ᠲᠦᠡᠭᠯᠢᠶᠤᠤ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠴᠠᠭᠠᠨ ᠰᠠᠷ᠎ᠠ ᠠᠴᠠ ᠡᠮᠦᠨ᠎ᠡ ᠲᠤᠬᠤᠨᠢᠭᠤᠯᠬᠤ ᠠᠵᠢᠯᠯᠠᠭᠠᠨ ᠦᠷᠨᠢᠬᠦᠯᠪᠡ
ᠨᠡᠶᠢᠲᠡᠯᠡᠭᠰᠡᠨ ᠴᠠᠭ᠄
2021/2/5
     2 ᠳ᠋ᠤᠭᠠᠷ ᠰᠠᠷ᠎ᠠ ᠶᠢᠨ 2 ᠤ ᠡᠳᠤᠷ ᠲᠦᠡᠭᠯᠢᠶᠤᠤ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠨᠠᠢᠮᠠᠨ ᠬᠤᠰᠢᠭᠤᠨ ᠤ ᠳ᠋ᠦᠡᠭᠮᠢᠩ ᠪᠠᠯᠭᠠᠰᠤ ᠶᠢᠨ ᠭᠠᠴᠠᠭ᠎ᠠ ᠲᠡᠨᠵᠢ ᠲᠤᠰᠬᠤᠨ ᠳᠤ ᠬᠦᠷᠴᠤ ᠴᠠᠭᠠᠨ ᠰᠠᠷ᠎ᠠ ᠶᠢᠨ ᠡᠮᠦᠨᠡᠬᠢ ᠲᠤᠬᠤᠨᠢᠭᠤᠯᠭ᠎ᠠ ᠶᠢᠨ ᠠᠵᠢᠯᠯᠠᠭᠠᠨ ᠦᠷᠨᠢᠬᠦᠯᠪᠡ᠃    ᠲᠤᠬᠤᠨᠢᠭᠤᠯᠬᠤ  ᠪᠦᠯᠬᠦᠮ ᠨᠢ ᠰᠤᠷᠪᠤᠯᠵᠢᠯᠠᠵᠤ ᠲᠤᠬᠤᠨᠢᠭᠤᠯᠬᠤ ᠶᠠᠪᠤᠴᠨ ᠳᠤ ᠪᠠᠨ ᠬᠠᠪᠰᠤᠷᠤᠨ ᠲᠡᠳᠬᠦᠬᠦ ᠡᠳᠡᠬᠡᠳ ᠤᠨ ᠬᠡᠷ ᠲᠤ ᠬᠦᠷᠴᠤ᠂ ᠶᠠᠳᠠᠭᠤ ᠬᠦᠴᠢᠷᠳᠡᠯᠳᠡᠢ ᠤᠯᠠᠨ ᠲᠦᠮᠡᠨ ᠳᠤ ᠠᠮᠤ ᠲᠤᠰᠤ ᠵᠡᠷᠬᠡ ᠲᠤᠬᠤᠨᠢᠭᠤᠯᠭ᠎ᠠ ᠶᠢᠨ ᠪᠤᠳᠠᠰ ᠪᠠ ᠪᠠᠶᠠᠷ ᠤᠨ ᠡᠳᠤᠷ ᠤᠨ ᠮᠡᠨᠳᠤᠴᠢᠯᠡᠯ ᠲᠡᠪᠰᠢᠬᠦᠯᠵᠡᠢ᠃ ᠡᠬᠦᠨ ᠤ ᠬᠠᠮᠳᠤ ᠲᠡᠳᠡᠨ  ᠤ ᠦᠢᠯᠡᠳᠪᠤᠷᠢᠯᠡᠯ ᠠᠮᠢᠳᠤᠷᠠᠯ ᠤᠨ ᠪᠠᠶᠢᠳᠠᠯ ᠪᠠ ᠴᠠᠭᠠᠨ ᠰᠠᠷ᠎ᠠ ᠶᠢᠨ ᠪᠡᠯᠡᠳᠬᠡᠯ ᠢᠶᠠᠨ ᠬᠢᠷᠢ ᠵᠡᠷᠬᠡ ᠬᠢᠭᠰᠡᠨ ᠢ ᠤᠶᠢᠯᠠᠭᠠᠬᠰᠠᠨ ᠪᠦᠬᠡᠳ ᠲᠡᠳᠡᠨ ᠢ ᠤᠳᠤ ᠶᠢᠨ ᠰᠠᠭᠤᠷᠢᠨ ᠲᠡᠬᠡᠷ᠎ᠡ ᠪᠠᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠦᠷᠬᠦᠯᠵᠢᠯᠡᠨ ᠬᠠᠨᠴᠤᠢ ᠰᠢᠮᠠᠯᠠᠨ ᠰᠢᠷᠭᠠᠭᠤ ᠠᠵᠢᠯᠯᠠᠵᠤ᠂ ᠡᠷᠳᠡ ᠨᠢᠬᠡ ᠡᠳᠤᠷ ᠪᠠᠶᠠᠨ ᠴᠢᠨᠡᠭᠡᠯᠢᠭ ᠠᠮᠢᠳᠤᠷᠠᠬᠤ ᠶᠢ ᠵᠤᠷᠢᠬᠵᠢᠭᠤᠯᠵᠠᠢ᠃    ᠲᠤᠬᠤᠨᠢᠭᠤᠯᠬᠤ ᠲᠤᠭᠤᠶᠢᠯᠠᠩ ᠨᠢ ᠲᠤᠰᠬᠤᠨ ᠤ ᠠᠵᠢᠯᠯᠠᠬᠤ ᠠᠩᠭᠢ ᠶᠢᠨ ᠬᠢᠨ ᠳᠤ ᠶᠠᠳᠠᠭᠤ ᠬᠦᠴᠢᠷᠳᠡᠯᠳᠡᠢ ᠤᠯᠠᠨ ᠲᠦᠮᠡᠨ ᠤ ᠠᠮᠢᠳᠤᠷᠠᠯ ᠢ ᠦᠷᠬᠦᠯᠵᠢᠯᠡᠨ ᠠᠩᠬᠠᠷᠴᠤ᠂ ᠠᠷᠠᠳ ᠤᠨ ᠠᠮᠢᠳᠤᠷᠠᠯ ᠤᠨ ᠠᠰᠠᠭᠤᠳᠠᠯ ᠢ ᠲᠡᠷᠢᠬᠦᠨ ᠴᠢᠬᠤᠯᠨ ᠠᠵᠢᠯ ᠪᠤᠯᠭᠠᠨ ᠠᠳᠬᠤᠵᠤ᠂ ᠶᠠᠳᠠᠭᠤ ᠬᠦᠴᠢᠷᠳᠡᠯᠳᠡᠢ ᠤᠯᠠᠨ ᠲᠦᠮᠡᠨ ᠢ ᠲᠡᠳᠬᠦᠬᠦ ᠠᠵᠢᠯ ᠤᠨ ᠡᠷᠴᠢᠮ  ᠢᠶᠠᠨ ᠴᠢᠩᠭᠠᠡᠷᠠᠭᠤᠯᠤᠨ᠂ ᠲᠡᠳᠡᠨ ᠤ ᠬᠦᠴᠢᠷᠳᠡᠯ ᠢ ᠴᠢᠳᠠᠬᠤ ᠶᠢᠨ ᠴᠢᠨᠡᠭᠡ ᠪᠠᠷ ᠢᠶᠠᠨ ᠰᠢᠢᠳᠪᠤᠷᠢᠯᠡᠨ ᠦᠭᠴᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠦᠷ᠎ᠡ ᠪᠦᠳᠦᠮᠵᠢ ᠶᠢ ᠲᠡᠳᠡᠨ ᠳᠤ ᠡᠳ᠋ᠯᠡᠬᠦᠯᠵᠤ᠂ ᠠᠮᠤᠷ ᠠᠮᠤᠭᠤᠯᠠᠩ ᠪᠠᠶᠠᠷ ᠵᠢᠷᠭᠠᠯᠳᠠᠢ ᠴᠠᠭᠠᠯᠠᠭᠤᠯᠬᠤ ᠬᠡᠷᠡᠭᠳᠡᠢ ᠭᠡᠵᠤ ᠱᠠᠭᠠᠷᠳᠠᠵᠠᠢ᠃
 
ᠢᠷᠡᠯᠲᠡ᠄ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号