ᠳᠠᠭᠤᠤ ᠰᠢᠭ᠋ ᠣᠨ ᠵᠢᠯ ᠤᠳ ᠠᠴᠠ ᠬᠤᠪᠢᠷᠠᠰᠢ ᠦᠭᠡᠢ ᠠᠷᠠᠳ ᠤᠨ ᠶᠠᠪᠣᠳᠠᠯ ᠤᠨ ᠬᠠᠶᠢᠷ᠎ᠠ ᠰᠡᠳᠭᠢᠯᠭᠡ ᠶᠢ | ᠮᠡᠳᠡᠷᠡᠬᠦᠢ | ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ ᠠᠵᠢᠯ | ᠤᠨ ᠴᠢᠳᠠᠪᠦᠷᠢᠲᠠᠨ ︵ᠨᠢᠭᠦᠯᠡᠰᠦᠩᠭᠦᠢ ᠶᠢᠨ ᠶᠡᠷᠦᠩᠬᠡᠢ ᠨᠡᠶᠢᠭᠡᠮᠯᠢᠭ︶ ᠤ ᠦᠢᠯᠡᠴᠢᠯᠡᠭᠡᠨ ᠤ ᠲᠦᠪ ᠤᠨ ᠵᠢᠶᠠᠩ | ᠸᠠᠨ ᠯᠢ ᠵᠣᠬᠢᠶᠠᠪᠠ | ᠭᠡ᠊ · ᠪᠠᠭᠠᠲᠣᠷ ᠣᠷᠴᠢᠭᠤᠯᠪᠠ | ︽ᠨᠢᠭᠡ ᠡᠳᠦᠷ ᠢᠨᠤ ᠨᠢᠭᠡ ᠵᠢᠯ ᠮᠡᠲᠤ᠂ ᠨᠢᠭᠡ ᠵᠢᠯ ᠢᠨᠣ ᠨᠢᠭᠡ ᠡᠳᠦᠷ ᠮᠡᠲᠤ᠂ ᠡᠳᠦᠷ ᠬᠤᠨᠤᠭ ᠣᠷᠴᠢᠬᠤ | ᠠᠪᠠᠴᠤ᠂ ᠪᠢ ᠪᠣᠯᠪᠠᠰᠤ ᠮᠦᠨ ᠯᠡ ᠪᠢ᠃ / ᠨᠢᠭᠡ ᠣᠳᠠᠭ᠎ᠠ ᠶᠢ ᠮᠢᠩᠭᠠᠨ ᠣᠳᠠᠭ᠎ᠠ ᠬᠡᠷᠡᠭᠯᠡᠬᠦᠢ᠂ ᠮᠢᠩᠭᠠᠨ | ᠣᠳᠠᠭ᠎ᠠ ᠪᠣᠯᠪᠠᠰᠤ ᠵᠦᠪᠬᠡᠨ ᠨᠢᠭᠡ ᠯᠡ ᠣᠳᠠᠭ᠎ᠠ ᠶᠢᠨ ᠲᠦᠯᠦᠭᠡᠬᠢ᠂ ᠦᠨᠢ ᠬᠤᠯᠠ ᠶᠢ ᠳᠣᠷᠠᠰᠬᠤᠢ ᠳᠤᠷ᠂ | ᠣᠭ ᠰᠠᠨᠠᠭ᠎ᠠ ᠮᠠᠨᠢ ᠲᠣᠳᠣᠷᠠᠮᠣᠢ᠃/ ᠪᠢ ᠮᠠᠰᠢ ᠣᠯᠠᠨ ᠬᠤᠪᠢᠷᠠᠯᠲᠠ ᠭᠠᠷᠭᠠᠭᠰᠠᠨ ᠂ ᠵᠦᠪᠬᠡᠨ ᠰᠡᠳᠭᠢᠯ | ᠢᠶᠠᠨ ᠬᠤᠪᠢᠷᠭᠠᠬᠤ ᠦᠭᠡᠢ ᠶᠢᠨ ᠲᠦᠯᠦᠭᠡ᠂ ᠴᠢᠮ᠎ᠠ ᠶᠢ ᠰᠡᠮ ᠢᠶᠠᠷ ᠬᠦᠨ᠎ᠡ ᠬᠠᠶᠢᠷᠠᠯᠠᠭᠰᠠᠭᠠᠷ᠂ ᠠᠭᠤᠯᠵᠠᠬᠤ | ᠡᠰᠡ ᠠᠭᠠᠣᠯᠵᠠᠬᠤ ᠶᠢ ᠦᠯᠤ ᠦᠭᠦᠯᠡᠷᠦᠨ᠃/ ᠪᠢ ᠮᠠᠰᠢ ᠣᠯᠠᠨ ᠬᠤᠪᠢᠷᠠᠯᠲᠠ ᠭᠠᠷᠭᠠᠭᠰᠠᠨ᠂ ᠵᠦᠪᠬᠡᠨ | ᠰᠡᠳᠭᠢᠯ ᠢᠶᠠᠨ ᠬᠤᠪᠢᠷᠭᠠᠬᠤ ᠦᠭᠡᠢ ᠶᠢᠨ ᠲᠦᠯᠦᠭᠡ᠂ ᠪᠢ ᠴᠢᠨᠤ ᠣᠯᠵᠦ ᠬᠠᠷᠠᠬᠤ ᠶᠢ ᠴᠢᠨᠢ ᠬᠡᠴᠢᠨᠡᠬᠡᠨ | ᠬᠦᠰᠡᠨᠡᠮ᠃ ︾ | —— ︽ᠪᠢ ᠬᠤᠪᠢᠷᠠᠯ᠎ᠠ᠂ ᠪᠢ ᠬᠤᠪᠢᠷᠠᠭ᠎ᠠ ᠦᠭᠡᠢ︾ | | ᠠᠷᠠᠳ ᠤᠨ ᠶᠠᠪᠣᠳᠠᠯ ᠤᠨ ᠦᠢᠯᠡᠰ ᠤᠨ ᠬᠦᠭᠵᠢᠯᠲᠡ ᠶᠢᠨ ᠲᠡᠣᠬᠡ ᠶᠢ ᠪᠣᠳᠣᠬᠤ ᠪᠠᠷ ᠯᠡ᠂ ᠶᠠᠩ | ᠽᠥᠡᠭ ᠸᠧᠢ ᠶᠢᠨ ᠳᠠᠭᠤᠯᠠᠭᠰᠠ ︽ᠪᠢ ᠬᠤᠪᠢᠷᠠᠭᠰᠠᠨ᠂ ᠪᠢ ᠬᠤᠪᠢᠷᠠᠭ᠎ᠠ ᠦᠭᠡᠢ︾ ᠬᠡᠮᠡᠬᠦ ᠳᠠᠭᠤᠤ ᠦᠪᠡᠷ ᠤᠨ | ᠡᠷᠬᠡ ᠦᠭᠡᠢ ᠴᠢᠬᠢᠨ ᠳᠤ ᠮᠢᠨᠢ ᠳᠠᠭᠤᠷᠢᠰᠬᠤ ᠶᠣᠮ᠃ ᠡᠨᠡ ᠬᠦ ᠳᠠᠭᠤᠤ ᠪᠣᠯᠪᠠᠰᠤ ᠮᠠᠰᠢ ᠭᠦᠨ ᠭᠦᠨᠵᠡᠭᠡᠢ | ᠬᠠᠶᠢᠷ᠎ᠡ ᠰᠡᠳᠬᠢᠯᠭᠡ ᠲᠠᠢ ᠳᠡᠯᠭᠡᠷᠡᠭᠡ ᠳᠠᠭᠤᠤ ᠪᠠᠶᠢᠵᠦ᠂ ᠠᠶᠠᠰ ᠠᠶᠢᠵᠠᠮ ᠨᠢ ᠢᠷᠠᠭᠤᠬᠠᠨ᠂ ᠦᠭᠡ ᠨᠢ | ᠣᠶᠢᠯᠠᠭᠠᠮᠵᠢᠲᠠᠢ ᠠᠭᠠᠳ ᠳᠠᠭᠤᠯᠠᠭᠰᠠᠨ ᠳᠠᠭᠤᠴᠢᠨ ᠨᠢ ᠮᠠᠰᠢ ᠰᠠᠶᠢᠬᠠᠨ ᠠᠮᠢᠯᠠᠭᠤᠯᠣᠨ ᠳᠠᠭᠤᠯᠠᠭᠰᠠᠨ ᠣᠴᠢᠷ ᠠᠴᠠ | ᠬᠠᠶᠢᠷ᠎ᠠ ᠳᠣᠷᠠᠯᠠᠯ ᠤᠨ ᠡᠷᠡᠮᠡᠯᠵᠡᠯ ᠬᠢᠭᠡᠳ ᠠᠮᠠᠯᠠᠯᠲᠠ ᠨᠢ ᠠᠶᠠᠰ ᠠᠶᠢᠵᠠᠮ ᠢᠶᠠᠨ ᠳᠠᠭᠠᠭᠠᠳ ᠨᠡᠯ ᠳᠤ ᠪᠠᠨ | ᠳᠠᠷᠬᠠᠭᠰᠠᠨ ᠠᠵᠢ᠃ ᠨᠠᠳᠠ ᠳᠤ ᠠᠪᠴᠤ ᠬᠡᠯᠡᠪᠡᠯ᠂ ᠳᠠᠭᠤᠤ ᠶᠢᠨ ᠠᠭᠤᠯᠬᠤᠨ ᠨᠢ ᠨᠢᠭᠡᠨ ᠬᠡᠮᠵᠢᠶᠡᠨ᠎ᠡ ᠠᠷᠠᠳ | ᠤᠨ ᠶᠠᠪᠣᠳᠠᠯ ᠤᠨ ᠬᠦᠮᠦᠨ᠂ ᠠᠷᠠᠳ ᠤᠨ ᠶᠠᠪᠣᠳᠠᠯ ᠤᠨ ᠬᠠᠶᠢᠷ᠎ᠠ ᠰᠡᠳᠭᠢᠯᠭᠡ ᠪᠡ ᠠᠷᠠᠳ ᠤᠨ ᠶᠠᠪᠣᠳᠠᠯ ᠤᠨ | ᠦᠢᠯᠡᠰ ᠲᠠᠢ ᠶᠠᠪ ᠴᠠᠪ ᠳᠣᠬᠢᠷᠠᠭᠰᠠᠨ ᠭᠦᠨ ᠰᠠᠭᠤᠭᠳᠠᠯ ᠲᠠᠢ ᠳᠠᠭᠤᠤ ᠶᠣᠮ᠃ | ᠡᠭᠦᠷᠭᠡ ᠲᠣᠰᠢᠶᠠᠯ ᠬᠤᠪᠢᠷᠠᠯ᠎ᠠ ᠴᠤ ᠨᠠᠮ ᠤᠨ ᠣᠳᠣᠷᠢᠳᠣᠯᠭ᠎ᠠ ᠶᠢ ᠳᠠᠭᠠᠬᠤ ᠨᠢ ᠬᠤᠪᠢᠷᠠᠰᠢ ᠦᠭᠡᠢ | ᠯᠢ ᠵᠢᠢ ᠡᠾᠸᠡᠭ ᠶᠠᠮᠣᠨ ᠤ ᠳᠠᠷᠤᠭ᠎ᠠ ᠶᠢᠨ ᠵᠢᠭᠠᠵᠦ ᠭᠠᠷᠭᠠᠭᠰᠠᠨᠴᠢᠯᠠᠨ ᠢᠶᠠᠷ᠂ ᠨᠠᠮ ᠤᠨ ᠵᠠᠭᠤᠨ ᠵᠢᠯ ᠤᠨ | ᠲᠡᠣᠬᠡᠨ ᠶᠠᠪᠣᠴᠠ ᠳᠣᠮᠳᠠ᠂ ᠠᠷᠠᠳ ᠤᠨ ᠶᠠᠪᠣᠳᠠᠯ ᠨᠢ ᠨᠠᠮ ᠤᠨ ᠣᠳᠣᠷᠢᠳᠣᠯᠭ᠎ᠠ ᠳᠣᠣᠷ᠎ᠠ ᠰᠠᠭᠠᠳ ᠪᠡᠷᠬᠡ ᠶᠢ | ᠢᠯᠠᠨ ᠳᠠᠪᠠᠵᠦ᠂ ᠡᠷᠡᠮᠡᠬᠡᠶᠢᠯᠡᠨ ᠣᠷᠣᠭᠰᠢᠯᠠᠵᠦ᠂ ᠭᠡᠷᠡᠯ ᠰᠠᠴᠣᠷᠠᠩᠭᠤᠢ ᠣᠨ ᠵᠢᠯ ᠤᠳ ᠢ ᠦᠡᠭᠭᠡᠷᠡᠭᠡᠵᠦ᠂ | ᠲᠡᠣᠭᠡᠲᠤ ᠴᠢᠨᠠᠷᠲᠠᠢ ᠦᠢᠯᠡᠳᠦᠯ ᠢᠶᠠᠨ ᠪᠠᠳᠠᠷᠠᠭᠤᠯᠵᠦ᠂ ᠮᠠᠰᠢ ᠣᠯᠠᠨ ᠦᠨᠡᠲᠤ ᠴᠣᠬᠠᠭ ᠡᠳ᠋ ᠪᠠᠶᠠᠯᠢᠭ ᠢ | ᠦᠯᠡᠳᠡᠭᠡᠵᠡᠢ᠃ | ᠠᠷᠠᠳ ᠤᠨ ᠶᠠᠪᠣᠳᠠᠯ ᠤᠨ ᠦᠢᠯᠡᠰ ᠪᠣᠯ ᠳᠣᠮᠳᠠᠳᠤ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ | ᠦᠢᠯᠡᠰ ᠤᠨ ᠴᠢᠬᠤᠯᠠ ᠪᠦᠷᠢᠯᠳᠦᠭᠦᠨ ᠭᠡᠰᠡᠭ ᠮᠦᠨ᠃ ᠨᠠᠮ ᠤᠨ ᠣᠳᠣᠷᠢᠳᠣᠯᠭ᠎ᠠ ᠶᠢ ᠪᠠᠷᠢᠮᠲᠠᠯᠠᠬᠤ ᠪᠣᠯ | ᠠᠷᠠᠳ ᠤᠨ ᠶᠠᠪᠣᠳᠠᠯ ᠤᠨ ᠦᠢᠯᠡᠰ ᠤᠨ ᠥᠳᠲᠡᠷ ᠬᠦᠭᠵᠢᠯᠲᠡ ᠶᠢᠨ ᠦᠨᠳᠦᠰᠦᠨ ᠪᠠᠲᠤᠯᠠᠭ᠎ᠠ ᠬᠢᠭᠡᠳ | ᠦᠨᠳᠦᠰᠦᠨ ᠳᠣᠷᠰᠢᠯᠭ᠎ᠠ ᠮᠦᠨ᠃ ᠠᠷᠠᠳ ᠤᠨ ᠶᠠᠪᠣᠳᠠᠯ ᠤᠨ ᠦᠢᠯᠡᠰ ᠤᠨ ᠬᠦᠭᠵᠢᠯ ᠤᠨ ᠲᠡᠣᠬᠡ ᠶᠢ ᠭᠤᠣᠯᠳᠤ | ᠠᠴᠠ ᠨᠢ ᠠᠵᠢᠭᠯᠠᠪᠠᠯ᠂ ᠳᠣᠮᠳᠠᠳᠤ ᠶᠢᠨ ᠰᠣᠪᠢᠶᠠᠳ ᠪᠦᠭᠦᠳᠡ ᠨᠠᠶᠢᠷᠠᠮᠳᠠᠬᠤ ᠣᠯᠣᠰ ᠤᠨ ᠲᠦᠷ ᠴᠠᠭ ᠤᠨ ᠲᠦᠪ | ᠤᠨ ᠵᠠᠰᠠᠭ ᠤᠨ ᠣᠷᠳᠣᠨ ᠠᠴᠠ ᠨᠠᠮ ᠤᠨ ᠣᠳᠣᠷᠢᠳᠣᠭᠰᠠᠨ ᠠᠩᠬᠠᠳᠠᠭᠴᠢ ᠲᠦᠪ ᠤᠨ ᠲᠡᠰ ᠤᠨ ᠠᠷᠠᠳ ᠤᠨ | ᠶᠠᠪᠣᠳᠠᠯ ᠤᠨ ᠪᠠᠶᠢᠭᠤᠯᠣᠮᠵᠢ — ᠳᠣᠲᠣᠭᠠᠳᠤ ᠶᠠᠪᠣᠳᠠᠯ ᠤᠨ ᠠᠷᠠᠳ ᠤᠨ ᠭᠡᠰᠢᠭᠦᠳ ᠤᠨ ᠭᠡᠯᠲᠡᠰ ᠢ | ᠪᠠᠶᠢᠭᠤᠯᠤᠭᠰᠠᠨ ᠠᠴᠠ ᠨᠠᠭᠠᠰᠢ᠂ ᠠᠷᠠᠳ ᠤᠨ ᠶᠠᠪᠣᠳᠠᠯ ᠨᠢ ᠰᠢᠨ᠎ᠠ ᠠᠷᠠᠳᠴᠢᠯᠠᠭᠰᠠᠨ ᠬᠤᠪᠢᠰᠬᠠᠯ ᠤᠨ ᠦᠶ᠎ᠠ᠂ | ᠨᠡᠶᠢᠭᠡᠮ ᠵᠢᠷᠣᠮᠲᠤ ᠬᠤᠪᠢᠰᠬᠠᠯ ᠪᠠ ᠪᠦᠲᠦᠭᠡᠨ ᠪᠠᠶᠢᠭᠤᠯᠣᠯᠲᠠ ᠶᠢᠨ ᠦᠶ᠎ᠠ᠂ ᠦᠭᠡᠷᠡᠴᠢᠯᠡᠯᠲᠡ ᠨᠡᠭᠡᠭᠡᠯᠲᠡ ᠶᠢᠨ | ᠦᠶ᠎ᠠ ᠪᠠ ᠰᠢᠨ᠎ᠡ ᠴᠠᠭ ᠦᠶ᠎ᠡ ᠳᠤ ᠬᠡᠳᠦᠨ ᠠᠷᠪᠠᠨ ᠲᠦᠷᠦᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ | ᠢᠷᠡᠵᠡᠢ᠃ ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠤᠨ ᠡᠷᠬᠢᠯᠡᠭᠰᠡᠨ ᠠᠵᠢᠯ ᠨᠢ ᠲᠦᠪᠡᠭ ᠪᠣᠳᠣᠯᠢᠶᠠᠨᠲᠠᠢ | ᠪᠠᠶᠢᠵᠤ ᠣᠯᠠᠨ ᠲᠠᠯ᠎ᠠ ᠶᠢ ᠬᠠᠮᠤᠷᠤᠨ᠂ ᠨᠢᠭᠡᠨ ᠨᠡᠷ᠎ᠡ ᠨᠢᠳᠡᠷ ᠲᠤ ᠪᠠᠨ ᠨᠠᠶᠢᠴᠡᠭᠰᠡᠨ ᠠᠷᠠᠳ ᠢᠷᠭᠡᠳ ᠤᠨ ︽ | ᠶᠡᠭᠡ ᠬᠠᠮᠢᠶᠠᠷᠣᠭᠴᠢ︾ ᠪᠣᠯᠬᠤ ᠪᠢᠯᠡ᠂ ᠮᠦᠨ ᠴᠤ ᠠᠷᠠᠳ ᠢᠷᠭᠡᠳ ᠬᠦᠴᠢᠷᠳᠡᠯ ᠵᠤᠪᠠᠨᠢᠯ ᠲᠤᠯᠭᠠᠮᠳᠠᠯ ᠳᠤ | ᠳᠣᠯᠭᠠᠷᠠᠬᠤ ᠦᠶ᠎ᠡ ᠳᠤ ᠶᠠᠭᠤᠨ ᠤ ᠡᠮᠦᠨ᠎ᠡ ᠲᠣᠰᠠᠯᠠᠮᠵᠢ ᠬᠦᠰᠡᠬᠦ ᠪᠠᠶᠢᠭᠤᠯᠣᠮᠵᠢ ᠶᠣᠮ᠃ 2018 ᠣᠨ ᠳᠤ | ᠨᠠᠮ ᠪᠡ ᠲᠦᠷᠤ ᠶᠢᠨ ᠪᠠᠶᠢᠭᠤᠯᠣᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠠᠴᠠ ᠨᠠᠭᠠᠰᠢ᠂ ᠠᠷᠠᠳ | ᠤᠨ ᠶᠠᠪᠣᠳᠠᠯ ᠤᠨ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭ᠎ᠠ ᠨᠢ ᠦᠨᠳᠦᠰᠦᠨ ᠠᠷᠠᠳ ᠤᠨ ᠠᠮᠢᠳᠣᠷᠠᠯ ᠤᠨ | ᠪᠠᠲᠣᠯᠭ᠎ᠠ᠂ ᠦᠨᠳᠦᠰᠦᠨ ᠱᠠᠲᠣᠨ ᠤ ᠨᠡᠶᠢᠭᠡᠮ ᠤᠨ ᠵᠠᠰᠠᠯᠲᠠ ᠪᠠ ᠦᠨᠳᠦᠰᠦᠨ ᠣᠯᠠᠨ ᠨᠡᠶᠢᠲᠡ ᠶᠢᠨ | ᠦᠢᠯᠡᠴᠢᠯᠡᠭᠡ ᠵᠡᠷᠭᠡ ᠲᠠᠯ᠎ᠠ ᠳᠤ ᠲᠦᠪᠯᠡᠷᠡᠵᠦ᠂ ᠡᠭᠦᠷᠭᠡ ᠴᠢᠳᠠᠮᠵᠢ ᠪᠠᠨ ᠣᠯᠠᠮ ᠲᠣᠳᠣᠷᠬᠠᠢ ᠪᠣᠯᠭᠠᠨ | ᠨᠠᠷᠢᠯᠢᠭᠵᠢᠭᠤᠯᠵᠦ᠂ ᠳᠤᠲᠤᠭᠠᠳᠤᠬᠢ ᠳᠣᠬᠢᠷᠠᠭᠤᠯᠤᠯᠲᠠ ᠪᠠᠨ ᠣᠯᠠᠮ ᠰᠢᠯᠢᠳᠡᠭᠵᠢᠭᠦᠯᠵᠦ᠂ ᠠᠵᠢᠯ ᠤᠨ ᠴᠢᠨᠠᠷ | ᠪᠠ ᠪᠠᠷᠢᠮᠵᠢᠶ᠎ᠠ ᠪᠠᠨ ᠣᠯᠠᠮ ᠴᠢᠩᠭᠠᠳᠬᠠᠭᠰᠠᠨ ᠪᠠᠶᠢᠨ᠎ᠠ᠃ | ᠵᠠᠭᠤᠨ ᠵᠢᠯ ᠤᠨ ᠳᠣᠷᠰᠢᠳᠠ᠂ ᠠᠯᠢ ᠨᠢᠭᠡ ᠲᠡᠣᠬᠡᠨ ᠴᠠᠭ ᠦᠶ᠎ᠡ ᠳᠤ ᠴᠤ ᠭᠡᠰᠡᠨ᠂ ᠪᠠᠶᠢᠭᠤᠯᠣᠮᠵᠢ ᠶᠢᠨ | ᠳᠣᠬᠢᠷᠠᠭᠤᠯᠣᠯᠲᠠ ᠶᠠᠮᠠᠷ ᠪᠠᠶᠢᠭᠰᠠᠨ ᠴᠤ ᠂ ᠡᠭᠦᠷᠭᠡ ᠬᠠᠷᠢᠭᠤᠴᠠᠯᠭ᠎ᠠ ᠳᠤ ᠶᠠᠮᠠᠷᠬᠠᠨ ᠬᠤᠪᠢᠷᠠᠯᠲᠠ ᠭᠠᠷᠣᠭᠰᠠᠨ | ᠴᠤ ᠭᠡᠰᠡᠨ᠂ ᠠᠷᠠᠳ ᠤᠨ ᠶᠠᠪᠣᠳᠠᠯ ᠤᠨ ᠬᠦᠮᠦᠨ ᠬᠡᠵᠢᠶᠡᠳᠡ ᠨᠠᠮ ᠤᠨ ᠲᠤᠭ ᠢᠶᠠᠷ ᠲᠤᠭ ᠢᠶᠠᠨ ᠪᠣᠯᠭᠠᠵᠦ᠂ ᠨᠠᠮ | ᠤᠨ ᠴᠢᠭᠯᠡᠯ ᠢᠶᠠᠷ ᠴᠢᠭᠯᠡᠯ ᠢᠶᠠᠨ ᠪᠣᠯᠭᠠᠵᠦ᠂ ᠨᠠᠮ ᠤᠨ ᠵᠣᠷᠢᠭ ᠰᠠᠨᠠᠭ᠎ᠠ ᠪᠠᠷ ᠵᠣᠷᠢᠭ ᠰᠠᠨᠠᠭ᠎ᠠ ᠪᠠᠨ ᠪᠣᠯᠭᠠᠵᠦ᠂ | ᠲᠦᠪ ᠤᠨ ᠢᠶᠠᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠨᠠᠮ ᠤᠨ ᠲᠦᠪ ᠬᠤᠷᠢᠶᠠᠨ ᠤ ᠡᠯ᠎ᠡ ᠲᠦᠷᠦᠯ | ᠤᠨ ᠰᠢᠢᠳᠪᠦᠷᠢ ᠪᠠᠶᠢᠷᠠᠯᠠᠭᠤᠯᠣᠯᠲᠠ ᠶᠢ ᠡᠷᠡᠰ ᠲᠣᠭᠤᠰᠢᠯᠠᠭᠤᠯᠣᠨ ᠨᠠᠶᠢᠳᠠᠪᠦᠷᠢᠵᠢᠭᠤᠯᠵᠦ᠂ ᠨᠠᠮ ᠠᠴᠠ ᠠᠷᠠᠳ | ᠤᠨ ᠶᠠᠪᠣᠳᠠᠯ ᠤᠨ ᠠᠵᠢᠯ ᠳᠤ ᠳᠠᠯᠪᠢᠭᠰᠠᠨ ᠡᠯ᠎ᠡ ᠵᠦᠢᠯ ᠤᠨ ᠱᠠᠭᠠᠷᠳᠠᠯᠠᠭ᠎ᠠ ᠶᠢ ᠲᠡᠷᠡ ᠶᠣᠰᠣᠭᠠᠷ ᠨᠢ ᠠᠷᠠᠳ ᠤᠨ | ᠲᠦᠯᠦᠭᠡᠬᠢ ᠦᠢᠯᠡᠳᠦᠯᠭᠡ ᠶᠢᠨ ᠳᠣᠮᠳᠠ ᠪᠠᠨ ᠨᠠᠶᠢᠳᠠᠪᠦᠷᠢᠵᠢᠭᠤᠯᠣᠭᠰᠠᠨ ᠪᠠᠶᠢᠨ᠎ᠠ᠃ ︽ᠨᠠᠮ ᠤᠨ ᠢᠶᠠᠨ ᠠᠴᠢ ᠳᠤ | ᠲᠠᠯᠠᠷᠬᠠᠵᠦ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠳᠠᠭᠠᠵᠦ ᠤᠷᠤᠭᠰᠢᠯᠠᠬᠤ︾ ᠂ ︽ᠬᠠᠭᠠᠰ | ᠨᠠᠰᠤ ᠪᠠᠷ ᠢᠶᠠᠨ ᠠᠷᠠᠳ ᠤᠨ ᠶᠠᠪᠣᠳᠠᠯ ᠳᠤ ᠵᠢᠳᠬᠦᠵᠦ ᠂ ᠨᠢᠭᠡ ᠨᠠᠰᠤ ᠪᠠᠷ ᠢᠶᠠᠨ ᠦᠨ᠋ᠬᠠᠴᠢ ᠰᠢᠳᠣᠷᠭᠤ ᠶᠢ | ᠪᠢᠴᠢᠭᠯᠡᠬᠦ︾ ᠪᠣᠯ ᠬᠤᠪᠢᠰᠬᠠᠯᠲᠤ ᠠᠷᠠᠳ ᠤᠨ ᠶᠠᠪᠣᠳᠠᠯ ᠤᠨ ᠬᠢᠨ ᠤ ᠦᠨᠡᠨᠴᠢ ᠣᠯᠠᠭᠠᠨ ᠵᠢᠷᠦᠬᠡ ᠰᠡᠳᠭᠢᠯ | ᠪᠠᠶᠢᠭ᠎ᠠ ᠶᠣᠮ᠃ | ᠪᠣᠰᠣᠳᠴᠢ ᠨᠦᠬᠦᠴᠡᠯ ᠬᠤᠪᠢᠷᠠᠭᠰᠠᠨ ᠴᠤ ᠠᠷᠠᠳ ᠤᠨ ᠲᠦᠯᠦᠭᠡᠬᠢ ᠬᠠᠶᠢᠷ᠎ᠠ ᠰᠡᠳᠭᠢᠯᠭᠡ ᠬᠤᠪᠢᠷᠠᠰᠢ ᠦᠬᠡᠢ | ᠨᠠᠮ ᠤᠨ ᠣᠳᠣᠷᠢᠳᠣᠯᠭ᠎ᠠ ᠳᠣᠣᠷᠠᠬᠢ ᠠᠷᠠᠳ ᠤᠨ ᠶᠠᠪᠣᠳᠠᠯ ᠤᠨ ᠦᠢᠯᠡᠰ ᠪᠣᠢ ᠪᠣᠯᠣᠮᠠᠭᠴᠠ᠂ ᠬᠤᠪᠢᠷᠠᠨ | ᠬᠦᠭᠵᠢᠬᠦ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠪᠠ ᠠᠷᠠᠳ ᠲᠦᠮᠡᠨ ᠤ ᠬᠡᠷᠡᠭᠴᠡᠭᠡ ᠶᠢ ᠦᠨᠳᠦᠰᠦᠯᠡᠵᠦ᠂ | ᠠᠵᠢᠯ ᠤᠨ ᠰᠡᠳᠭᠢᠴᠡ ᠪᠠᠨ ᠲᠣᠬᠢᠷᠠᠭᠤᠯᠵᠦ᠂ ᠠᠵᠢᠯ ᠤᠨ ᠠᠷᠭ᠎ᠠ ᠪᠠᠷᠢᠯ ᠢᠶᠠᠨ ᠰᠠᠶᠢᠵᠢᠷᠠᠭᠤᠯᠵᠦ ᠰᠢᠨᠡᠴᠢᠯᠡᠭᠰᠡᠭᠡᠷ | ᠢᠷᠡᠵᠡᠢ᠃ ᠵᠠᠭᠤᠨ ᠵᠢᠯ ᠤᠨ ᠲᠣᠷᠰᠢᠳᠠ᠂ ᠨᠠᠮ ᠪᠠ ᠲᠦᠷᠦ ᠠᠴᠠ ᠠᠳᠠᠯᠢ ᠪᠣᠰᠤ ᠴᠠᠭ ᠦᠶ᠎ᠡ ᠶᠢᠨ ᠲᠡᠣᠬᠡᠨ | ᠡᠭᠦᠷᠭᠡ ᠶᠢ ᠦᠨᠳᠦᠰᠦᠯᠡᠵᠦ᠂ ᠠᠷᠠᠳ ᠤᠨ ᠶᠠᠪᠣᠳᠠᠯ ᠳᠤ ᠵᠣᠬᠢᠴᠠᠩᠭᠤᠢ ᠠᠵᠢᠯ ᠤᠨ ᠡᠭᠦᠷᠭᠡ ᠬᠠᠷᠢᠭᠤᠴᠠᠯᠭ᠎ᠠ ᠶᠢ | ᠣᠯᠭᠤᠭᠰᠠᠨ ᠪᠠᠶᠢᠳᠠᠭ᠃ ᠲᠦᠷᠦ ᠶᠢᠨ ᠪᠣᠳᠣᠯᠭ᠎ᠠ ᠬᠤᠪᠢᠷᠠᠵᠦ᠂ ᠠᠷᠠᠳ ᠲᠦᠮᠡᠨ ᠤ ᠬᠡᠷᠡᠭᠴᠡᠭᠡ ᠬᠤᠪᠢᠷᠠᠵᠦ᠂ | ᠠᠵᠢᠯ ᠤᠨ ᠡᠭᠦᠷᠭᠡ ᠬᠠᠷᠢᠭᠤᠴᠠᠯᠭ᠎ᠠ ᠴᠤ ᠬᠤᠪᠢᠷᠠᠭᠰᠠᠭᠠᠷ᠂ ᠠᠷᠠᠳ ᠤᠨ ᠶᠠᠪᠣᠳᠠᠯ ᠤᠨ ᠦᠢᠯᠡᠰ ᠤᠨ ᠬᠦᠭᠵᠢᠯ | ᠳᠤ ᠰᠢᠨ᠎ᠠ ᠱᠠᠭᠠᠷᠳᠠᠯᠭ᠎ᠠ ᠳᠣᠷᠠᠳᠣᠭᠳᠠᠵᠦ᠂ ᠰᠢᠨ᠎ᠠ ᠪᠠᠷᠢᠮᠵᠢᠶ᠎ᠠ ᠲᠣᠭᠲᠠᠭᠠᠭᠳᠠᠭᠰᠠᠨ ᠪᠠᠶᠢᠨ᠎ᠠ᠃ | ᠪᠢ ᠦᠪᠡᠷ ᠤᠨ ᠲᠠᠯ᠎ᠠ ᠠᠴᠠ ᠠᠪᠴᠤ ᠬᠡᠯᠡᠬᠦ ᠳᠤ᠂ ᠠᠷᠠᠳ ᠤᠨ ᠶᠠᠪᠣᠳᠠᠯ ᠤᠨ ᠬᠦᠷᠢᠶ᠎ᠠ ᠬᠡᠪᠴᠢᠶᠠᠨ ᠳᠤ | ᠬᠢ ᠨᠢᠭᠦᠯᠡᠰᠦᠩᠭᠦᠢ ᠶᠢᠨ ᠠᠵᠢᠯ ᠳᠤ ᠣᠷᠣᠯᠴᠠᠭᠰᠠᠨ ᠠᠷᠪᠠ ᠭᠠᠷᠤᠢ ᠵᠢᠯ ᠤᠨ ᠳᠣᠷᠰᠢᠲᠠ᠂ ᠣᠨᠴᠠᠭᠠᠶᠢᠯᠠᠨ ᠨᠠᠮ | ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠭᠠᠰᠢ᠂ ᠳᠣᠮᠳᠠᠳᠤ ᠶᠢᠨ ᠬᠦᠰᠡᠯ ᠠᠯᠬᠤᠮ ᠠᠯᠬᠤᠮ ᠢᠶᠠᠷ | ᠪᠡᠶᠡᠯᠡᠭᠳᠡᠵᠦ᠂ ᠡᠯ᠎ᠡ ᠲᠦᠷᠦᠯ ᠤᠨ ᠠᠷᠠᠳ ᠤᠨ ᠲᠦᠯᠦᠭᠡᠬᠢ᠂ ᠠᠷᠠᠳ ᠲᠤ ᠠᠰᠢᠭ ᠬᠦᠷᠲᠡᠭᠡᠬᠦ᠂ ᠠᠷᠠᠳ ᠢ | ᠪᠠᠶᠠᠵᠢᠭᠤᠯᠬᠤ ᠲᠦᠷᠤ ᠶᠢᠨ ᠪᠣᠳᠣᠯᠭ᠎ᠠ ᠨᠢᠭᠡᠳ ᠨᠢᠭᠡ ᠪᠠᠷ ᠨᠠᠶᠢᠳᠠᠪᠣᠷᠢᠵᠢᠭᠤᠯᠣᠭᠳᠠᠵᠦ᠂ ᠨᠡᠶᠢᠭᠡᠮ ᠤᠨ ᠠᠮᠢᠳᠣᠷᠠᠯ | ᠤᠨ ᠬᠦᠷᠢᠶ᠎ᠡ ᠴᠠᠷᠠᠭᠠᠨ ᠳᠤ ᠡᠳᠦᠷ ᠪᠣᠯᠭᠠᠨ ᠯᠣᠲᠤ ᠶᠡᠭᠡ ᠰᠢᠨ᠎ᠡ ᠬᠤᠪᠢᠷᠠᠯᠲᠠ ᠭᠠᠷᠴᠤ ᠪᠣᠢ ᠶᠢ ᠪᠠᠶᠠᠷ | ᠪᠠᠶᠠᠰᠣᠯᠲᠠᠢ ᠪᠠᠷ ᠣᠯᠵᠦ ᠬᠠᠷᠠᠯ᠎ᠠ᠃ | ᠵᠢᠱᠢᠶᠡᠯᠡᠪᠡᠯ᠂ ᠨᠢᠭᠦᠯᠡᠰᠦᠩᠭᠦᠢ ᠶᠢᠨ ᠲᠣᠰᠠᠯᠠᠮᠵᠢ ᠶᠢ ᠡᠷᠡᠮᠡᠯᠵᠡᠯᠡᠬᠦ ᠬᠦᠴᠢᠷᠳᠡᠯᠲᠦ ᠣᠯᠠᠨ ᠲᠦᠮᠡᠨ ᠤ | ᠲᠡᠪᠰᠢᠭᠦᠯᠦᠭᠰᠡᠨ ᠣᠨᠣᠰᠢᠯᠠᠨ ᠡᠮᠨᠡᠭᠦᠯᠦᠭᠰᠡᠨ ᠪᠠᠷᠢᠮᠲᠠ ᠶᠢᠨ ᠬᠤᠪᠢᠷᠠᠯᠲᠠ ᠠᠴᠠ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠤᠨ ᠬᠦᠭᠵᠢᠯ ᠪᠠ ᠲᠡᠭᠦᠯᠳᠡᠷᠵᠢᠯ ᠢ ᠰᠢᠭᠤᠳ ᠮᠡᠳᠡᠷᠡᠵᠦ | ᠪᠣᠯᠣᠨ᠎ᠠ᠄ ᠦᠡᠭᠭᠡᠷᠡᠭᠰᠡᠨ ᠳᠤ ᠵᠦᠪᠬᠡᠨ ᠡᠮᠨᠡᠯᠭᠡ ᠠᠴᠠ ᠯᠡ ᠡᠮ ᠡᠮᠨᠡᠯᠭᠡ ᠶᠢᠨ ᠰᠦᠢᠳᠭᠡᠯ ᠤᠨ ᠪᠠᠷᠢᠮᠲᠠ ᠶᠢ | ᠭᠠᠷᠭᠠᠵᠦ ᠦᠭᠳᠡᠭ ᠪᠠᠶᠢᠭᠰᠠᠨ ᠠᠴᠠ ᠣᠳᠤ ᠪᠣᠯ ᠳᠠᠩᠰᠠ ᠲᠠᠶᠢᠯᠬᠤ ᠵᠦᠢᠯ ᠨᠢ ᠲᠣᠳᠤᠷᠬᠠᠢ ᠡᠮ ᠡᠮᠨᠡᠯᠭᠡ ᠶᠢᠨ | ᠳᠠᠭᠠᠳᠬᠠᠯ ᠤᠨ ᠲᠠᠰᠤᠯᠤᠨ ᠪᠣᠳᠤᠬᠤ ᠪᠠᠷᠢᠮᠲᠠ ᠲᠠᠢ ᠪᠣᠯᠣᠭᠰᠠᠨ︔ ᠦᠡᠭᠭᠡᠷᠡᠭᠰᠡᠨ ᠳᠤ ᠬᠤᠲᠠ ᠬᠦᠳᠡᠭᠡ ᠶᠢᠨ | ᠢᠯᠭᠠᠭ᠎ᠠ ᠲᠠᠢ ᠪᠠᠶᠢᠭᠰᠠᠨ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠣᠨ ᠨᠢ ᠣᠳᠤ ᠳᠤ ᠬᠤᠲᠠ | ᠬᠦᠳᠡᠭᠡ ᠨᠢᠭᠡ ᠴᠣᠭᠵᠢᠵᠢᠭᠰᠠᠨ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠣᠨ ᠬᠢᠵᠦ ᠪᠣᠯᠬᠤ | ᠪᠣᠯᠣᠭᠰᠠᠨ︔ ᠦᠡᠭᠭᠡᠷᠡᠭᠰᠡᠨ ᠳᠤ ᠬᠦᠨᠳᠤ ᠡᠪᠡᠳᠴᠢᠨ ᠤ ᠳᠠᠩᠰᠠ ᠲᠠᠶᠢᠯᠣᠨ ᠤ ᠬᠠᠷᠢᠴᠠᠯ ᠨᠠᠶᠢᠳᠠᠮ ᠳᠤ ᠪᠠᠨ | ᠳᠣᠣᠷ᠎ᠠ ᠪᠠᠶᠢᠭᠰᠠᠨ ᠠᠴᠠ ᠪᠠᠨ ᠣᠳᠤ ᠳᠤ ᠪᠣᠯ ᠵᠣᠩᠬᠢᠯᠠᠬᠤ ᠭᠠᠵᠠᠷ ᠲᠤ 80 % ᠪᠣᠶᠤ ᠴᠠᠭᠠᠰᠢᠯᠠᠭᠠᠳ ᠨᠡᠩ | ᠦᠨᠳᠦᠷ ᠪᠣᠯᠣᠭᠰᠠᠨ︔ ᠦᠡᠭᠭᠡᠷᠡᠭᠰᠡᠨ ᠳᠤ ᠵᠦᠪᠬᠡᠨ ᠡᠮᠨᠡᠯᠭᠡ ᠳᠤ ᠰᠠᠭᠤᠵᠦ ᠡᠮᠨᠡᠭᠦᠯᠦᠭᠰᠡᠨ ᠰᠦᠢᠳᠭᠡᠯ ᠢ ᠯᠡ | ᠳᠠᠩᠰᠠ ᠲᠠᠶᠢᠯᠣᠨ ᠬᠢᠳᠡᠭ ᠪᠠᠶᠢᠭᠰᠠᠨᠡᠴᠡ ᠪᠠᠨ ᠣᠳᠤ ᠳᠤ ᠪᠣᠯ ᠵᠣᠩᠬᠢᠯᠠᠬᠤ ᠭᠠᠵᠠᠷ ᠣᠷᠣᠨ ᠳᠤ ᠡᠭᠦᠳᠡᠨ ᠡᠮᠨᠡᠯᠭᠡ | ᠶᠢᠨ ᠵᠠᠷᠣᠳᠠᠯ ᠢ ᠴᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠣᠨ ᠤ ᠬᠦᠷᠢᠶ᠎ᠡ ᠴᠠᠷᠠᠭᠠᠨ | ᠳᠤ ᠪᠠᠭᠲᠠᠭᠠᠬᠤ ᠪᠣᠯᠣᠭᠰᠠᠨ ᠪᠠᠶᠢᠨ᠎ᠠ᠃ ᠡᠳᠡᠭᠡᠷ ᠨᠢ ᠪᠠᠶᠠᠷᠯᠠᠭᠤᠰᠢᠲᠠᠢ ᠬᠤᠪᠢᠷᠠᠯᠲᠠ ᠠᠭᠠᠳ ᠣᠯᠣᠰ ᠭᠦᠷᠦᠨ ᠪᠠ | ᠴᠠᠭ ᠡᠷᠢᠨ ᠤ ᠳᠠᠪᠰᠢᠯ ᠤᠨ ᠬᠤᠷᠢᠶᠠᠩᠭᠤᠢ ᠲᠦᠷᠰᠤ ᠪᠣᠯᠬᠤ ᠠᠵᠢ᠃ | ᠬᠡᠷᠪᠡ ᠣᠯᠣᠰ ᠭᠦᠷᠦᠨ ᠤ ᠲᠦᠷᠦ ᠶᠢᠨ ᠪᠣᠳᠣᠯᠭ᠎ᠠ ᠶᠢᠨ ᠬᠦᠭᠵᠢᠯᠲᠡ ᠶᠢ ᠬᠠᠲᠠᠭᠤ ᠲᠣᠨᠤᠭ ᠲᠤ | ᠲᠣᠯᠭᠠᠭᠤᠷᠯᠠᠭᠰᠠᠨ ᠬᠤᠪᠢᠷᠠᠯᠲᠠ ᠭᠡᠵᠦ ᠦᠵᠡᠬᠦ ᠳᠤ ᠬᠦᠷᠪᠡᠯ᠂ ᠦᠢᠯᠡᠴᠢᠯᠡᠭᠡ ᠬᠦᠯᠢᠶᠡᠬᠦ ᠡᠲᠡᠭᠡᠳ ᠤᠨ ᠲᠣᠰ | ᠪᠡᠶ᠎ᠡ ᠶᠢᠨ ᠬᠢᠨᠢ ᠬᠤᠪᠢᠷᠠᠯᠲᠠ ᠨᠢ ᠨᠡᠩ ᠬᠦᠨᠵᠡᠭᠡᠢ ᠳᠠᠪᠬᠤᠷᠭ᠎ᠠ ᠳᠤ ᠬᠢ ᠰᠠᠶᠢᠵᠢᠷᠠᠯᠲᠠ ᠪᠠᠶᠢᠵᠦ ᠲᠠᠭᠠᠷᠠᠨ᠎ᠠ᠃ | ᠠᠷᠪᠠᠨ ᠬᠡᠳᠦᠨ ᠵᠢᠯ ᠤᠨ ᠠᠵᠢᠭᠯᠠᠯᠲᠠ ᠬᠢᠭᠡᠳ ᠦᠩᠭᠡᠷᠡᠭᠡᠯᠲᠡ ᠪᠠᠷ ᠳᠠᠮᠵᠢᠨ᠂ ᠦᠢᠯᠡᠴᠢᠯᠡᠭᠡ ᠬᠦᠯᠢᠶᠡᠬᠦ | ᠡᠲᠡᠭᠡᠳ ᠤᠨ ᠲᠣᠰ ᠪᠡᠶ᠎ᠡ ᠶᠢᠨ ᠬᠢ ᠨᠢ ᠬᠡᠪ ᠴᠢᠨᠠᠷ ᠦᠡᠭᠭᠡᠷᠡᠭᠰᠡᠨ ᠯᠦᠭᠡ ᠠᠳᠠᠯᠢ ᠦᠭᠡᠢ ᠪᠣᠯᠣᠭᠰᠠᠨ ᠢ ᠣᠯᠵᠦ | ᠣᠶᠢᠯᠠᠭᠠᠭᠰᠠᠨ ᠪᠠᠶᠢᠨ᠎ᠠ᠃ ᠲᠦᠪᠯᠡᠷᠡᠩᠭᠦᠢ ᠢᠯᠡᠷᠡᠯ ᠨᠢ ᠭᠡᠪᠡᠯ᠄ ᠲᠡᠳᠡ ᠨᠠᠷ ᠤᠨ ᠣᠯᠣᠰ ᠬᠦᠷᠦᠨ ᠤ ᠲᠦᠷᠦ ᠶᠢᠨ | ᠪᠣᠳᠣᠯᠭ᠎ᠠ ᠶᠢᠨ ᠲᠣᠬᠠᠢ ᠣᠶᠢᠯᠠᠭᠠᠯᠲᠠ ᠪᠠ ᠡᠵᠡᠮᠰᠢᠯ ᠤᠨ ᠬᠡᠮᠵᠢᠶ᠎ᠡ ᠨᠢ ᠨᠡᠯᠢᠶᠡᠳ ᠬᠦᠨᠵᠡᠭᠡᠢ᠂ ᠮᠡᠳᠡᠭᠡ ᠵᠠᠩᠭᠢ | ᠶᠢ ᠣᠯᠬᠤ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠨᠢ ᠨᠡᠯᠢᠶᠡᠳ ᠦᠨᠳᠦᠷ᠂ ᠡᠷᠬᠡᠲᠦ ᠠᠷᠠᠳ ᠤᠨ ᠣᠬᠠᠮᠰᠠᠷ | ᠂ ᠬᠠᠣᠯᠢ ᠶᠢᠨ ᠣᠬᠠᠮᠰᠠᠷ ᠪᠠ ᠪᠣᠯᠪᠠᠰᠣᠨ ᠤ ᠣᠬᠠᠮᠰᠠᠷ ᠨᠢ ᠨᠡᠯᠢᠶᠡᠳ ᠴᠢᠩᠭ᠎ᠠ᠂ ᠣᠯᠠᠨ ᠠᠴᠠ ᠣᠯᠠᠨ | ᠲᠣᠰᠠᠯᠠᠮᠵᠢ ᠡᠷᠡᠮᠡᠯᠵᠡᠯᠡᠭᠰᠡᠳ ︽ ᠬᠦᠯᠢᠶᠡᠬᠦ ᠲᠦᠰᠢᠭᠯᠡᠬᠦ ᠠᠪᠬᠤ︾ ᠦᠵᠡᠯ ᠰᠠᠨᠠᠭ᠎ᠠ ᠶᠢ ᠲᠡᠪᠴᠢᠵᠦ ᠂ | ᠨᠢᠭᠦᠯᠡᠰᠦᠩᠭᠦᠢ ᠶᠢᠨ ᠠᠵᠢᠯ ᠬᠢᠭᠡᠳ ᠪᠦᠬᠦᠢ ᠯᠡ ᠠᠷᠠᠳ ᠤᠨ ᠶᠠᠪᠣᠳᠠᠯ ᠤᠨ ᠠᠵᠢᠯ ᠢ ᠦᠨᠡᠨ ᠰᠡᠳᠭᠢᠯ ᠠᠴᠠ ᠪᠠᠨ | ᠣᠶᠢᠯᠠᠭᠠᠵᠦ ᠂ ᠣᠶᠣᠨᠴᠢ ᠪᠠᠷ ᠦᠵᠡᠵᠦ᠂ ᠨᠡᠩ ᠢᠯᠠᠩᠭᠤᠶ᠎ᠠ ᠴᠢᠳᠠᠯ ᠬᠦᠴᠦᠨ ᠤ ᠬᠢᠷᠢ ᠪᠠᠷ ᠢᠶᠠᠨ ᠨᠡᠶᠢᠲᠡ | ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠲᠤ ᠴᠠᠭ ᠲᠤᠬᠠᠢ ᠳᠤ ᠨᠢ ᠭᠠᠪᠰᠢᠭᠠᠶᠢᠯᠠᠨ ᠣᠷᠣᠯᠴᠠᠬᠤ ᠶᠢ | ᠬᠦᠰᠡᠳᠡᠭ ᠪᠣᠯᠵᠠᠢ᠃ ᠡᠨᠡ ᠨᠢ ᠪᠠᠰᠠ ᠨᠢᠭᠡ ᠵᠦᠢᠯ ᠤᠨ ᠪᠠᠭ᠋ᠠᠲᠣᠭᠤᠰᠢᠲᠠᠢ ᠬᠤᠪᠢᠷᠠᠯᠲᠠ ᠪᠠᠶᠢᠵᠦ᠂ ᠮᠦᠨ ᠴᠤ | ᠯᠣᠲᠤ ᠶᠡᠭᠡ ᠠᠯᠣᠰ ᠤᠨ ᠠᠴᠢ ᠬᠤᠯᠪᠣᠭᠳᠠᠯ ᠲᠠᠢ ᠶᠣᠮ᠃ | ᠳᠡᠭᠡᠷ᠎ᠡ ᠳᠣᠷᠠᠳᠣᠭᠰᠠᠨ ᠵᠦᠢᠯ ᠪᠣᠯ ᠣᠷᠴᠢᠮ ᠤᠨ ᠵᠢᠯ ᠤᠨ ᠠᠷᠠᠳ ᠤᠨ ᠶᠠᠪᠣᠳᠠᠯ ᠤᠨ ᠠᠵᠢᠯ ᠤᠨ | ᠳᠡᠭᠡᠷᠡᠬᠢ ᠣᠯᠠᠨ ᠬᠤᠪᠢᠷᠠᠯᠲᠠ ᠶᠢᠨ ᠳᠣᠲᠣᠷᠠᠬᠢ ᠬᠡᠳᠦᠨ ᠲᠠᠯ᠎ᠠ ᠪᠣᠯᠣᠨ᠎ᠠ᠃ ᠠᠷᠠᠳ ᠲᠦᠮᠡᠨ ᠬᠦᠰᠡᠯ ᠲᠠᠢ | ᠪᠣᠯᠪᠠᠰᠤ ᠪᠢᠳᠡᠨ ᠳᠤ ᠬᠠᠷᠢᠭᠤ ᠦᠭᠬᠦ ᠵᠦᠢᠯ ᠪᠣᠢ᠃ ᠪᠣᠰᠣᠳᠴᠢ ᠨᠦᠬᠦᠴᠡᠯ ᠶᠠᠭᠠᠬᠢᠵᠦ ᠬᠤᠪᠢᠷᠠᠭᠰᠠᠨ ᠴᠤ | ᠬᠠᠮᠢᠶ᠎ᠠ ᠦᠭᠡᠢ᠂ ᠠᠷᠠᠳ ᠤᠨ ᠶᠠᠪᠣᠳᠠᠯ ᠤᠨ ᠬᠢᠨ ᠴᠠᠭ ᠲᠣᠬᠠᠢ ᠳᠤ ᠨᠢ ᠬᠤᠪᠢᠷᠠᠯᠲᠠ ᠶᠢ ᠦᠨᠳᠦᠰᠦᠯᠡᠨ | ᠵᠣᠬᠢᠴᠠᠩᠭᠤᠢ ᠲᠣᠬᠢᠷᠠᠭᠤᠯᠣᠯᠲᠠ ᠬᠢᠵᠦ ᠴᠢᠳᠠᠨᠠᠮ᠃ ᠣᠯᠣᠰ ᠭᠦᠷᠦᠨ ᠤ ᠲᠦᠷᠦ ᠶᠢᠨ ᠪᠣᠳᠣᠯᠭ᠎ᠠ ᠪᠠ ᠠᠷᠠᠳ | ᠲᠦᠮᠡᠨ ᠤ ᠬᠡᠷᠡᠭᠴᠡᠭᠡᠨ ᠤ ᠰᠢᠨ᠎ᠡ ᠣᠨᠴᠠᠯᠢᠭ ᠢ ᠪᠠᠲᠤ ᠮᠦᠷᠳᠡᠭᠰᠡᠨ ᠰᠠᠭᠤᠷᠢᠨ ᠳᠡᠭᠡᠷ᠎ᠡ᠂ ᠪᠢᠳᠡ ᠳᠠᠬᠢᠨ ᠳᠠᠪᠲᠠᠨ | ᠨᠠᠷᠢᠨ ᠨᠢᠭᠲᠠ ᠲᠣᠩᠭᠠᠵᠦ᠂ ᠣᠨᠴᠠᠭᠠᠢ ᠬᠦᠴᠢᠷᠳᠡᠯᠲᠡᠢ ᠣᠯᠠᠨ ᠲᠦᠮᠡᠨ ᠤ ᠬᠦᠴᠢᠷ ᠲᠦᠪᠡᠭ ᠢ ᠰᠢᠢᠳᠪᠦᠷᠢᠯᠡᠬᠦ | ᠶᠠᠪᠣᠴᠠ ᠳᠣᠮᠳᠠ᠂ ᠬᠦᠭᠵᠢᠬᠦ ᠨᠢ ᠠᠷᠠᠳ ᠲᠦᠮᠡᠨ ᠤ ᠲᠦᠯᠦᠭᠡ᠂ ᠬᠦᠭᠵᠢᠬᠦ ᠳᠤ ᠠᠷᠠᠳ ᠲᠦᠮᠡᠨ ᠢ ᠲᠦᠰᠢᠭᠯᠡᠬᠦ | ᠂ ᠬᠦᠭᠵᠢᠯ ᠤᠨ ᠦᠷ᠎ᠡ ᠪᠦᠲᠦᠭᠡᠯ ᠢ ᠠᠷᠠᠳ ᠲᠦᠮᠡᠨ ᠳᠤ ᠪᠠᠨ ᠡᠳ᠋ᠯᠡᠭᠦᠯᠬᠦ ᠦᠨᠳᠦᠰᠦᠨ ᠱᠠᠭᠠᠷᠳᠠᠯᠠᠭ᠎ᠠ ᠶᠢ | ᠡᠵᠡᠮᠰᠢᠭᠰᠡᠨ ᠪᠠᠶᠢᠨ᠎ᠠ᠃ ᠠᠷᠠᠳ ᠲᠦᠮᠡᠨ ᠢᠶᠠᠨ ᠭᠦᠨ᠎ᠡ ᠬᠠᠶᠢᠷᠠᠯᠠᠬᠤ ᠪᠣᠯ ᠪᠢᠳᠡᠨ ᠤ ᠠᠵᠢᠯ ᠢᠶᠠᠨ ᠲᠠᠰᠣᠷᠠᠯᠲᠠ | ᠦᠭᠡᠢ ᠰᠠᠶᠢᠨ ᠬᠢᠬᠦ ᠶᠢᠨ ᠦᠨᠳᠦᠰᠦᠨ ᠬᠦᠳᠡᠯᠭᠡᠬᠦ ᠬᠦᠴᠦᠨ ᠮᠦᠨ᠃ ᠪᠢᠳᠡᠨ ᠤ ᠬᠢᠭᠰᠡᠨ ᠪᠦᠬᠦᠢ ᠯᠡ | ᠦᠭᠡᠷᠡᠴᠢᠯᠡᠯᠲᠡ᠂ ᠪᠦᠷ ᠯᠡ ᠬᠡᠵᠢᠶᠡᠳᠡ ᠬᠤᠪᠢᠷᠠᠰᠢ ᠦᠭᠡᠢ ᠠᠷᠠᠳ ᠤᠨ ᠲᠦᠯᠦᠭᠡᠬᠢ ᠬᠠᠶᠢᠷ᠎ᠠ ᠰᠡᠳᠭᠢᠯᠭᠡ ᠠᠴᠠ | ᠡᠬᠢ ᠲᠠᠢ ᠶᠣᠮ᠃ | | ᠬᠤᠪᠢᠷᠠᠰᠢ ᠦᠭᠡᠢ ᠡᠭᠦᠷᠭᠡ ᠬᠠᠷᠢᠭᠤᠴᠠᠯᠭᠠᠲᠤ ᠰᠡᠳᠭᠢᠯᠭᠡ ᠪᠠᠷ | ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠬᠤᠪᠢᠷᠠᠯᠲᠠ ᠶᠢ ᠠᠷᠭᠠᠴᠠᠭᠠᠨ ᠬᠤᠪᠢᠷᠠᠬᠤ ᠶᠢ ᠬᠦᠰᠡᠮᠦᠢ | | ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠭᠠᠰᠢ᠂ ᠳᠣᠮᠳᠠᠳᠤ ᠣᠯᠣᠰ ᠤᠨ ᠣᠨᠴᠠᠯᠢᠭ ᠲᠠᠢ | ᠨᠡᠶᠢᠭᠡᠮ ᠵᠢᠷᠣᠮ ᠰᠢᠨ᠎ᠡ ᠴᠠᠭ ᠦᠶ᠎ᠡ ᠳᠤ ᠪᠠᠨ ᠣᠷᠣᠭᠰᠠᠨ ᠪᠠᠶᠢᠨ᠎ᠠ᠃ ᠡᠨᠡ ᠪᠣᠯ ᠮᠠᠨ ᠤ ᠣᠯᠣᠰ ᠤᠨ | ᠬᠦᠭᠵᠢᠯᠲᠡ ᠶᠢᠨ ᠰᠢᠨ᠎ᠡ ᠲᠡᠣᠬᠡᠨ ᠣᠷᠣᠨ ᠪᠠᠶᠢᠷᠢ ᠪᠣᠯᠬᠤ ᠶᠣᠮ᠃ ᠠᠷᠠᠳ ᠤᠨ ᠶᠠᠪᠣᠳᠠᠯ ᠤᠨ ᠬᠢᠨ ᠪᠦᠷ ᠡᠨᠡ | ᠬᠦ ᠠᠭᠤᠤ ᠶᠡᠭᠡ ᠴᠠᠭ ᠦᠶ᠎ᠡ ᠶᠢ ᠪᠡᠶᠡᠴᠢᠯᠡᠨ ᠦᠡᠭᠭᠡᠷᠡᠭᠦᠯᠦᠭᠴᠢ᠂ ᠭᠡᠷᠡᠴᠢᠯᠡᠭᠴᠢ᠂ ᠮᠦᠨ ᠴᠤ ᠠᠭᠤᠤ ᠶᠡᠭᠡ | ᠦᠢᠯᠡᠰ ᠤᠨ ᠣᠷᠣᠯᠴᠠᠭᠴᠢ᠂ ᠪᠦᠲᠦᠭᠡᠨ ᠪᠠᠶᠢᠭᠤᠯᠣᠭᠴᠢ ᠶᠣᠮ᠃ ᠠᠵᠢᠯ ᠦᠢᠯᠡᠰ ᠤᠨ ᠬᠦᠭᠵᠢᠯᠲᠡ ᠶᠢ ᠣᠯᠠᠮ | ᠴᠢᠨᠠᠭᠰᠢᠲᠠ ᠰᠠᠶᠢᠨ ᠢᠶᠠᠷ ᠠᠬᠢᠭᠤᠯᠬᠤ ᠶᠢᠨ ᠲᠦᠯᠦᠭᠡ ᠪᠢᠳᠡ ᠪᠠᠰᠠ ᠮᠠᠰᠢ ᠣᠯᠠᠨ ᠠᠵᠢᠯ ᠢ ᠬᠢᠬᠦ ᠴᠢᠬᠤᠯᠠᠲᠠᠢ | ᠪᠠᠶᠢᠨ᠎ᠠ᠃ ᠮᠢᠨᠤ ᠦᠵᠡᠬᠦ ᠪᠠᠷ ᠨᠡᠯᠢᠶᠡᠳ ᠳᠣᠪᠤᠶᠢᠮ᠎ᠠ ᠵᠦᠢᠯ ᠭᠡᠪᠡᠯ᠂ ᠪᠣᠰᠣᠳᠴᠢ ᠨᠦᠬᠦᠴᠡᠯ ᠤᠨ ᠬᠤᠪᠢᠷᠠᠯᠲᠠ | ᠶᠢ ᠰᠢᠨᠵᠢᠯᠡᠬᠦ ᠣᠬᠠᠭᠠᠨᠴᠢ ᠪᠠᠷ ᠡᠵᠡᠮᠰᠢᠬᠦ ᠶᠢᠨ ᠳᠠᠭᠠᠤ ᠣᠷᠣᠨ ᠪᠠᠶᠢᠷᠢ ᠶᠢᠨ ᠣᠨᠴᠠᠯᠢᠭ᠂ ᠠᠵᠢᠯ ᠤᠨ ᠣᠨᠴᠠᠯᠢᠭ | ᠪᠠ ᠴᠠᠭ ᠦᠶ᠎ᠡ ᠶᠢᠨ ᠣᠨᠴᠠᠯᠢᠭ ᠢ ᠲᠣᠳᠣᠷᠬᠠᠢ ᠲᠠᠨᠢᠵᠦ᠂ ᠬᠤᠪᠢᠷᠠᠰᠢ ᠦᠭᠡᠢ ᠡᠭᠦᠷᠭᠡᠲᠤ ᠰᠡᠳᠭᠢᠯᠭᠡ | ᠬᠠᠷᠢᠭᠤᠴᠠᠯᠭᠠᠲᠤ ᠰᠡᠳᠭᠢᠯᠭᠡ ᠪᠠᠷ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠬᠤᠪᠢᠷᠠᠯᠲᠠ ᠶᠢ ᠠᠷᠭᠠᠴᠠᠭᠠᠨ | ᠤᠬᠠᠮᠰᠠᠷ ᠠᠴᠠ ᠪᠠᠨ ᠬᠤᠪᠢᠷᠠᠬᠤ ᠪᠠᠷ ᠴᠢᠷᠮᠠᠶᠢᠬᠤ ᠭᠡᠷᠭᠲᠡᠢ᠃ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠪᠣᠯ ᠮᠠᠨ ᠤ ᠣᠯᠣᠰ ᠤᠨ ᠬᠠᠮᠤᠭ ᠠᠩᠬ᠎ᠠ | ᠪᠠᠶᠢᠭᠤᠯᠣᠭᠳᠠᠭᠰᠠᠨ ᠦᠨᠳᠦᠰᠦᠲᠡᠨ ᠤ ᠦᠪᠡᠷᠲᠡᠭᠡᠨ ᠵᠠᠰᠠᠬᠤ ᠣᠷᠣᠨ ᠶᠣᠮ᠃ ᠦᠨᠳᠦᠰᠦᠲᠡᠨ ᠤ ᠣᠷᠣᠨ ᠤ | ᠦᠪᠡᠷᠲᠡᠭᠡᠨ ᠵᠠᠰᠠᠬᠤ ᠳᠦᠷᠢᠮ ᠢ ᠬᠠᠮᠤᠭ ᠡᠷᠲᠡ ᠦᠢᠯᠡᠳᠦᠯᠭᠡᠵᠢᠭᠰᠡᠨ ᠣᠷᠣᠨ ᠶᠣᠮ᠃ ᠦᠨᠳᠦᠰᠦᠲᠡᠨ ᠤ | ᠪᠦᠯᠬᠦᠮᠳᠡᠯ ᠤᠨ ᠣᠯᠠᠮᠵᠢᠯᠠᠯ ᠨᠢ ᠪᠠᠲᠤ ᠪᠠᠭᠢ᠂ ︽ ᠰᠡᠳᠭᠢᠯ ᠨᠢᠭᠡᠲᠦᠨ ᠬᠦᠴᠦ ᠪᠠᠨ ᠬᠠᠮᠲᠤᠳᠬᠠᠵᠤ ᠪᠣᠭᠤᠲᠤ | ᠶᠢᠨ ᠪᠣᠯᠣᠳ ᠲᠡᠮᠦᠷ ᠤᠨ ᠦᠢᠯᠡᠳᠪᠦᠷᠢ ᠶᠢ ᠪᠠᠶᠢᠭᠤᠯᠣᠭᠰᠠᠨ︾ ᠪᠠ ︽ᠭᠤᠷᠪᠠᠨ ᠮᠢᠩᠭᠠᠨ ᠦᠨᠦᠴᠢᠨ ᠬᠡᠣᠬᠡᠳ | ᠢ ᠦᠷᠡᠴᠢᠯᠡᠨ ᠲᠡᠵᠢᠭᠡᠭᠰᠡᠨ︾ ᠲᠡᠣᠬᠡ ᠶᠢᠨ ᠰᠣᠳᠣᠨ ᠦᠯᠢᠭᠡᠷ ᠲᠠᠢ᠂ ᠵᠸᠤ ᠡᠸ᠋ᠨ ᠯᠠᠢ ᠶᠡᠷᠦᠩᠬᠡᠢ ᠰᠠᠶᠢᠳ | ᠠᠴᠠ ︽ᠵᠢᠱᠢᠶᠡᠴᠢ ᠦᠪᠡᠷᠲᠡᠭᠡᠨ ᠵᠠᠰᠠᠬᠤ ᠣᠷᠣᠨ︾ ᠭᠡᠰᠡᠨ ᠢᠷᠠᠭᠤ ᠠᠯᠳᠠᠷ ᠬᠠᠶᠢᠷᠠᠯᠠᠭᠰᠠᠨ ᠣᠷᠣᠨ ᠶᠣᠮ᠃ | ᠦᠨᠳᠦᠰᠦᠲᠡᠨ ᠤ ᠭᠠᠵᠠᠷ ᠣᠷᠣᠨ ᠤ ᠠᠷᠠᠳ ᠤᠨ ᠶᠠᠪᠣᠳᠠᠯ ᠨᠢ ᠦᠪᠡᠷ ᠤᠨ ᠬᠢ ᠨᠢ ᠣᠨᠴᠠᠯᠢᠭ ᠲᠠᠢ ᠪᠠᠶᠢᠳᠠᠭ᠃ | ᠠᠵᠢᠯ ᠤᠨ ᠳᠣᠮᠳᠠ ᠪᠠᠨ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠳᠠᠭᠠᠭᠤᠯᠣᠨ ᠳᠣᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠬᠠᠮᠰᠠᠷ ᠢ ᠪᠠᠲᠤᠳᠬᠠᠬᠤ ᠶᠢᠨ ᠵᠡᠷᠭᠡ ᠪᠠᠷ ᠮᠣᠩᠭᠤᠯ | ᠦᠨᠳᠦᠰᠦᠲᠡᠨ ᠢ ᠪᠠᠭᠲᠠᠭᠠᠭᠰᠠᠨ ᠴᠦᠭᠡᠨ ᠲᠣᠭᠠᠲᠤ ᠦᠨᠳᠦᠰᠦᠲᠡᠨ ᠤ ᠠᠬ᠎ᠠ ᠳᠡᠭᠦᠤ ᠨᠠᠷ ᠤᠨ ᠵᠠᠩ ᠵᠠᠩᠰᠢᠯ ᠢ | ᠬᠦᠨᠳᠦᠳᠭᠡᠬᠦ ᠶᠢ ᠣᠨᠴᠠᠭᠠᠶᠢᠯᠠᠨ ᠠᠩᠬᠠᠷᠴᠤ᠂ ᠠᠳᠠᠯᠢ ᠪᠣᠰᠤ ᠬᠡᠯᠡ ᠪᠠ ᠠᠳᠠᠯᠢ ᠪᠣᠰᠤ ᠰᠣᠶᠣᠯ ᠠᠴᠠ | ᠪᠣᠯᠣᠭᠰᠠᠨ ᠵᠣᠬᠢᠬᠤ ᠨᠦᠯᠦᠭᠡ ᠶᠢ ᠴᠢᠷᠮᠠᠶᠢᠨ ᠢᠯᠠᠨ ᠳᠠᠪᠠᠵᠤ᠂ ᠡᠯ᠎ᠡ ᠲᠦᠷᠦᠯ ᠤᠨ ᠠᠵᠢᠯ ᠢᠶᠠᠨ ᠬᠦᠯᠢᠴᠡᠩᠭᠦᠢ᠂ | ᠨᠠᠷᠢᠨ ᠨᠢᠭᠲᠠ ᠮᠦᠷᠲᠡᠭᠡᠨ ᠡᠯ᠎ᠡ ᠦᠨᠳᠦᠰᠦᠲᠡᠨ ᠤ ᠠᠷᠠᠳ ᠲᠦᠮᠡᠨ ᠤ ᠰᠡᠳᠭᠢᠯ ᠳᠤ ᠬᠦᠷᠲᠡᠯ᠎ᠡ ᠰᠠᠶᠢᠨ ᠬᠢᠬᠦ | ᠬᠡᠷᠡᠭᠲᠡᠢ ᠃ | ᠠᠷᠠᠳ ᠤᠨ ᠶᠠᠪᠣᠳᠠᠯ ᠤᠨ ᠠᠵᠢᠯ ᠪᠣᠯ ᠠᠷᠠᠳ ᠤᠨ ᠠᠮᠢᠳᠣᠷᠠᠯ ᠢ ᠪᠠᠲᠣᠯᠠᠬᠤ᠂ ᠠᠷᠠᠳ ᠤᠨ ᠰᠡᠳᠭᠢᠯ ᠢ | ᠬᠤᠯᠪᠣᠬᠤ ᠨᠢᠩᠵᠢᠨ ᠰᠡᠳᠭᠢᠯ ᠤᠨ ᠠᠵᠢᠯ ᠪᠠᠶᠢᠵᠤ᠂ ︽ᠠᠯᠲᠠᠨ ᠬᠤᠨᠳᠠᠭ᠎ᠠ ᠮᠦᠡᠭᠭᠦᠨ ᠬᠤᠨᠳᠠᠭ᠎ᠠ ᠠᠪᠠᠴᠤ | ᠠᠷᠠᠳ ᠲᠦᠮᠡᠨ ᠤ ᠮᠠᠭᠲᠠᠭᠠᠯ ᠰᠠᠶᠢᠰᠢᠶᠠᠯ ᠳᠤᠷ ᠦᠯᠤ ᠬᠦᠷᠬᠦ︾ ᠭᠡᠮᠡᠬᠦ ᠦᠨᠡᠨ ᠶᠣᠰᠤ ᠶᠢ ᠠᠮᠢᠳᠣᠯᠢᠭ | ᠢᠯᠡᠷᠡᠭᠦᠯᠵᠦ ᠪᠠᠶᠢᠳᠠᠭ᠃ ᠠᠷᠠᠳ ᠣᠯᠠᠨ ᠨᠢ ᠠᠷᠠᠳ ᠤᠨ ᠶᠠᠪᠣᠳᠠᠯ ᠯᠤᠭ᠎ᠠ ᠬᠠᠷᠢᠯᠴᠠᠬᠤ ᠪᠠᠷ ᠳᠠᠮᠵᠢᠨ ᠵᠠᠰᠠᠭ ᠤᠨ | ᠭᠠᠵᠠᠷ ᠤᠨ ᠦᠢᠯᠡ ᠠᠵᠢᠯᠯᠠᠭ᠎ᠠ ᠶᠢ ᠠᠵᠢᠭᠯᠠᠵᠦ᠂ ᠨᠠᠮ ᠤᠨ ᠬᠠᠶᠢᠷ᠎ᠠ ᠬᠠᠯᠠᠮᠵᠢ ᠶᠢ ᠮᠡᠳᠡᠷᠡᠳᠡᠭ᠃ ᠡᠨᠡ ᠠᠴᠢ | ᠬᠤᠯᠪᠣᠭᠳᠠᠯ ᠠᠴᠠ ᠨᠢ ᠠᠪᠴᠤ ᠦᠵᠡᠪᠡᠯ᠂ ᠠᠷᠠᠳ ᠤᠨ ᠶᠠᠪᠣᠳᠠᠯ ᠨᠢ ᠨᠠᠮ ᠪᠠ ᠵᠠᠰᠠᠭ ᠤᠨ ᠳᠦᠷᠢ ᠲᠦᠷᠬᠦ ᠶᠢ | ᠲᠦᠯᠦᠭᠡᠯᠡᠵᠦ ᠪᠠᠶᠢᠭ᠎ᠠ ᠶᠣᠮ᠃ ᠪᠣᠳᠠᠲᠤ ᠠᠵᠢᠯ ᠤᠨ ᠳᠣᠮᠳᠠ᠂ ᠡᠷᠡᠮᠡᠯᠵᠡᠯᠡᠭᠴᠢ ᠨᠢ ᠨᠢᠭᠡ ᠨᠠᠰᠣᠨ ᠳᠤ ᠪᠠᠨ | ᠵᠦᠪᠬᠡᠨ ᠨᠢᠭᠡ ᠯᠡ ᠣᠳᠠᠭ᠎ᠠ ᠪᠢᠳᠡᠨ ᠳᠤ ᠡᠷᠡᠮᠡᠯᠵᠡᠯᠡᠬᠦ ᠮᠠᠭᠠᠳ ᠦᠭᠡᠢ᠂ ᠭᠡᠲᠡᠯ᠎ᠡ ᠡᠨᠡ ᠨᠢᠭᠡ ᠣᠳᠠᠭ᠎ᠠ ᠶᠢᠨ | ᠡᠷᠡᠮᠡᠯᠵᠡᠯᠲᠡ ᠪᠠᠷ ᠳᠠᠮᠵᠢᠨ ᠣᠯᠣᠭᠰᠠᠨ ᠲᠡᠳᠡᠨ ᠤ ᠣᠶᠢᠯᠠᠭᠠᠯᠲᠠ ᠨᠢ ᠠᠷᠠᠳ ᠲᠦᠮᠡᠨ ᠤ ᠰᠡᠳᠭᠢᠯ ᠳᠤ | ᠬᠤᠴᠣᠷᠣᠭᠰᠠᠨ ᠠᠷᠠᠳ ᠤᠨ ᠶᠠᠪᠣᠳᠠᠯ ᠤᠨ ᠲᠤᠬᠠᠢ ᠰᠠᠭᠤᠭᠳᠠᠯ ᠪᠠᠶᠢᠵᠦ ᠲᠠᠭᠠᠷᠠᠨ᠎ᠠ᠃ ᠮᠦᠨ ᠴᠤ ᠨᠠᠮ ᠪᠠ | ᠵᠠᠰᠠᠭ ᠤᠨ ᠠᠵᠢᠯ ᠤᠨ ᠰᠠᠯᠠᠭ᠎ᠠ ᠮᠦᠴᠢᠷ ᠤᠨ ᠲᠣᠬᠠᠢ ᠰᠠᠭᠤᠭᠳᠠᠯ ᠪᠠᠶᠢᠵᠦ᠂ ᠲᠣᠶᠢᠯ ᠤᠨ ᠬᠦᠨᠳᠦ ᠴᠢᠬᠤᠯᠠ | ᠠᠴᠢ ᠬᠤᠯᠪᠣᠭᠳᠠᠯ ᠲᠠᠢ ᠶᠣᠮ᠃ ᠡᠶᠢᠨ ᠬᠦ᠂ ᠡᠨᠡ ᠨᠢ ᠪᠢᠳᠡᠨ ᠢ ︽ ᠮᠢᠩᠭ᠎ᠠ ᠣᠳᠠᠭ᠎ᠠ ᠨᠢ ᠨᠢᠭᠡ ᠣᠳᠠᠭ᠎ᠠ | ᠶᠢᠨ ᠲᠦᠯᠦᠭᠡ︾ ᠭᠡᠮᠡᠨ ᠰᠢᠷᠭᠠᠭᠤ ᠰᠣᠳᠣᠯᠣᠨ᠂ ᠲᠣᠰᠬᠠᠢ ᠮᠡᠷᠭᠡᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠦ᠂ | ᠦᠪᠡᠷ ᠤᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠦᠢᠯᠡᠴᠢᠯᠡᠭᠡᠨ ᠤ ᠪᠦᠲᠦᠭᠡᠨ ᠪᠠᠶᠢᠭᠤᠯᠣᠯᠲᠠ ᠪᠠᠨ | ᠴᠢᠩᠭᠠᠳᠠᠬᠵᠦ᠂ ᠡᠯᠢᠭᠡᠰᠡᠭ ᠳᠣᠲᠣᠨᠤ᠂ ᠪᠦᠷᠢᠨ ᠭᠦᠢᠴᠡᠳ᠂ ᠳᠦᠭᠦᠮ ᠲᠦᠳᠡ ᠦᠯᠡᠴᠢᠯᠡᠭᠡ ᠪᠠᠷ ᠠᠷᠠᠳ ᠤᠨ | ᠶᠠᠪᠣᠳᠠᠯ ᠤᠨ ᠰᠣᠳᠤᠨ ᠰᠠᠶᠢᠨ ᠨᠡᠶᠢᠭᠡᠮ ᠤᠨ ᠳᠦᠷᠢ ᠲᠦᠷᠬᠦ ᠪᠠᠨ ᠬᠠᠮᠠᠭᠠᠯᠠᠬᠤ ᠶᠢ ᠮᠠᠨᠢ ᠱᠠᠭᠠᠷᠳᠠᠵᠦ ᠪᠠᠶᠢᠭ᠎ᠠ | ᠶᠣᠮ᠃ | ᠪᠢᠳᠡᠨ ᠤ ᠣᠷᠣᠰᠢᠵᠦ ᠪᠣᠢ ᠴᠠᠭ ᠦᠶ᠎ᠡ ᠶᠢᠨ ᠣᠨᠴᠠᠯᠢᠭ ᠨᠢ ᠢᠯᠡ ᠲᠣᠳᠣ ᠪᠠᠶᠢᠨ᠎ᠠ᠄ ᠡᠨᠡ ᠪᠣᠯ | ᠬᠦᠮᠦᠨ ᠪᠦᠬᠦᠨ ᠠᠮᠢᠳᠣᠷᠠᠯ ᠳᠤ ᠪᠠᠨ ᠭᠡᠷᠡᠯ ᠬᠢᠯᠪᠠᠭᠠᠲᠤ ᠲᠣᠬᠢᠶᠠᠯ ᠪᠦᠬᠦᠢ ᠴᠠᠭ ᠦᠶ᠎ᠡ ᠮᠦᠨ᠃ ᠨᠡᠩ ᠴᠤ | ᠲᠠᠰᠣᠷᠠᠯᠲᠠ ᠦᠭᠡᠢ ᠦᠪᠡᠷ ᠢ ᠪᠠᠨ ᠲᠠᠪᠠᠵᠦ᠂ ᠦᠪᠡᠷ ᠢ ᠪᠠᠨ ᠢᠯᠡᠷᠡᠭᠦᠯᠬᠦ ᠴᠠᠭ ᠦᠶ᠎ᠡ ᠮᠦᠨ᠃ ᠠᠷᠠᠳ ᠤᠨ | ᠶᠠᠪᠣᠳᠠᠯ ᠤᠨ ᠦᠢᠯᠡᠰ ᠴᠤ ︽ ᠲᠠᠷᠠᠰᠤ ᠰᠠᠶᠢᠬᠠᠨ ᠠᠪᠠᠴᠤ ᠭᠤᠳᠣᠮᠵᠢ ᠶᠢᠨ ᠭᠦᠨ ᠠᠴᠠ ᠡᠮᠢᠶᠡᠮᠣᠢ︾ ᠬᠡᠮᠡᠬᠦ | ᠣᠬᠠᠭᠤᠯᠭ᠎ᠠ ᠶᠢᠨ ᠠᠵᠢᠯ ᠤᠨ ᠪᠠᠶᠢᠳᠠᠯ ᠢᠶᠠᠨ ᠭᠦᠢᠴᠡᠳ ᠲᠠᠨᠢᠵᠦ᠂ ︽ᠪᠢ ᠲᠡᠶᠢᠮᠤ ᠣᠯᠠᠨ ᠬᠤᠪᠢᠷᠠᠯᠲᠠ | ᠭᠠᠷᠭᠠᠭᠰᠠᠨ ᠁ ᠲᠠᠨ ᠤ ᠣᠯᠵᠦ ᠬᠠᠷᠠᠬᠤ ᠶᠢ ᠪᠢ ᠬᠡᠴᠢᠨᠡᠬᠡᠨ ᠬᠦᠰᠡᠨᠡᠮ︾ ᠭᠡᠳᠡᠭ ᠭᠦᠨ ᠴᠢᠬᠢᠮᠡᠢ ᠠᠴᠠ | ᠪᠠᠨ ︽ᠪᠢ ᠲᠡᠶᠢᠮᠤ ᠣᠯᠠᠨ ᠬᠤᠪᠢᠷᠠᠯᠲᠠ ᠭᠠᠷᠭᠠᠭᠰᠠᠨ ᠁ ᠲᠠ ᠢᠷᠡᠵᠦ ᠰᠣᠨᠢᠷᠬᠠᠭᠠᠷᠠᠢ︾ ᠬᠡᠮᠡᠬᠦ ᠪᠠᠲᠤ | ᠢᠲᠡᠭᠡᠯ ᠥᠭᠡᠳᠡ ᠪᠠᠨ ᠴᠢᠳᠠᠮᠠᠭᠠᠢ ᠡᠷᠭᠢᠯᠲᠡ ᠭᠠᠷᠭᠠᠨ᠂ ᠨᠡᠩ ᠢᠳᠡᠪᠬᠢᠲᠡᠢ ᠂ ᠰᠠᠨᠠᠭᠠᠴᠢᠯᠠᠭ᠎ᠠ ᠲᠠᠢ ᠪᠠᠷ | ᠰᠣᠨᠢᠨ ᠮᠡᠳᠡᠭᠡᠨ ᠤ ᠵᠠᠭᠤᠴᠢᠯᠠᠭᠤᠷ᠂ ᠦᠢᠯᠡᠴᠢᠯᠡᠭᠦᠯᠬᠦ ᠡᠲᠡᠭᠡᠳ ᠬᠢᠭᠡᠳ ᠪᠦᠬᠦ ᠨᠡᠶᠢᠭᠡᠮ ᠳᠤ ᠬᠠᠨᠳᠣᠨ ᠠᠷᠠᠳ | ᠤᠨ ᠶᠠᠪᠣᠳᠠᠯ ᠤᠨ ᠴᠤᠭ ᠵᠢᠪᠬᠤᠭ᠎ᠠ ᠶᠢ ᠢᠯᠡᠷᠡᠭᠦᠯᠵᠦ᠂ ᠠᠷᠠᠳ ᠤᠨ ᠶᠠᠪᠣᠳᠠᠯ ᠤᠨ ᠳᠠᠭᠤ ᠶᠢ ᠳᠠᠭᠤᠷᠢᠰᠬᠠᠬᠤ | ᠬᠡᠷᠡᠭᠲᠡᠢ᠃ | ᠵᠠᠭᠤᠨ ᠵᠢᠯ ᠤᠨ ᠠᠷᠠᠳ ᠤᠨ ᠶᠠᠪᠣᠳᠠᠯ᠂ ᠳᠠᠭᠤᠤ ᠰᠢᠭ᠋ ᠣᠨ ᠵᠢᠯ ᠤᠳ ᠡ᠃ ᠠᠷᠠᠳ ᠤᠨ ᠶᠠᠪᠣᠳᠠᠯ ᠤᠨ | ᠦᠢᠯᠡᠰ ᠨᠢ ᠳᠣᠮᠳᠠᠳᠤ ᠣᠯᠣᠰ ᠤᠨ ᠡᠪ ᠬᠠᠮᠲᠤ ᠨᠠᠮ ᠪᠠᠶᠢᠭᠤᠯᠣᠭᠳᠠᠭᠰᠠᠨ ᠠᠴᠠ ᠨᠠᠭᠠᠰᠢᠬᠢ ᠡᠯ᠎ᠡ ᠲᠡᠣᠬᠡᠨ ᠴᠠᠭ | ᠦᠶ᠎ᠡ ᠳᠤ ᠲᠣᠭᠤᠰᠢᠲᠠᠢ ᠦᠷᠨᠢᠵᠦ᠂ ︽ ᠬᠤᠪᠢᠷᠠᠬᠤ︾ ᠬᠢᠭᠡᠳ ︽ᠬᠤᠪᠢᠷᠠᠰᠢ ᠦᠭᠡᠢ︾ ᠶᠢᠨ | ᠬᠤᠪᠢᠰᠣᠩᠭᠤᠢ ᠨᠢᠭᠡᠲᠦᠯ ᠨᠢ ᠠᠷᠠᠳ ᠤᠨ ᠶᠠᠪᠣᠳᠠᠯ ᠤᠨ ᠦᠢᠯᠡᠰ ᠤᠨ ᠬᠦᠭ᠌ᠵᠢᠯᠲᠠ ᠶᠢᠨ ᠪᠦᠬᠦ ᠶᠠᠪᠣᠴᠠ ᠳᠤ | ᠣᠷᠣᠰᠢᠵᠤ ᠪᠠᠶᠢᠨ᠎ᠠ᠃ ᠦᠶ᠎ᠡ ᠦᠶ᠎ᠡ ᠶᠢᠨ ᠠᠷᠠᠳ ᠤᠨ ᠶᠠᠪᠣᠳᠠᠯ ᠤᠨ ᠬᠢᠨ ᠦᠷᠭᠦᠯᠵᠢᠯᠡᠨ ᠲᠡᠮᠡᠴᠡᠵᠦ᠂ | ᠦᠨᠡᠨᠴᠢ ᠪᠠᠷ ᠵᠢᠳᠭᠦᠵᠦ᠂ ᠬᠦᠯᠦᠰᠤ ᠨᠢᠯᠪᠣᠰᠤ ᠪᠠᠷ ᠢᠶᠠᠨ᠂ ᠴᠠᠭᠠᠰᠢᠯᠠᠪᠠᠯ ᠠᠷᠢᠭᠤᠨ ᠴᠢᠰᠤ ᠠᠮᠢ ᠨᠠᠰᠤ ᠪᠠᠷ | ᠢᠶᠠᠨ ᠡᠰᠡᠨᠢᠭᠦᠯᠦᠭᠰᠡᠨ ︽ᠴᠣᠴᠠᠯᠲᠠ ᠦᠬᠡᠢ ᠣᠷᠣᠭᠰᠢ ᠪᠠᠨ᠂ ᠯᠠᠪᠳᠠᠭᠤᠨ ᠪᠠᠲᠤᠲᠠᠢ ᠪᠠᠷ ᠠᠵᠢᠯᠯᠠᠵᠦ᠂ ᠨᠡᠷ᠎ᠡ | ᠠᠰᠢᠭ ᠢ ᠡᠰᠡ ᠬᠦᠭᠡᠴᠡᠯᠳᠦᠨ᠂ ᠠᠮᠢ ᠪᠡᠶ᠎ᠡ ᠪᠠᠨ ᠡᠷᠡᠯᠬᠡᠭᠯᠡᠨ ᠵᠤᠷᠢᠭᠤᠯᠬᠤ︾ ᠠᠷᠠᠯ ᠤᠨ ᠱᠠᠷ ᠤᠨ ᠵᠣᠷᠢᠭ | ᠰᠠᠨᠠᠭ᠎ᠠ ᠨᠢ ᠲᠡᠣᠬᠡ ᠶᠢᠨ ᠣᠷᠳᠤ ᠮᠦᠷᠡᠨ ᠳᠤ ᠪᠠᠨ ᠭᠡᠷᠡᠯ ᠭᠢᠯᠪᠠᠭ᠎ᠠ ᠪᠠᠨ ᠰᠠᠴᠣᠷᠠᠭᠤᠯᠵᠦ᠂ ᠮᠦᠨ ᠴᠤ ᠰᠢᠨ᠎ᠡ | ᠴᠠᠭ ᠦᠶ᠎ᠡ ᠳᠤ ᠡᠷᠡᠮᠡᠬᠡᠶᠢᠯᠡᠨ ᠲᠡᠮᠡᠴᠡᠵᠦ᠂ ᠰᠢᠨ᠎ᠡ ᠠᠶᠠᠯᠠᠯ ᠢᠶᠠᠨ ᠡᠬᠢᠯᠡᠭᠦᠯᠬᠦ ᠰᠢᠨ᠎ᠡ ᠠᠭᠤᠤ ᠶᠡᠭᠡ ᠦᠢᠯᠡᠳᠦᠯᠭᠡ | ᠶᠢᠨ ᠳᠣᠮᠳᠠ ᠨᠡᠩ ᠶᠡᠭᠡ ᠭᠡᠷᠡᠯ ᠭᠡᠭᠡ ᠪᠠᠨ ᠰᠠᠴᠣᠷᠠᠭᠤᠯᠬᠤ ᠪᠣᠯᠣᠨ᠎ᠠ᠃ | | | ᠣᠷᠴᠢᠭᠤᠯᠣᠭᠴᠢ ᠶᠢᠨ ᠬᠠᠶ᠋ᠢᠭ᠄ ᠦᠪᠦᠷ ᠮᠣᠩᠭᠤᠯ ᠤᠨ ᠣᠷᠠᠨ ᠵᠣᠬᠢᠶᠠᠯ ᠰᠡᠳᠭᠦᠯ ᠤᠨ ᠬᠤᠷᠢᠶ᠎ᠠ |