| 12 ᠳ᠋ᠤᠭᠠᠷ ᠰᠠᠷ᠎ᠠ ᠶᠢᠨ 15 ᠤ ᠡᠳᠦᠷ᠂ ᠠᠮᠤᠷ ᠠᠮᠤᠭᠤᠯᠠᠩ ᠳᠤᠮᠳᠠᠳᠤ ᠤᠯᠤᠰ ᠤᠨ ᠪᠥᠲᠥᠭᠡᠨ | ᠪᠠᠶᠢᠭᠤᠯᠤᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠳᠤ ᠬᠤᠷᠠᠯᠳᠤᠵᠤ᠂ ᠮᠠᠨ ᠤ ᠣᠷᠣᠨ ᠤ 4 | ᠬᠠᠮᠲᠤ ᠨᠡᠶᠢᠲᠡ᠂ 3 ᠬᠤᠪᠢ ᠬᠥᠮᠦᠨ ᠬᠥᠬᠢᠭᠦᠯᠦᠨ ᠰᠠᠶᠢᠰᠢᠶᠠᠭᠳᠠᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ | ᠰᠤᠷᠪᠤᠯᠵᠢᠯᠠᠭ᠎ᠠ ᠶᠢ ᠭᠥᠯᠢᠶᠡᠨ ᠠᠪᠬᠤ ᠨᠢᠬᠡᠳᠤᠬᠡᠷ ᠭᠠᠵᠠᠷ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠨᠢᠭᠤᠴᠠ ᠮᠡᠳᠡᠭᠡᠨ ᠤ ᠵᠢᠯᠣᠭᠤᠳᠬᠤ ᠲᠥᠪ ᠤᠨ 110 ᠴᠠᠭᠳᠠᠭ᠎ᠠ ᠶᠢ ᠭᠥᠯᠢᠶᠡᠨ ᠠᠪᠴᠤ | ᠰᠢᠢᠳᠪᠤᠷᠢᠯᠡᠬᠦ ᠶᠡᠭᠡ ᠠᠩᠭᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ | ᠠᠷᠭᠠᠴᠠᠭᠠᠬᠤ ᠵᠢᠯᠣᠭᠤᠳᠬᠤ ᠲᠥᠪ᠂ ᠬᠥᠯᠥᠨ ᠪᠤᠶᠢᠷ ᠤᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠠᠮᠤᠷ | ᠠᠮᠤᠭᠤᠯᠠᠩ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠲᠡᠷᠢᠭᠦᠨ ᠤ ᠬᠠᠮᠲᠤ ᠨᠡᠶᠢᠲᠡ ᠪᠠᠷ | ᠦᠨᠡᠯᠡᠭᠳᠡᠵᠦ᠂ ᠯᠢᠦ ᠠᠨ᠂ ᠵᠧᠤ ᠲᠢᠶᠠᠨ ᠹᠠᠩ᠂ ᠰᠢᠤᠢ ᠰᠢᠨ ᠠᠮᠤᠷ ᠠᠮᠤᠭᠤᠯᠠᠩ ᠳᠤᠮᠳᠠᠳᠤ ᠤᠯᠤᠰ ᠤᠨ | ᠪᠥᠲᠥᠭᠡᠨ ᠪᠠᠶᠢᠭᠤᠯᠤᠯᠲᠠ ᠶᠢᠨ ᠲᠡᠷᠢᠭᠦᠨ ᠤ ᠬᠤᠪᠢ ᠬᠥᠮᠦᠨ ᠢᠶᠠᠷ ᠦᠨᠡᠯᠡᠭᠳᠡᠪᠡ᠃ ᠬᠤᠷᠠᠯ ᠳᠡᠭᠡᠷ᠎ᠡ᠂ ᠤᠷᠳᠤᠰ | ᠬᠤᠳᠠ ᠠᠮᠤᠷ ᠠᠮᠤᠭᠤᠯᠠᠩ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ | ᠪᠠᠷ ᠨᠡᠷᠡᠶᠢᠳᠦᠭᠳᠡᠵᠦ ᠫᠠᠶᠢᠰᠨ ᠬᠦᠷᠳᠡᠭᠰᠡᠨ ᠪᠦᠬᠡᠳ ᠬᠢᠩᠭᠠᠨ ᠠᠶᠢᠮᠠᠭ ᠤᠨ ᠵᠠᠯᠠᠶᠢᠳ ᠬᠤᠰᠢᠭᠤ᠂ ᠪᠠᠶᠠᠨᠨᠠᠭᠤᠷ | ᠬᠤᠳᠠ ᠶᠢᠨ ᠦᠶᠤᠸᠠᠨ ᠰᠢᠶᠠᠨ᠂ ᠤᠯᠠᠭᠠᠨᠴᠠᠪ ᠬᠤᠳᠠ ᠶᠢᠨ ᠰᠢᠩ ᠾᠧ ᠰᠢᠶᠠᠨ ᠠᠮᠤᠷ ᠠᠮᠤᠭᠤᠯᠠᠩ ᠳᠤᠮᠳᠠᠳᠤ | ᠤᠯᠤᠰ ᠤᠨ ᠪᠦᠳᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢᠶᠠᠷ ᠨᠡᠷᠡᠶᠢᠳᠦᠭᠳᠡᠵᠦ ᠫᠠᠶᠢᠰᠨ ᠤᠯᠵᠤ᠂ | ᠤᠷᠳᠤᠰ ᠬᠤᠳᠠ᠂ ᠬᠢᠩᠭᠠᠨ ᠠᠶᠢᠮᠠᠭ ᠤᠨ ᠵᠠᠯᠠᠶᠢᠳ ᠬᠤᠰᠢᠭᠤ ︽ᠦᠨᠢᠳᠡ ᠠᠮᠤᠭᠤᠯᠠᠩ ᠬᠤᠨᠳᠠᠭ᠎ᠠ︾ ᠬᠦᠷᠳᠡᠪᠡ᠃ | ︽ᠠᠮᠤᠷ ᠠᠮᠤᠭᠤᠯᠠᠩ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ︾ ᠪᠠ | ︽ᠠᠮᠤᠷ ᠠᠮᠤᠭᠤᠯᠠᠩ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ︾ ᠢ 4 | ᠵᠢᠯ ᠳᠤ ᠨᠢᠭᠡ ᠤᠳᠠᠭ᠎ᠠ ᠫᠠᠶᠢᠰᠠ ᠣᠯᠭᠤᠨ ᠨᠡᠷᠡᠶᠢᠳᠴᠦ᠂ ᠳᠠᠷᠠᠭᠠᠯᠠᠨ 3 ᠤᠳᠠᠭ᠎ᠠ ᠫᠠᠶᠢᠰᠠ ᠣᠯᠭᠤᠨ | ᠨᠡᠷᠡᠶᠢᠳᠦᠭᠰᠡᠨ ᠬᠤᠲᠠ᠂ ᠰᠢᠶᠠᠨ ᠠᠮᠤᠷ ᠠᠮᠤᠭᠤᠯᠠᠩ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ | ᠬᠠᠮᠤᠭ ᠤᠨ ᠥᠨᠳᠥᠷ ᠱᠠᠩᠨᠠᠯ ︽ᠦᠨᠢᠳᠡ ᠠᠮᠤᠭᠤᠯᠠᠩ ᠬᠤᠨᠳᠠᠭ᠎ᠠ︾ ᠶᠢ ᠭᠥᠷᠳᠡᠬᠦ ᠬᠢᠷᠢ ᠬᠡᠮ ᠲᠠᠢ ᠶᠤᠮ᠃ | |