ᠮᠠᠨ ᠤ ᠤᠷᠤᠨ ᠤ 3 ᠵᠢᠱᠢᠶ᠎ᠡ ᠪᠦᠬᠦ ᠤᠯᠤᠰ ᠤᠨ ᠰᠠᠭᠤᠷᠢ ᠰᠤᠷᠭᠠᠨ ᠬᠦᠮᠦᠵᠢᠯ ᠤᠨ ᠰᠢᠯᠢᠳᠡᠭ ᠠᠵᠢᠯ ᠤᠨ ᠵᠢᠱᠢᠶ᠎ᠡ ᠪᠠᠷ ᠰᠤᠩᠭᠤᠬᠳᠠᠪᠠ
ᠨᠡᠶᠢᠲᠡᠯᠡᠭᠰᠡᠨ ᠴᠠᠭ᠄
2021/4/12
       ᠤᠶᠢᠷ᠎ᠠ ᠳᠤ ᠰᠤᠷᠭᠠᠨ ᠬᠦᠮᠦᠵᠢᠯ ᠤᠨ ᠶᠠᠮᠤᠨ 2020 ᠤᠨ ᠤ ᠪᠦᠬᠦ ᠤᠯᠤᠰ ᠤᠨ ᠰᠠᠭᠤᠷᠢ ᠰᠤᠷᠭᠠᠨ ᠬᠦᠮᠦᠵᠢᠯ ᠤᠨ ᠰᠢᠯᠢᠳᠡᠭ ᠠᠵᠢᠯ ᠤᠨ ᠵᠢᠱᠢᠶ᠎ᠡ ᠶᠢ ᠨᠡᠶᠢᠳᠡᠯᠡᠵᠤ᠂ ᠮᠠᠨ ᠤ ᠤᠷᠤᠨ ᠤ ᠭᠤᠷᠪᠠᠨ ᠵᠢᠱᠢᠶ᠎ᠡ ᠰᠤᠩᠭᠤᠬᠳᠠᠵᠠᠢ᠃     ᠰᠠᠭᠤᠷᠢ ᠰᠤᠷᠭᠠᠨ ᠬᠦᠮᠦᠵᠢᠯ ᠪᠤᠯ ᠮᠠᠨ ᠤ ᠤᠯᠤᠰ ᠤᠨ ᠰᠤᠷᠭᠠᠨ ᠬᠦᠮᠦᠵᠢᠯ ᠤᠨ ᠰᠢᠰᠲ᠋ᠧᠮ ᠲᠤᠮᠳᠠ ᠰᠠᠭᠤᠷᠢ ᠪᠦᠬᠡᠳ᠂ ᠵᠠᠮᠴᠢ ᠰᠢᠨᠵᠢ ᠲᠠᠢ ᠶᠤᠮ᠃ ᠪᠦᠬᠦ ᠤᠯᠤᠰ ᠤᠨ ᠰᠠᠭᠤᠷᠢ ᠰᠤᠷᠭᠠᠨ ᠬᠦᠮᠦᠵᠢᠯ ᠤᠨ ᠰᠢᠯᠢᠳᠡᠭ ᠠᠵᠢᠯ ᠤᠨ ᠵᠢᠱᠢᠶ᠎ᠡ  ᠶᠢ ᠰᠢᠯᠭᠠᠷᠠᠭᠤᠯᠬᠤ ᠪᠤᠯ ᠰᠤᠷᠭᠠᠨ ᠬᠦᠮᠦᠵᠢᠯ ᠤᠨ ᠶᠠᠮᠤᠨ ᠠᠴᠠ ᠪᠦᠬᠦ ᠤᠯᠤᠰ ᠤᠨ ᠡᠯ᠎ᠡ ᠭᠠᠵᠠᠷ ᠤᠨ ᠰᠠᠭᠤᠷᠢ ᠰᠤᠷᠭᠠᠨ ᠬᠦᠮᠦᠵᠢᠯ ᠤᠨ ᠦᠬᠡᠷᠡᠴᠢᠯᠡᠯᠳᠡ ᠶᠢᠨ ᠲᠡᠷᠢᠬᠦᠨ ᠤ ᠲᠤᠷᠰᠢᠯᠭ᠎ᠠ ᠶᠢ ᠳ᠋ᠦᠡᠭᠨᠡᠨ᠂ ᠰᠠᠭᠤᠷᠢ ᠰᠤᠷᠭᠠᠨ ᠬᠦᠮᠦᠵᠢᠯ ᠤᠨ ᠦᠨᠳᠤᠷ ᠴᠢᠨᠰᠠᠭ᠎ᠠ ᠲᠠᠢ ᠬᠦᠭᠵᠢᠯᠳᠡ ᠶᠢ ᠲᠠᠰᠤᠷᠠᠯ ᠦᠬᠡᠢ ᠠᠬᠢᠭᠤᠯᠬᠤ ᠴᠢᠬᠤᠯᠨ ᠠᠷᠭ᠎ᠠ ᠪᠤᠯᠤᠨ᠎ᠠ ᠃ ᠮᠠᠨ ᠤ ᠤᠷᠤᠨ ᠠᠴᠠ ᠰᠤᠩᠭᠤᠬᠳᠠᠬᠰᠠᠨ 3 ᠵᠢᠱᠢᠶ᠎ᠡ ᠪᠤᠯ    ︽ᠤᠯᠠᠭᠠᠨᠬᠠᠳᠠ ᠬᠤᠳᠠ ᠶᠢᠨ ᠬᠠᠮᠳᠤ ᠶᠢᠨ ᠴᠣᠬᠴᠨ ᠶᠢ ᠪᠠᠶᠢᠭᠤᠯᠬᠤ ᠶᠢ ᠰᠤᠷᠤᠯᠴᠠᠬᠰᠠᠨ ᠠᠵᠢᠯᠯᠠᠭᠠᠨ ᠤ ᠰᠦᠪᠡᠭᠴᠢᠯᠡᠯ︾᠂ ︽ᠪᠤᠭᠤᠳᠤ ᠬᠤᠳᠠ ᠰᠤᠷᠭᠠᠨ ᠬᠦᠮᠦᠵᠢᠯ ᠤᠨ ᠦᠨᠡᠯᠡᠯᠳᠡ ᠶᠢᠨ ᠦᠬᠡᠷᠡᠴᠢᠯᠡᠯᠳᠡ ᠪᠠᠷ ᠰᠠᠭᠤᠷᠢ ᠰᠤᠷᠭᠠᠨ ᠬᠦᠮᠦᠵᠢᠯ ᠤᠨ ᠶᠡᠷᠤᠩᠭᠡᠶᠢᠯᠡᠭᠰᠡᠨ ᠦᠬᠡᠷᠡᠴᠢᠯᠡᠯᠳᠡ ᠶᠢ ᠬᠦᠳᠤᠯᠦᠭᠰᠡᠨ︾᠂ ︽ᠤᠷᠳᠤᠰ ᠬᠤᠳᠠ ᠶᠢᠨ ᠬᠢᠶ᠎ᠠ ᠪᠠᠭᠰᠢ ᠲᠤᠭᠤᠷᠢᠭ ᠮᠤᠷᠠᠯ ᠢ ᠪᠤᠢ ᠪᠤᠯᠭᠠᠨ ᠬᠦᠮᠦᠨ ᠢ ᠬᠦᠮᠦᠵᠢᠬᠦᠯᠬᠦ ᠠᠵᠢᠯ ᠤᠨ ᠰᠢᠨ᠎ᠡ ᠰᠦᠪᠡᠭᠴᠢᠯᠡᠯ︾ ᠪᠤᠯᠤᠨ᠎ᠠ᠃
 
ᠢᠷᠡᠯᠲᠡ᠄ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号