ᠬᠡᠤᠬᠡᠳ ᠤᠨ ᠠᠰᠠᠷᠠᠮᠵᠢ ᠶᠢᠨ ᠭᠠᠵᠠᠷ ᠪᠥᠬᠦ ᠤᠯᠤᠰ ᠤᠨ ᠡᠮᠡᠭᠲᠡᠶᠢᠴᠦᠳ ᠬᠡᠤᠬᠡᠳ ᠤᠨ ᠡᠷᠬᠡ  ᠠᠰᠢᠭ ᠢ ᠬᠠᠮᠠᠭᠠᠯᠠᠬᠰᠠᠨ ᠲᠠᠷᠢᠬᠦᠨ ᠤ ᠬᠠᠮᠳᠤ ᠶᠢᠨ ᠴᠤᠯᠨ ᠬᠦᠷᠳᠡᠯ᠎ᠡ
ᠨᠡᠶᠢᠲᠡᠯᠡᠭᠰᠡᠨ ᠴᠠᠭ᠄
2021/12/30
      ᠲᠦᠷᠦᠭᠦᠬᠡᠨ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ︽ᠪᠥᠬᠦ ᠤᠯᠤᠰ ᠤᠨ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ ᠬᠠᠮᠠᠭᠠᠯᠠᠭᠰᠠᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠤᠬᠠᠶ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠣᠭᠲᠠᠭᠠᠯ︾ ᠢ ᠳᠠᠷᠤᠮᠠᠯᠯᠠᠨ ᠲᠠᠷᠬᠠᠭᠠᠵᠠᠢ᠂ ᠡᠬᠦᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠡᠤᠬᠡᠳ ᠤᠨ ᠠᠰᠠᠷᠠᠮᠵᠢ ᠶᠢᠨ ᠭᠠᠵᠠᠷ ᠪᠥᠬᠦ ᠤᠯᠤᠰ ᠤᠨ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ ᠬᠠᠮᠠᠭᠠᠯᠠᠭᠰᠠᠨ ᠲᠡᠷᠢᠭᠦᠨ ᠤ ᠬᠠᠮᠲᠤ ᠶᠢᠨ ᠴᠤᠯᠨ ᠶᠢ ᠬᠦᠷᠳᠡᠭᠰᠡᠨ ᠪᠠᠶᠢᠨ᠎ᠠ᠃     ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠡᠦᠬᠡᠳ ᠤᠨ ᠠᠰᠠᠷᠠᠮᠵᠢ ᠶᠢᠨ ᠭᠠᠵᠠᠷ ᠨᠢ ᠬᠡᠦᠬᠡᠳ ᠤᠨ ᠠᠰᠠᠷᠠᠮᠵᠢ ᠪᠠ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠥᠬᠦ ᠲᠠᠯ᠎ᠠ ᠪᠠᠷ ᠪᠠᠶᠢᠭᠤᠯᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ  ᠰᠢᠰᠲ᠋ᠧᠮ ᠢ ᠪᠦᠷᠢᠨᠰᠢᠬᠦᠯᠦᠨ᠂ ᠨᠠᠷᠢᠯᠢᠭ ᠣᠨᠣᠪᠴᠢᠲᠠᠶ ᠬᠠᠮᠢᠶᠠᠷᠤᠯᠲᠠ ᠪᠤᠯᠤᠨ ᠨᠠᠷᠢᠯᠢᠭ ᠦᠢᠯᠡᠴᠢᠯᠡᠬᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠵᠤ᠂ ᠶᠠᠰᠤ ᠴᠢᠨᠠᠷ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠪᠠ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠠᠷ ᠪᠠᠷᠢᠴᠨ ᠪᠣᠯᠭᠠᠨ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠬᠡᠤᠬᠡᠳ ᠤᠨ ᠡᠷᠬᠡ ᠠᠰᠢᠭ ᠢ ᠪᠠᠲᠤᠯᠠᠬᠤ ᠳᠤ ᠢᠳᠡᠪᠬᠢᠲᠡᠶ ᠬᠤᠪᠢ ᠨᠡᠮᠡᠷᠢ ᠦᠵᠡᠬᠦᠯᠦᠭᠰᠡᠬᠡᠷ ᠢᠷᠡᠭᠰᠡᠨ ᠶᠤᠮ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号