| ᠲᠡᠷᠢᠬᠦᠨ ᠤ ᠬᠢ ᠶᠢ ᠬᠦᠬᠢᠬᠦᠯᠵᠤ᠂ ᠨᠡᠶᠢᠳᠡᠯᠢᠭ ᠵᠢᠱᠢᠶ᠎ᠡ ᠶᠢ ᠪᠤᠢ ᠪᠤᠯᠭᠠᠬᠤ ᠶᠢᠨ ᠲᠦᠯᠦᠬᠡ ᠲᠤᠮᠳᠠᠳᠤ | ᠤᠯᠤᠰ ᠤᠨ ᠡᠪ ᠬᠠᠮᠳᠤ ᠨᠠᠮ ᠤᠨ ᠤᠯᠠᠭᠠᠨᠬᠠᠳᠠ ᠬᠤᠳᠠ ᠶᠢᠨ ᠬᠤᠷᠢᠶ᠎ᠠ᠂ ᠤᠯᠠᠭᠠᠨᠬᠠᠳᠠ ᠬᠤᠳᠠ ᠶᠢᠨ ᠠᠷᠠᠳ ᠤᠨ | ᠵᠠᠰᠠᠭ ᠤᠨ ᠤᠷᠳᠤᠨ ᠤᠶᠢᠷ᠎ᠠ ᠳᠤ 2019 —2020 ᠤᠨ ᠤ ᠪᠦᠬᠦ ᠬᠤᠳᠠ ᠶᠢᠨ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠲᠤᠮᠳᠠ ᠲᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ | 63 ᠲᠠᠷᠢᠬᠦᠨ ᠤ ᠬᠠᠮᠳᠤ ᠪᠠ 155 ᠲᠡᠷᠢᠬᠦᠨ ᠤ ᠬᠤᠪᠢ ᠬᠦᠮᠦᠨ ᠢ ᠬᠦᠬᠢᠬᠦᠯᠤᠨ ᠱᠠᠩᠨᠠᠪᠠ᠃ ᠤᠯᠠᠭᠠᠨᠬᠠᠳᠠ | ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ | ᠲᠠᠶᠢᠯᠠᠯᠳᠤᠭᠠᠨ ᠤ ᠲᠡᠷᠢᠬᠦᠨ ᠤ ᠬᠠᠮᠳᠤ ᠪᠠᠷ ᠴᠤᠯᠠᠯᠠᠬᠳᠠᠵᠤ᠂ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶᠠᠨ | ᠤ ᠲᠡᠳ᠋ ᠲᠠᠷᠤᠭ᠎ᠠ ᠵᠢᠶ᠋ᠨ ᠭᠤᠸᠠᠩ ᠵᠢᠶᠦ᠋ᠨ ᠨᠦᠬᠦᠷ ᠪᠤᠯᠤᠨ ᠨᠡᠶᠢᠬᠡᠮ ᠤᠨ ᠠᠪᠤᠷᠠᠨ ᠲᠤᠰᠠᠯᠠᠬᠤ ᠰᠠᠯᠠᠭᠠᠨ ᠤ | ᠲᠠᠷᠤᠭ᠎ᠠ ᠸᠠᠩ ᠶᠦᠡᠭ ᠬᠤᠨᠭ᠌ ᠨᠦᠬᠦᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ | ᠲᠡᠷᠢᠬᠦᠨ ᠤ ᠬᠤᠪᠢ ᠬᠦᠮᠦᠨ ᠤ ᠴᠤᠯᠨ ᠶᠢ ᠬᠦᠷᠳᠡᠪᠡ᠃ | 2019 ᠤᠨ ᠠᠴᠠ ᠨᠠᠭᠠᠰᠢ ᠤᠯᠠᠭᠠᠨᠬᠠᠳᠠ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠡᠷᠤᠩᠭᠡᠢ | ᠱᠦᠵᠢ ᠰᠢ ᠶᠢᠨ ᠫᠢᠡᠭ ᠤᠨ ᠦᠪᠤᠷ ᠮᠤᠩᠭᠤᠯ ᠤᠨ ᠠᠵᠢᠯ ᠪᠠ ᠠᠷᠠᠳ ᠤᠨ ᠶᠠᠪᠤᠳᠠᠯ ᠤᠨ ᠠᠵᠢᠯ ᠳᠤ ᠦᠭᠭᠦᠭᠰᠡᠨ | ᠨᠠᠶᠢᠳᠠᠯᠭ᠎ᠠ ᠶᠢ ᠪᠠᠳᠤ ᠴᠡᠬᠡᠵᠢᠯᠡᠨ᠂ ︽ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ | ᠯᠠᠪᠳᠠᠭᠤᠨ ᠪᠠᠳᠤᠳᠠᠢ ᠠᠬᠢᠭᠤᠯᠬᠤ︾ ᠴᠢᠬᠤᠯᠨ ᠵᠢᠭᠠᠪᠤᠷᠢ ᠶᠢᠨ ᠵᠤᠷᠢᠭ ᠰᠠᠨᠠᠭᠠᠨ ᠤ ᠲᠤᠭᠤᠷᠢᠨ ᠳᠤ ᠦᠨᠳᠤᠰᠤᠨ | ᠪᠠᠶᠢᠳᠠᠯ ᠢ ᠪᠠᠳᠤᠯᠠᠬᠤ ᠵᠠᠷᠴᠢᠮ ᠢᠶᠠᠷ ᠢᠳᠡᠪᠬᠢᠳᠡᠢ ᠰᠦᠪᠡᠭᠴᠢᠯᠡᠵᠤ ᠡᠷᠡᠯᠬᠡᠭ ᠢᠶᠠᠷ ᠦᠢᠯᠡᠳᠤᠯᠭᠡᠵᠢᠬᠦᠯᠵᠤ᠂ ᠬᠤᠳᠠ | ᠬᠦᠳᠡᠭᠡ ᠶᠢᠨ ᠨᠡᠶᠢᠬᠡᠮ ᠤᠨ ᠲᠤᠰᠠᠯᠠᠮᠵᠢ ᠶᠢᠨ ᠲᠦᠷᠢᠮ ᠢ ᠦᠷᠬᠦᠯᠵᠢᠯᠡᠨ ᠦᠬᠡᠷᠡᠴᠢᠯᠡᠨ ᠲᠡᠬᠦᠯᠳᠡᠷᠵᠢᠬᠦᠯᠵᠤ᠂ | ᠨᠡᠶᠢᠬᠡᠮ ᠤᠨ ᠲᠤᠰᠠᠯᠠᠮᠵᠢ ᠪᠤᠯᠤᠨ ᠶᠠᠳᠠᠭᠤ ᠶᠢ ᠲᠡᠳᠬᠦᠨ ᠨᠡᠬᠡᠬᠡᠨ ᠬᠦᠭᠵᠢᠬᠦᠯᠬᠦ ᠲᠦᠷᠤ ᠶᠢᠨ ᠪᠤᠳᠤᠯᠭ᠎ᠠ ᠶᠢ | ᠪᠦᠳᠦᠮᠵᠢᠳᠡᠢ ᠪᠠᠷ ᠠᠮᠨ ᠰᠠᠬᠡᠷ ᠢ ᠨᠢ ᠵᠤᠯᠭᠠᠭᠤᠯᠵᠤ᠂ ᠶᠠᠳᠠᠭᠤ ᠬᠦᠴᠢᠷᠳᠡᠯᠳᠡᠢ ᠤᠯᠠᠨ ᠲᠦᠮᠡᠨ ᠳᠤ ᠤᠯᠠᠨ | ᠶᠠᠩᠵᠤ ᠶᠢᠨ᠂ ᠬᠠᠨᠳᠤᠯᠭᠠᠳᠤ ᠴᠢᠨᠠᠷ ᠲᠠᠢ ᠠᠪᠤᠷᠠᠨ ᠲᠤᠰᠠᠯᠠᠬᠤ ᠦᠢᠯᠡᠴᠢᠯᠡᠭᠡ ᠬᠠᠨᠭ᠍ᠭᠠᠨ᠂ ᠨᠡᠶᠢᠬᠡᠮ ᠤᠨ ᠪᠠᠳᠤᠯᠠᠭ᠎ᠠ | ᠶᠢᠨ ᠦᠨᠳᠤᠰᠤᠨ ᠠᠴᠠ ᠨᠢ ᠪᠠᠳᠤᠯᠠᠬᠤ ᠦᠨᠳᠤᠰᠤᠨ ᠱᠤᠭᠤᠮ ᠤᠨ ᠦᠢᠯᠡᠳᠤᠯ ᠢ ᠪᠦᠳᠦᠮᠵᠢᠳᠡᠢ ᠪᠠᠳᠠᠷᠠᠭᠤᠯᠪᠠ᠃ | ᠪᠦᠬᠦ ᠬᠤᠳᠠ ᠶᠢᠨ ᠺᠠᠷᠲᠯᠠᠵᠤ ᠲᠠᠩᠰᠠᠯᠠᠬᠰᠠᠨ ᠶᠠᠳᠠᠭᠤ ᠬᠦᠴᠢᠷᠳᠡᠯᠳᠡᠢ ᠬᠦᠮᠦᠨ ᠤ 40.5%᠂ ᠦᠬᠡᠷ᠎ᠡ ᠪᠠᠷ | ᠬᠡᠯᠡᠪᠡᠯ 15.65 ᠲᠦᠮᠡᠨ ᠬᠦᠮᠦᠨ ᠢ ᠦᠨᠳᠤᠰᠤᠨ ᠠᠴᠠ ᠨᠢ ᠪᠠᠳᠤᠯᠠᠬᠤ ᠪᠠᠳᠤᠯᠠᠭ᠎ᠠ ᠳᠤ ᠤᠷᠤᠭᠤᠯᠵᠤ᠂ 2019 | —2020 ᠤᠨ ᠳᠤ ᠺᠠᠷᠲᠯᠠᠵᠤ ᠲᠠᠩᠰᠠᠯᠠᠬᠰᠠᠨ ᠶᠠᠳᠠᠭᠤ ᠬᠦᠴᠢᠷᠳᠡᠯᠳᠡᠢ ᠬᠦᠮᠦᠰ ᠲᠤ 12.21 ᠳ᠋ᠦᠡᠭᠰᠢᠭᠤᠷ | ᠲᠦᠬᠦᠷᠢᠭ ᠤᠨ ᠠᠪᠤᠷᠠᠨ ᠲᠤᠰᠠᠯᠠᠬᠤ ᠮᠦᠡᠭᠭᠦ ᠲᠠᠷᠬᠠᠭᠠᠵᠠᠢ᠃ ᠠᠷᠠᠳ ᠤᠨ ᠶᠠᠪᠤᠳᠠᠯ ᠤᠨ ᠡᠬᠢ ᠪᠠᠶᠠᠯᠢᠭ ᠢ | ᠢᠳᠡᠪᠬᠢᠳᠡᠢ ᠨᠡᠶᠢᠯᠡᠬᠦᠯᠵᠤ᠂ ᠶᠡᠷᠤᠩᠭᠡᠶᠢᠯᠡᠨ ᠠᠷᠭ᠎ᠠ ᠪᠤᠳᠤᠯᠭ᠎ᠠ ᠠᠪᠴᠤ᠂ ᠶᠠᠳᠠᠭᠤ ᠬᠦᠴᠢᠷᠳᠡᠯᠳᠡᠢ ᠬᠤᠰᠢᠭᠤ | ᠰᠢᠶᠠᠨ ᠤ ᠨᠠᠰᠤᠵᠢᠯ ᠤᠨ ᠦᠢᠯᠡᠴᠢᠯᠡᠬᠡᠨ ᠤ ᠲᠦᠷᠤᠯ ᠵᠦᠢᠯ ᠤᠨ ᠪᠦᠳᠦᠬᠡᠨ ᠪᠠᠶᠢᠭᠤᠯᠤᠯᠳᠠ ᠶᠢ ᠲᠡᠮᠵᠢᠨ᠂ ᠨᠡᠶᠢᠬᠡᠮ | ᠤᠨ ᠵᠤᠬᠢᠶᠠᠨ ᠪᠠᠶᠢᠭᠤᠯᠤᠯᠳᠠ ᠶᠢ ᠬᠦᠳᠤᠯᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠲᠠᠶᠢᠯᠠᠯᠳᠤᠭᠠᠨ ᠳᠤ ᠤᠷᠤᠯᠴᠠᠭᠤᠯᠵᠤ᠂ ᠬᠡᠷ ᠲᠤ ᠪᠠᠨ ᠬᠤᠴᠤᠷᠤᠬᠰᠠᠨ ᠬᠡᠤᠬᠡᠳ ᠢ ᠬᠠᠯᠠᠮᠵᠢᠯᠠᠬᠤ ᠦᠢᠯᠡᠴᠢᠯᠡᠬᠡᠨ ᠤ | ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠴᠡᠭ ᠲᠤᠬᠳᠠᠭᠠᠨ ᠲᠡᠳᠬᠦᠬᠦ ᠠᠵᠢᠯ ᠢ ᠯᠠᠪᠳᠠᠭᠤᠨ ᠪᠠᠳᠤᠳᠠᠢ | ᠬᠢᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠲᠤᠮᠳᠠ ᠠᠷᠠᠳ ᠤᠨ ᠶᠠᠪᠤᠳᠠᠯ | ᠤᠨ ᠬᠢᠨ ᠤ ᠦᠢᠯᠡᠳᠤᠯ ᠢ ᠬᠦᠢᠴᠡᠳ ᠪᠠᠳᠠᠷᠠᠭᠤᠯᠵᠤ᠂ ᠠᠷᠠᠳ ᠤᠨ ᠶᠠᠪᠤᠳᠠᠯ ᠤᠨ ᠬᠢᠨ ᠤ ᠬᠦᠴᠤᠨ ᠴᠢᠳᠠᠯ ᠢᠶᠠᠨ | ᠨᠡᠮᠡᠷᠢᠯᠡᠪᠡ᠃ | |