ᠮᠠᠨ ᠤ ᠣᠷᠣᠨ ᠤ ᠰᠢᠭᠦᠬᠦ ᠬᠤᠷᠢᠶ᠎ᠠ ᠨᠤᠭᠤᠳ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠬᠡᠷᠡᠭ ᠤᠨ ᠪᠣᠭᠤᠮᠲᠠ ᠰᠢᠪᠲᠤᠯᠵᠤ ᠤᠯᠠᠨ ᠲᠦᠮᠡᠨ ᠤ ︽ᠲᠤᠯᠭᠠᠮᠳᠠᠯ ᠬᠦᠴᠢᠷᠳᠡᠯ ᠵᠤᠪᠠᠨᠢᠯ ᠪᠠᠷᠠᠯᠠᠯ︾ ᠶᠢ ᠰᠢᠢᠳᠪᠤᠷᠢᠯᠡᠵᠤ᠂ 13458 ᠬᠡᠷᠡᠭ ᠢ ᠲᠠᠰᠤᠯᠠᠨ ᠰᠢᠢᠳᠪᠤᠷᠢᠯᠡᠵᠤ 1.64 ᠳ᠋ᠦᠩᠰᠢᠭᠤᠷ ᠲᠥᠭᠦᠷᠢᠭ ᠢ ᠬᠦᠢᠴᠡᠳᠬᠡᠪᠡ
ᠨᠡᠶᠢᠲᠡᠯᠡᠭᠰᠡᠨ ᠴᠠᠭ᠄
2021/12/22
        12 ᠰᠠᠷ᠎ᠠ ᠶᠢᠨ 17 ᠤ ᠡᠳᠦᠷ ᠬᠤᠷᠠᠯᠳᠤᠭᠤᠯᠤᠭᠰᠠᠨ ᠪᠥᠬᠦ ᠣᠷᠣᠨ ᠤ ᠰᠢᠭᠦᠬᠦ ᠬᠤᠷᠢᠶ᠎ᠠ ᠶᠢᠨ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠦᠭᠭᠦᠨ᠎ᠡ︾ ᠬᠡᠬᠦ ᠦᠢᠯᠡᠳᠤᠯᠬᠡ ᠶᠢᠨ ᠠᠵᠢᠯᠯᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠨᠢ᠂ ᠦᠨᠤ ᠵᠢᠯ᠂ ᠪᠥᠬᠦ ᠣᠷᠣᠨ ᠤ ᠰᠢᠭᠦᠬᠦ ᠬᠤᠷᠢᠶ᠎ᠠ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠬᠡᠷᠡᠭ ᠢ  ᠰᠢᠢᠳᠪᠤᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ︽ᠲᠤᠯᠭᠠᠮᠳᠠᠯ ᠬᠦᠴᠢᠷᠳᠡᠯ ᠵᠤᠪᠠᠨᠢᠯ ᠪᠠᠷᠠᠯᠠᠯ︾ ᠠᠰᠠᠭᠤᠳᠠᠯ ᠢ ᠬᠦᠴᠦᠯᠡᠨ  ᠰᠢᠢᠳᠪᠤᠷᠢᠯᠡᠵᠤ᠂ ᠠᠷᠠᠳ ᠤᠨ ᠲᠥᠯᠥᠭᠡ ᠥᠨᠳᠥᠷ ᠪᠦᠲᠦᠮᠵᠢᠲᠡᠶ ᠪᠠᠷ  ᠬᠦᠢᠴᠡᠳᠬᠡᠬᠦ ᠲᠤᠰᠬᠠᠶ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠦᠭᠰᠡᠨ ᠪᠠᠶᠢᠨ᠎ᠠ᠃ ᠤᠳᠤ ᠪᠣᠯᠲᠠᠯ᠎ᠠ ᠨᠢᠭᠡᠨᠲᠡ 13458 ᠬᠡᠷᠡᠭ ᠢ ᠲᠠᠰᠤᠯᠠᠨ ᠰᠢᠢᠳᠪᠤᠷᠢᠯᠡᠵᠤ ᠂ ᠬᠦᠢᠴᠡᠳᠭᠡᠭᠰᠡᠨ ᠵᠣᠭᠤᠰ ᠤᠨ 1.64 ᠳ᠋ᠦᠩᠰᠢᠭᠤᠷ ᠲᠥᠭᠦᠷᠢᠭ ᠲᠤ ᠬᠦᠷᠴᠡᠶ᠃  ᠠᠷᠠᠳ ᠤᠨ ᠠᠮᠢᠳᠤᠷᠠᠯ ᠳᠤ ᠬᠤᠯᠪᠣᠭᠳᠠᠭᠰᠠᠨ 29 ᠬᠡᠷᠡᠭ ᠤᠨ ᠲᠤᠬᠠᠶ ᠶᠢᠨ ᠬᠥᠮᠦᠨ ᠳᠤ ᠬᠠᠤᠯᠢ ᠴᠠᠭᠠᠵᠠ ᠶᠢᠨ ᠲᠤᠰᠠᠯᠠᠮᠵᠢ ᠬᠦᠷᠳᠡᠬᠡᠵᠤ᠂ ᠲᠤᠰᠠᠯᠠᠭᠰᠠᠨ ᠵᠣᠭᠤᠰ ᠨᠢ 39.57 ᠲᠦᠮᠡᠨ ᠲᠥᠭᠦᠷᠢᠭ ᠲᠤ ᠬᠥᠷᠪᠡ᠃     ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠥᠷᠨᠢᠭᠦᠯᠦᠭᠰᠡᠨ ᠠᠴᠠ ᠨᠠᠭᠠᠰᠢ᠂ ᠪᠦᠬᠦ ᠣᠷᠣᠨ ᠤ ᠰᠢᠭᠦᠬᠦ ᠬᠤᠷᠢᠶ᠎ᠠ ᠭᠦᠢᠴᠡᠳᠬᠡᠬᠦ ᠬᠦᠷᠢᠶᠡᠨ ᠳᠤ ᠬᠢ ᠲᠣᠪᠤᠶᠢᠮ᠎ᠠ ᠠᠰᠠᠭᠤᠳᠠᠯ ᠤᠨ ᠠᠷᠬᠠᠭ ᠭᠡᠮ ᠢ ᠴᠡᠭᠴᠡᠯᠡᠨ ᠵᠠᠰᠠᠬᠤ ᠭᠤᠣᠯᠳᠠᠯᠭ᠎ᠠ ᠶᠢᠨ ᠭᠤᠣᠯᠳᠠᠯᠭ᠎ᠠ ᠪᠣᠯᠭᠠᠵᠤ᠂ ᠭᠦᠢᠴᠡᠳᠬᠡᠬᠦ ᠬᠦᠷᠢᠶᠡᠨ ᠳᠤ ᠬᠢ ︽ᠪᠡᠷᠬᠡ ᠰᠡᠳᠦᠪ ᠢ  ᠰᠢᠢᠳᠪᠤᠷᠢᠯᠡᠬᠦ ᠵᠠᠭᠤᠨ ᠡᠳᠦᠷ︾᠂ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠰᠠᠬᠢᠯᠭ᠎ᠠ ᠪᠠᠲᠤ ᠶᠢ ᠴᠢᠩᠳᠠᠯᠠᠬᠤ᠂ ᠭᠦᠢᠴᠡᠳᠬᠡᠬᠦ ᠠᠵᠢᠯᠯᠠᠭ᠎ᠠ ᠶᠢ ᠵᠢᠷᠤᠮᠵᠢᠭᠤᠯᠬᠤ ᠲᠤᠰᠬᠠᠶ ᠵᠦᠢᠯ ᠢᠶᠠᠷ ᠴᠡᠭᠴᠡᠯᠡᠨ ᠵᠠᠰᠠᠬᠤ︾᠂ ︽ᠲᠠᠯ᠎ᠠ ᠨᠤᠲᠤᠭ ᠤᠨ ᠡᠷᠡᠯᠭᠡᠭ ᠪᠦᠷᠭᠦᠳ 2021︾ ᠢ ᠲᠥᠪᠯᠡᠷᠡᠭᠦᠯᠦᠨ ᠭᠦᠢᠴᠡᠳᠬᠡᠬᠦ ᠵᠡᠷᠭᠡ ᠤᠯᠠᠨ ᠵᠦᠢᠯ ᠤᠨ ᠲᠤᠰᠬᠠᠶ ᠠᠵᠢᠯᠯᠠᠭ᠎ᠠ ᠶᠢ ᠤᠷᠢᠳ ᠬᠤᠵᠢᠳ ᠥᠷᠨᠢᠭᠦᠯᠵᠦ᠂ ᠭᠦᠢᠴᠡᠳᠬᠡᠬᠦ ᠬᠡᠷᠡᠭ ᠤᠨ ᠵᠣᠭᠤᠰ ᠢ ᠤᠳᠠᠭᠠᠰᠢᠷᠠᠭᠤᠯᠤᠨ ᠲᠠᠷᠬᠠᠭᠠᠬᠤ ᠵᠡᠷᠭᠡ ᠠᠷᠬᠠᠭ ᠭᠡᠮ ᠲᠠᠢ ᠠᠰᠠᠭᠤᠳᠠᠯ ᠢ ᠪᠦᠬᠦ ᠲᠠᠯ᠎ᠠ ᠪᠠᠷ ᠰᠢᠰᠲ᠋ᠧᠮ ᠲᠠᠢ ᠪᠠᠷ ᠴᠡᠭᠴᠡᠯᠡᠨ ᠵᠠᠰᠠᠵᠤ᠂ ᠰᠤᠷᠲᠠᠯ ᠴᠢᠭᠴᠢ ᠣᠪᠣᠷ ᠲᠥᠪ ᠤᠯᠤᠰ ᠲᠦᠷᠦ ᠶᠢᠨ ᠠᠮᠢ ᠠᠬᠤᠶ ᠪᠠ ᠥᠨᠳᠥᠷ ᠪᠦᠲᠦᠮᠵᠢᠲᠡᠶ ᠵᠢᠷᠤᠮᠵᠢᠭᠰᠠᠨ ᠭᠦᠢᠴᠡᠳᠬᠡᠬᠦ ᠣᠷᠴᠢᠨ ᠨᠥᠬᠦᠴᠡᠯ ᠢ ᠪᠤᠢ ᠪᠣᠯᠭᠠᠪᠠ᠃      ᠡᠭᠦᠨ ᠤ ᠬᠠᠮᠲᠤ᠂ ᠪᠥᠬᠦ ᠣᠷᠣᠨ ᠤ ᠰᠢᠭᠦᠬᠦ ᠬᠤᠷᠢᠶ᠎ᠠ ᠨᠤᠭᠤᠳ ᠲᠦᠷᠢᠮ ᠪᠠ ᠡᠩᠨᠡᠭᠡᠨ ᠤ ᠪᠠᠶᠢᠭᠤᠯᠤᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂  ᠬᠦᠢᠴᠡᠳᠬᠡᠬᠦ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠪᠡ᠃ ᠵᠢᠯᠣᠭᠤᠳᠬᠤ ᠲᠥᠪ ᠤᠨ ᠪᠣᠳᠠᠲᠤ ᠴᠣᠭᠴᠠᠲᠤ ᠠᠵᠢᠯᠯᠠᠭᠠᠨ ᠢ ᠪᠦᠬᠦ ᠲᠠᠯ᠎ᠠ ᠪᠠᠷ ᠬᠡᠷᠡᠭᠵᠢᠭᠦᠯᠬᠦ ᠪᠠᠷ ᠳᠠᠮᠵᠢᠭᠤᠯᠤᠨ᠂ ︽ᠨᠢᠭᠡ ᠬᠥᠮᠦᠨ ᠬᠡᠷᠡᠭ ᠢ ᠡᠴᠦᠰ ᠲᠤ ᠨᠢ ᠲᠤᠯᠲᠠᠯ᠎ᠠ ᠳᠠᠭᠠᠭᠠᠴᠢᠯᠠᠬᠤ︾ ᠵᠡᠷᠭᠡ ᠬᠡᠷᠡᠭ  ᠰᠢᠢᠳᠪᠤᠷᠢᠯᠡᠬᠦ ᠤᠯᠠᠮᠵᠢᠯᠠᠯᠲᠤ ᠠᠷᠭ᠎ᠠ ᠮᠠᠶ᠋ᠢᠭ ᠢ ᠲᠦᠢᠯᠪᠤᠷᠢᠲᠠᠶ ᠬᠤᠪᠢᠷᠠᠭᠤᠯᠤᠭᠠᠳ᠂ ᠣᠳᠣᠬᠠᠨ ᠳᠤ ᠨᠢᠭᠡᠨᠲᠡ ᠪᠦᠬᠦ ᠵᠠᠩᠭᠢᠯᠠᠭ᠎ᠠ ᠶᠢᠨ ᠴᠡᠭ ᠢᠶᠠᠷ ᠬᠢᠨᠠᠨ ᠡᠵᠡᠮᠳᠡᠵᠦ ᠪᠣᠯᠬᠤ᠂ ᠪᠦᠬᠦ ᠶᠠᠪᠤᠴᠠ ᠪᠠᠷ ᠨᠡᠬᠡᠮᠵᠢᠯᠡᠵᠦ ᠪᠣᠯᠬᠤ᠂ ᠪᠦᠬᠦ ᠶᠠᠪᠤᠴᠠ ᠪᠠᠷ ᠴᠢᠩᠭ᠎ᠠ ᠬᠢᠨᠠᠨ ᠬᠠᠮᠢᠶᠠᠷᠬᠤ ᠭᠦᠢᠴᠡᠳᠬᠡᠬᠦ ᠰᠢᠰᠲ᠋ᠧᠮ ᠢ ᠦᠨᠳᠦᠰᠦᠨ ᠳᠤ ᠪᠠᠨ ᠪᠠᠶᠢᠭᠤᠯᠪᠠ᠃ ᠲᠦᠷᠢᠮ ᠤᠨ ᠳᠤᠲᠠᠭᠤᠳᠠᠯ ᠪᠠ ᠪᠠᠭᠤᠷᠠᠶ ᠲᠠᠯ᠎ᠠ ᠶᠢ ᠨᠥᠬᠦᠪᠥᠷᠢᠯᠡᠬᠦ ᠲᠠᠯ᠎ᠠ ᠪᠠᠷ ᠂ ᠤᠷᠢᠳ ᠬᠤᠵᠢᠳ ︽ᠬᠡᠷᠡᠭ  ᠰᠢᠢᠳᠪᠤᠷᠢᠯᠡᠬᠦ ᠵᠢᠷᠤᠮ ᠤᠨ ᠵᠢᠯᠣᠭᠤᠳᠤᠮᠵᠢ ︵ᠭᠦᠢᠴᠡᠳᠬᠡᠬᠦ ᠡᠪᠬᠡᠮᠡᠯ︶︾ ᠵᠡᠷᠭᠡ 10 ᠭᠠᠷᠤᠶ ᠵᠦᠢᠯ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠵᠣᠬᠢᠶᠠᠵᠤ ᠲᠠᠷᠬᠠᠭᠠᠪᠠ᠃ ᠪᠦᠬᠦ ᠣᠷᠣᠨ ᠤ ᠰᠢᠭᠦᠬᠦ ᠬᠤᠷᠢᠶ᠎ᠠ ᠶᠢᠨ ᠭᠦᠢᠴᠡᠳᠬᠡᠬᠦ ᠡᠩᠨᠡᠭᠡ 120 ᠭᠠᠷᠤᠶ ᠬᠥᠮᠦᠨ ᠢ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠵᠤ᠂ 530 ᠭᠠᠷᠤᠶ ᠲᠠᠯᠠᠪᠤᠷ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠭᠦᠢᠴᠡᠳᠬᠡᠬᠦ ᠪᠠᠶᠢᠭᠤᠯᠤᠮᠵᠢ ᠶᠢᠨ ᠠᠵᠢᠯᠳᠠᠨ ᠤ ᠪᠦᠲᠦᠴᠡ ᠵᠦᠢ ᠵᠣᠬᠢᠰᠲᠠᠶ ᠪᠤᠯᠵᠤ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢᠯᠡᠳᠲᠡ ᠳᠡᠭᠡᠭᠰᠢᠯᠡᠪᠡ᠃             
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号