ᠤᠯᠠᠭᠠᠨᠬᠠᠳᠠ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠰᠢᠨ᠎ᠡ ᠤᠨ ᠤ ᠨᠠᠮ ᠤᠨ ᠰᠤᠷᠳᠠᠯ ᠠᠷᠢᠭᠤᠨ ᠴᠢᠭᠴᠢ ᠶᠢᠨ ᠬᠦᠮᠦᠵᠢᠯ ᠤᠨ ︽ᠨᠢᠬᠡᠳᠤᠬᠡᠷ ᠬᠢᠴᠢᠶᠡᠯ︾ ᠢ ᠰᠠᠶᠢᠨ ᠤᠷᠤᠵᠤ᠂ ᠠᠷᠢᠭᠤᠨ ᠴᠢᠭᠴᠢ ᠦᠪᠡᠷ ᠤᠨ ᠰᠠᠬᠢᠯᠭ᠎ᠠ ᠪᠠᠳᠤ ᠶᠢᠨ ᠱᠤᠭᠤᠮ ᠢ ᠪᠠᠳᠤᠳᠬᠠᠵᠠᠢ
ᠨᠡᠶᠢᠲᠡᠯᠡᠭᠰᠡᠨ ᠴᠠᠭ᠄
2021/2/26
    ᠠᠷᠠᠳ ᠤᠨ ᠶᠠᠪᠤᠳᠠᠯ ᠤᠨ ᠺᠠᠳ᠋ᠷᠴᠤᠳ ᠪᠤᠯᠤᠨ ᠠᠵᠢᠯᠳᠠᠳ ᠰᠡᠳᠬᠢᠯ ᠢᠶᠠᠨ ᠬᠤᠷᠢᠶᠠᠵᠤ ᠠᠵᠢᠯ ᠤᠨ ᠪᠠᠶᠢᠷᠢ  ᠳᠤ ᠪᠠᠨ ᠢᠷᠡᠵᠤ᠂ ᠰᠢᠨ᠎ᠡ ᠤᠶᠤᠨ ᠰᠠᠨᠠᠭᠠᠨ ᠤ ᠦᠡᠭᠭᠡ ᠲᠦᠷᠰᠤ ᠪᠠᠷ 2021 ᠤᠨ ᠤ ᠠᠵᠢᠯ ᠳᠤ ᠭᠠᠪᠰᠢᠭᠠᠶᠢᠯᠠᠭᠤᠯᠬᠤ ᠶᠢᠨ ᠲᠦᠯᠦᠬᠡ 2 ᠳ᠋ᠤᠭᠠᠷ ᠰᠠᠷ᠎ᠠ ᠶᠢᠨ 19 ᠤ ᠡᠳᠤᠷ᠂ ᠤᠯᠠᠭᠠᠨᠬᠠᠳᠠ ᠬᠤᠳᠠ ᠶᠢᠨ ᠠᠷᠠᠳ  ᠤᠨ ᠶᠠᠪᠤᠳᠠᠯ ᠤᠨ ᠲᠤᠪᠴᠢᠶ᠎ᠠ ᠨᠠᠮ ᠤᠨ ᠲᠤᠭᠤᠶᠢᠯᠠᠩ ᠤᠨ ᠤᠨᠤᠯ ᠤᠨ ᠭᠤᠤᠯ ᠲᠤᠭᠤᠶᠢᠯᠠᠩ ᠪᠠ ᠪᠠᠶᠢᠭᠤᠯᠭ᠎ᠠ ᠶᠢᠨ ᠨᠠᠮ ᠤᠨ ᠡᠬᠦᠷ ᠢ ᠵᠤᠬᠢᠶᠠᠨ ᠪᠠᠶᠢᠭᠤᠯᠤᠨ ᠲᠦᠪᠯᠡᠷᠡᠬᠦᠯᠤᠨ ᠰᠤᠷᠤᠯᠴᠠᠬᠤ ᠬᠤᠷᠠᠯ ᠬᠢᠵᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠯᠠᠭᠠᠨᠬᠠᠳᠠ ᠬᠤᠳᠠ ᠶᠢᠨ ᠲᠤᠯᠤᠳᠤᠭᠠᠷ ᠬᠤᠭᠤᠴᠠᠭᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠲᠤᠯᠤᠳᠤᠭᠠᠷ ᠤᠳᠠᠭᠠᠨ ᠤ ᠪᠦᠬᠦ ᠬᠡᠰᠢᠬᠦᠳ ᠤᠨ ᠬᠤᠷᠠᠯ ᠤᠨ ᠰᠢᠢᠳᠪᠤᠷᠢ ᠶᠢᠨ ᠵᠤᠷᠢᠭ ᠰᠠᠨᠠᠭ᠎ᠠ ᠶᠢ ᠲᠠᠮᠵᠢᠭᠤᠯᠵᠤ᠂ ᠤᠨ ᠤ ᠨᠠᠮ ᠤᠨ ᠪᠠᠶᠢᠭᠤᠯᠤᠯᠳᠠ ᠪᠠ ᠨᠠᠮ ᠤᠨ ᠰᠤᠷᠳᠠᠯ ᠠᠷᠢᠭᠤᠨ ᠴᠢᠭᠴᠢ ᠶᠢᠨ ᠪᠠᠶᠢᠭᠤᠯᠤᠯᠳᠠ  ᠶᠢᠨ ᠠᠵᠢᠯ ᠢᠶᠠᠨ ᠪᠠᠶᠢᠷᠢᠯᠠᠭᠤᠯᠪᠠ᠃ ᠲᠤᠪᠴᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠤᠪᠴᠢᠶᠠᠨ ᠲᠠᠷᠤᠭ᠎ᠠ ᠶᠠᠨ ᠴᠢᠩ ᠴᠢᠩ ᠬᠤᠷᠠᠯ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠠᠢ᠃    ᠬᠤᠷᠠᠯ ᠠᠴᠠ ᠴᠢᠬᠤᠯᠠᠴᠢᠯᠠᠬᠰᠠᠨ ᠨᠢ ᠠᠷᠠᠳ ᠤᠨ ᠶᠠᠪᠤᠳᠠᠯ ᠤᠨ ᠰᠢᠰᠲ᠋ᠧᠮ ᠤᠨ ᠨᠠᠮ ᠤᠨ ᠬᠡᠰᠢᠬᠦᠨ ᠤᠳᠤᠷᠢᠳᠬᠤ ᠺᠠᠳ᠋ᠷᠴᠤᠳ ᠨᠠᠮ ᠤᠨ ᠲᠦᠪ ᠬᠤᠷᠢᠶ᠎ᠠ ᠶᠢᠨ ᠨᠠᠮ ᠢ ᠡᠷᠡᠰ ᠪᠠᠳᠤ᠂ ᠪᠦᠬᠦ ᠲᠠᠯ᠎ᠠ ᠪᠠᠷ ᠴᠢᠩᠭ᠎ᠠ ᠠᠴᠠ ᠴᠢᠩᠭ᠎ᠠ ᠴᠡᠭᠴᠡᠯᠡᠬᠦ ᠶᠢ ᠬᠡᠵᠢᠶ᠎ᠡ ᠴᠦ ᠤᠷᠬᠢᠬᠤ ᠦᠬᠡᠢ ᠡᠷᠡᠰ ᠵᠤᠷᠢᠭ ᠪᠠ ᠬᠠᠳᠠᠨ ᠵᠤᠷᠢᠭ ᠢ ᠬᠦᠢᠴᠡᠳ ᠲᠠᠨᠢᠵᠤ᠂ ᠤᠬᠠᠮᠰᠠᠷ ᠠᠴᠠ ᠪᠠᠨ ᠪᠦᠬᠦ ᠪᠠᠶᠢᠳᠠᠯ ᠪᠠ ᠪᠠᠶᠢᠯᠳᠤᠬᠤ ᠪᠤᠳᠤᠯᠭ᠎ᠠ ᠶᠢᠨ ᠦᠨᠳᠤᠷᠴᠨ ᠠᠴᠠ ᠡᠯ᠎ᠡ ᠵᠦᠢᠯ ᠤᠨ ᠠᠵᠢᠯ  ᠢᠶᠠᠨ ᠰᠠᠶᠢᠳᠤᠷ ᠬᠢᠬᠦ ᠬᠡᠷᠡᠭᠳᠡᠢ᠃ ᠤᠯᠤᠰ ᠲᠦᠷᠤ ᠶᠢ ᠡᠷᠬᠢᠮᠯᠡᠬᠦ ᠪᠠ ᠰᠠᠬᠢᠯᠭ᠎ᠠ ᠰᠠᠬᠢᠬᠤ ᠶᠢ ᠲᠡᠷᠢᠬᠦᠨ ᠳᠤ ᠲᠠᠯᠪᠢᠵᠤ᠂ ᠶᠡᠷᠤᠩᠭᠡᠢ ᠱᠦᠵᠢ ᠰᠢ ᠶᠢᠨ ᠫᠢᠡᠭ ᠤᠨ  ᠴᠢᠬᠤᠯᠨ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠪᠠ ᠨᠠᠮ ᠤᠨ ᠲᠦᠪ ᠬᠤᠷᠢᠶ᠎ᠠ ᠶᠢᠨ ᠰᠢᠢᠳᠪᠤᠷᠢ ᠪᠠᠶᠢᠷᠢᠯᠠᠭᠤᠯᠤᠯᠳᠠ ᠪᠠᠷ ᠭᠤᠤᠯ ᠬᠠᠷᠢᠭᠤᠴᠠᠯᠭ᠎ᠠ᠂ ᠭᠤᠤᠯ ᠠᠵᠢᠯ ᠪᠠ ᠠᠵᠢᠯ ᠤᠨ ᠭᠤᠤᠯᠳᠠᠯᠭ᠎ᠠ ᠪᠤᠯᠭᠠᠨ᠂ ᠠᠷᠠᠳ ᠤᠨ ᠶᠠᠪᠤᠳᠠᠯ ᠤᠨ ᠠᠵᠢᠯ ᠤᠨ ᠵᠦᠪ ᠤᠨᠤᠪᠴᠢᠳᠠᠢ ᠤᠯᠤᠰ ᠲᠦᠷᠤ  ᠶᠢᠨ ᠴᠢᠭᠯᠡᠯ ᠢ ᠪᠠᠳᠤᠯᠠᠬᠤ ᠬᠡᠷᠡᠭᠳᠡᠢ᠃ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠ ᠶᠡᠷᠤᠩᠭᠡᠢ ᠱᠦᠵᠢ ᠰᠢ ᠶᠢᠨ ᠫᠢᠡᠭ ᠤᠨ ᠠᠷᠠᠳ ᠤᠨ ᠶᠠᠪᠤᠳᠠᠯ ᠤᠨ ᠠᠵᠢᠯ   ᠤᠨ ᠲᠤᠬᠠᠢ ᠴᠢᠬᠤᠯᠨ ᠦᠬᠦᠯᠡᠯᠳᠡ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ︽ᠠᠷᠠᠳ ᠤᠨ ᠶᠠᠪᠤᠳᠠᠯ ᠤᠨ ᠬᠢᠨ ᠠᠷᠠᠳ ᠤᠨ ᠲᠦᠯᠦᠬᠡ᠂ ᠠᠷᠠᠳ ᠤᠨ ᠶᠠᠪᠤᠳᠠᠯ ᠤᠨ ᠬᠢᠨ ᠠᠷᠠᠳ ᠢᠶᠠᠨ ᠬᠠᠶᠢᠷᠠᠯᠠᠬᠤ︾ ᠠᠵᠢᠯ ᠤᠨ ᠤᠶᠢᠯᠠᠭᠠᠬᠳᠠᠬᠤᠨ ᠢ ᠪᠤᠢ ᠪᠤᠯᠭᠠᠵᠤ᠂ ᠨᠠᠮ ᠤᠨ ᠬᠡᠰᠢᠬᠦᠨ ᠺᠠᠳ᠋ᠷ ᠤᠨ ᠦᠵᠡᠯ ᠰᠠᠨᠠᠭ᠎ᠠ ᠤᠨᠤᠯ ᠤᠨ ᠰᠠᠭᠤᠷᠢ ᠶᠢ ᠲᠠᠰᠤᠷᠠᠯ ᠦᠬᠡᠢ ᠪᠠᠳᠤᠳᠬᠠᠬᠤ ᠬᠡᠷᠡᠭᠳᠡᠢ᠃ ᠨᠠᠮ ᠢ ᠬᠠᠮᠢᠶᠠᠷᠬᠤ ᠨᠠᠮ ᠢ ᠴᠡᠭᠴᠡᠯᠡᠬᠦ ᠬᠠᠷᠢᠭᠤᠴᠠᠯᠭ᠎ᠠ ᠶᠢ ᠤᠯᠠᠮ ᠪᠤᠳᠠᠳᠠᠶᠢᠵᠢᠭᠤᠯᠵᠤ᠂ ᠲᠦᠷᠢᠮ ᠤᠨ ᠪᠠᠶᠢᠭᠤᠯᠤᠯᠳᠠ ᠶᠢ ᠲᠤᠪᠤᠶᠢᠮ᠎ᠠ ᠠᠳᠬᠤᠵᠤ᠂ ᠰᠤᠷᠳᠠᠯ ᠤᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠨ᠂ ᠪᠦᠬᠦ ᠵᠢᠯ ᠤᠨ ᠠᠷᠠᠳ ᠤᠨ ᠶᠠᠪᠤᠳᠠᠯ ᠤᠨ ᠠᠵᠢᠯ ᠢ ᠪᠡᠶᠡᠯᠡᠬᠦᠯᠬᠦ ᠳᠤ ᠨᠠᠶᠢᠳᠠᠪᠤᠷᠢᠳᠠᠢ ᠪᠠᠳᠤᠯᠠᠭ᠎ᠠ ᠬᠠᠨᠭ᠍ᠭᠠᠬᠤ ᠬᠡᠷᠡᠭᠳᠡᠢ ᠬᠡᠵᠡᠢ᠃     ᠬᠤᠷᠠᠯ ᠲᠡᠬᠡᠷ᠎ᠡ ︽ᠤᠯᠠᠭᠠᠨᠬᠠᠳᠠ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ  ᠨᠠᠮ ᠢ ᠪᠦᠬᠦ ᠲᠠᠯ᠎ᠠ ᠪᠠᠷ ᠴᠢᠩᠭ᠎ᠠ ᠴᠡᠭᠴᠡᠯᠡᠬᠦ ᠭᠤᠤᠯ ᠬᠠᠷᠢᠭᠤᠴᠠᠯᠭ᠎ᠠ ᠶᠢᠨ ᠨᠠᠷᠢᠨ ᠲᠠᠩᠰᠨ︾ ᠪᠠ ︽ᠤᠯᠠᠭᠠᠨᠬᠠᠳᠠ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠪᠤᠯᠤᠨ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠤᠬᠦᠨ ᠤ ᠨᠠᠮ ᠤᠨ ᠰᠤᠷᠳᠠᠯ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠨ︾ ᠶᠢ ᠬᠢᠨᠠᠨ ᠵᠦᠪᠯᠡᠵᠤ ᠵᠠᠷᠯᠠᠬᠰᠠᠨ ᠪᠦᠬᠡᠳ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠪᠠ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠤᠬᠦᠨ ᠬᠤᠭᠤᠷᠤᠨᠳᠤ ᠪᠠᠨ᠂ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠤᠬᠦᠨ ᠪᠠ ᠬᠤᠪᠢᠳᠠᠨ ᠬᠠᠮᠢᠶᠠᠷᠬᠤ ᠰᠠᠯᠠᠭ᠎ᠠ ᠲᠠᠰᠤᠭ ᠤᠨ ᠬᠠᠷᠢᠭᠤᠴᠠᠯᠭᠠᠳᠠᠨ ᠬᠤᠭᠤᠷᠤᠨᠳᠤ ᠪᠠᠨ ᠲᠤᠰ ᠲᠤᠰ ᠨᠠᠮ ᠤᠨ ᠰᠤᠷᠳᠠᠯ ᠠᠷᠢᠭᠤᠨ ᠴᠢᠭᠴᠢ ᠶᠢᠨ ᠪᠠᠶᠢᠭᠤᠯᠤᠯᠳᠠ ᠶᠢᠨ ᠬᠠᠷᠢᠭᠤᠴᠠᠯᠭ᠎ᠠ ᠲᠡᠬᠡᠷ᠎ᠡ ᠭᠠᠷ ᠤᠨ ᠦᠰᠦᠭ ᠵᠢᠷᠤᠵᠠᠢ᠃  
 
ᠢᠷᠡᠯᠲᠡ᠄ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号