ᠰᠢ ᠶᠢᠨ ᠫᠢᠡᠭ᠄ ᠰᠢᠨ᠎ᠡ ᠶᠢ ᠡᠬᠦᠳᠬᠦ ᠶᠢ ᠠᠳᠬᠤᠬᠤ ᠳᠤ ︽ᠪᠡᠶ᠎ᠡ ᠶᠢᠨ ᠭᠠᠷᠤᠯ︾ ᠢ ᠬᠡᠯᠡᠯᠴᠡᠬᠦ ᠦᠬᠡᠢ᠂ ᠤᠯᠤᠰ ᠬᠡᠷ ᠲᠤ ᠬᠤᠪᠢ ᠨᠡᠮᠡᠷᠢ ᠦᠵᠡᠬᠦᠯᠳᠡᠭ ᠯᠨ ᠪᠤᠯ ᠪᠦᠬᠦ ᠬᠦᠴᠤ ᠪᠠᠷ ᠲᠡᠮᠵᠢᠨ᠎ᠡ
ᠨᠡᠶᠢᠲᠡᠯᠡᠭᠰᠡᠨ ᠴᠠᠭ᠄
2021/3/25
     3  ᠳ᠋ᠤᠭᠠᠷ ᠰᠠᠷ᠎ᠠ ᠶᠢᠨ 24 ᠤ ᠦᠳᠡ ᠶᠢᠨ ᠬᠤᠶᠢᠨ᠎ᠠ᠂ ᠶᠡᠷᠤᠩᠭᠡᠢ ᠱᠦᠵᠢ ᠰᠢ ᠶᠢᠨ ᠫᠢᠡᠭ ᠹᠦᠵᠢᠶᠡᠨ ᠤ ᠹᠦ᠋ ᠭᠤᠸᠠᠩ ᠬᠤᠪᠢ ᠤᠷᠤᠭᠤᠯᠤᠬᠰᠠᠨ ᠬᠢᠵᠠᠭᠠᠷᠳᠤ ᠺᠤᠮᠫᠠᠨᠢ ᠳᠤ ᠪᠠᠶᠢᠴᠠᠭᠠᠨ ᠰᠤᠳᠤᠯᠤᠯᠳᠠ ᠬᠢᠬᠦ ᠳᠤ ᠪᠠᠨ ᠲᠤᠰ ᠺᠤᠮᠫᠠᠨᠢ  ᠶᠢᠨ ᠪᠦᠳᠦᠬᠡᠭᠳᠡᠬᠦᠨ ᠤ ᠲᠡᠯᠬᠡᠨ ᠦᠵᠡᠬᠦᠯᠤᠯᠬᠡ ᠶᠢ ᠪᠠᠶᠢᠴᠠᠭᠠᠨ ᠦᠵᠡᠵᠤ᠂ ᠠᠵᠤ ᠠᠬᠤᠶᠢᠯᠠᠯ ᠤᠨ ᠦᠢᠯᠡᠳᠪᠤᠷᠢᠯᠡᠯ ᠤᠨ ᠲᠠᠰᠤᠭ ᠲᠤ ᠬᠦᠷᠴᠤ ᠨᠠᠷᠢᠯᠢᠭ ᠲᠦᠬᠦᠬᠡᠷᠤᠮᠵᠢ ᠶᠢᠨ ᠦᠢᠯᠡᠳᠪᠤᠷᠢᠯᠡᠯ ᠤᠨ ᠪᠠᠶᠢᠳᠠᠯ ᠢ ᠤᠶᠢᠯᠠᠭᠠᠵᠠᠢ᠃ ᠠᠵᠤ ᠠᠬᠤᠶᠢᠯᠠᠯ  ᠤᠨ ᠠᠵᠢᠯᠳᠠᠳ ᠤᠨ ᠲᠦᠯᠦᠬᠡᠯᠡᠭᠴᠢ ᠲᠠᠢ ᠶᠠᠷᠢᠯᠴᠠᠬᠤ ᠳᠤ ᠪᠠᠨ ᠰᠢ ᠶᠢᠨ ᠫᠢᠡᠭ ᠴᠢᠬᠤᠯᠠᠴᠢᠯᠠᠬᠰᠠᠨ ᠨᠢ᠂ ︽ᠠᠷᠪᠠᠨ ᠲᠦᠷᠪᠡᠳᠤᠬᠡᠷ ᠲᠠᠪᠤᠨ ᠵᠢᠯ︾ ᠤᠨ ᠬᠤᠭᠤᠴᠠᠭᠠᠨ ᠳᠤ ᠮᠠᠨ ᠤ ᠤᠯᠤᠰ ᠵᠠᠯᠭᠠᠭᠠᠳ ᠤᠷᠤᠬᠰᠢᠯᠠᠬᠤ ᠳᠤ ᠡᠷᠬᠡᠪᠰᠢ ᠰᠢᠨ᠎ᠡ  ᠶᠢ ᠡᠬᠦᠳᠬᠦ ᠳᠤ ᠲᠦᠰᠢᠭᠯᠡᠬᠦ ᠬᠡᠷᠡᠭᠳᠡᠢ᠂ ᠬᠠᠷᠢᠨ ᠶᠡᠭᠡ ᠤᠷᠤᠰᠬᠠᠯ ᠤᠨ ᠠᠶ᠎ᠠ ᠪᠠᠷ ᠪᠤᠰᠤᠳ ᠢ ᠲᠠᠭᠠᠵᠤ ᠶᠠᠪᠤᠭᠠᠳ ᠪᠤᠯᠬᠤ ᠦᠬᠡᠢ᠃ ᠤᠳᠤ ᠪᠤᠯ ᠶᠠᠭ ᠬᠡᠨ ᠨᠢ ᠠᠵᠨ ᠲᠤᠬᠢᠶᠠᠯ ᠢ ᠠᠳᠬᠤᠵᠤ᠂᠂ ᠬᠡᠨ ᠳᠤ ᠡᠶᠢᠮᠤ ᠬᠠᠷᠢᠭᠤᠴᠠᠯᠭ᠎ᠠ ᠪᠠ ᠬᠠᠷᠢᠭᠤᠴᠠᠯᠭ᠎ᠠ ᠡᠬᠦᠷᠬᠡᠯᠡᠬᠦ ᠰᠡᠳᠬᠢᠯᠬᠡ ᠲᠠᠢ᠂ ᠬᠡᠨ ᠳᠤ ᠢᠡᠭᠭᠢᠵᠤ ᠬᠢᠬᠦ ᠴᠢᠳᠠᠪᠤᠷᠢ ᠪᠠᠶᠢᠬᠤ ᠶᠢ ᠦᠵᠡᠨ᠎ᠡ᠃ ᠰᠢᠨ᠎ᠡ ᠶᠢ ᠡᠬᠦᠳᠬᠦ ᠶᠢ ᠠᠳᠬᠤᠬᠤ ᠳᠤ ︽ᠪᠡᠶ᠎ᠡ ᠶᠢᠨ ᠭᠠᠷᠤᠯ︾ ᠢ ᠬᠡᠯᠡᠯᠴᠡᠬᠦ ᠦᠬᠡᠢ᠂ ᠤᠯᠤᠰ ᠬᠡᠷ ᠲᠤ ᠬᠤᠪᠢ ᠨᠡᠮᠡᠷᠢ ᠦᠵᠡᠬᠦᠯᠳᠡᠭ ᠯᠨ ᠪᠤᠯ ᠤᠯᠤᠰ ᠠᠴᠠ ᠪᠦᠬᠦ ᠬᠦᠴᠤ ᠪᠠᠷ ᠲᠡᠮᠵᠢᠨ᠎ᠡ᠃
 
ᠢᠷᠡᠯᠲᠡ᠄ ᠰᠢᠨᠬᠤᠸ᠋ᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号