᠶᠢ ᠡᠭᠦᠷᠢᠳᠡ ᠰᠡᠳᠬᠢᠯ ᠳᠤ ᠪᠠᠨ ᠲᠤᠭᠲᠠᠭᠠᠵᠤ︔ ᠶᠠᠪᠤᠳᠠᠯ ᠪᠦᠬᠦᠨ ᠳᠤ ᠪᠣᠯᠭᠤᠮᠵᠢᠲᠠᠶ ᠪᠠᠶᠢᠵᠤ᠂ | ᠠᠷᠢᠭᠤᠨ ᠴᠢᠬᠡᠴᠢ ᠨᠤᠶᠠᠨ ᠪᠤᠯᠪᠠᠯ ᠵᠡᠭᠦᠳᠦ ᠠᠮᠤᠭᠤᠯᠠᠩ ᠃ ᠠᠵᠢᠯ ᠤᠨ ᠪᠠᠶᠢᠷᠢ ᠪᠠᠨ ᠬᠠᠶᠢᠷᠠᠯᠠᠪᠠᠯ ᠰᠠᠶ᠋ᠢ᠂ | ᠡᠳᠦᠷ ᠠᠴᠠ ᠡᠳᠦᠷ ᠴᠢᠨᠡᠭᠡᠯᠢᠭᠵᠢᠨ ᠮᠠᠨᠳᠤᠵᠤ᠂ ᠤᠯᠤᠰ ᠬᠦᠴᠦᠷᠭᠡᠭᠵᠢᠨ ᠬᠢᠯᠢ ᠬᠢᠵᠠᠭᠠᠷ ᠲᠤᠭᠲᠠᠭᠤᠨ ᠪᠠᠶᠢᠵᠤ | ᠴᠢᠳᠠᠨ᠎ᠠ︔ ᠠᠷᠠᠳ ᠢᠷᠭᠡᠳ ᠲᠤ ᠪᠠᠨ ᠤᠰᠤᠯᠳᠠᠬᠤ ᠦᠬᠡᠢ ᠪᠣᠯ ᠰᠠᠶ᠋ᠢ ᠦᠷ᠎ᠡ ᠬᠤᠶᠢᠴᠢᠰ ᠲᠤ ᠪᠠᠨ ᠪᠤᠶᠠᠨ | ᠪᠤᠯᠵᠤ ᠂ ᠬᠡᠷᠡᠯ ᠰᠠᠴᠤᠷᠠᠩᠭᠤᠢ ᠠᠮᠵᠢᠯᠲᠠ ᠪᠠᠨ ᠦᠨᠢ ᠦᠩᠭᠡ ᠤᠯᠠᠮᠵᠢᠯᠠᠵᠤ ᠴᠢᠳᠠᠨ᠎ᠠ︕ |