ᠯᠢ ᠺᠧ ᠴᠢᠶᠠᠩ ᠲᠦᠷᠤ ᠶᠢᠨ ᠶᠠᠪᠤᠳᠠᠯ ᠤᠨ ᠬᠤᠷᠢᠶᠠᠨ ᠤ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ︽  ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠬ᠎ᠠ ᠲᠡᠯᠬᠡᠬᠦᠷ ᠤᠨ ᠭᠤᠤᠯ ᠴᠤᠬᠴᠨ ᠶᠢ ᠲᠠᠩᠰᠠᠯᠠᠵᠤ ᠬᠠᠮᠢᠶᠠᠷᠬᠤ ᠲᠦᠷᠢᠮ ︵ᠲᠦᠰᠤᠯ︶︾ ᠢ ᠪᠠᠳᠤᠯᠠᠪᠠ
ᠨᠡᠶᠢᠲᠡᠯᠡᠭᠰᠡᠨ ᠴᠠᠭ᠄
2021/4/16
       ᠲᠦᠷᠤ ᠶᠢᠨ ᠶᠠᠪᠤᠳᠠᠯ ᠤᠨ ᠬᠤᠷᠢᠶᠠᠨ ᠤ ᠶᠡᠷᠤᠩᠭᠡᠢ ᠰᠠᠶᠢᠳ ᠯᠢ ᠺᠧ ᠴᠢᠶᠠᠩ 4 ᠳ᠋ᠤᠬᠡᠷ ᠰᠠᠷ᠎ᠠ ᠶᠢᠨ 14 ᠤ ᠡᠳᠤᠷ ᠲᠦᠷᠤ ᠶᠢᠨ ᠶᠠᠪᠤᠳᠠᠯ ᠤᠨ ᠬᠤᠷᠢᠶᠠᠨ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠬ᠎ᠠ ᠲᠡᠯᠬᠡᠬᠦᠷ ᠤᠨ ᠭᠤᠤᠯ ᠴᠤᠬᠴᠨ ᠶᠢ ᠲᠠᠩᠰᠠᠯᠠᠵᠤ ᠬᠠᠮᠢᠶᠠᠷᠬᠤ ᠲᠦᠷᠢᠮ ︵ᠲᠦᠰᠤᠯ︶︾ ᠢ ᠪᠠᠳᠤᠯᠠᠨ᠂ ᠵᠠᠬ᠎ᠠ ᠲᠡᠯᠬᠡᠬᠦᠷ ᠤᠨ ᠭᠤᠤᠯ ᠴᠤᠬᠴᠨ ᠶᠢ ᠪᠤᠢ ᠪᠤᠯᠭᠠᠨ ᠲᠤᠮᠤᠵᠢᠭᠤᠯᠬᠤ ᠪᠠ ᠡᠷᠬᠡ ᠲᠡᠭᠰᠢ ᠦᠷᠢᠰᠤᠯᠳᠤᠬᠡᠨ ᠢ ᠠᠬᠢᠭᠤᠯᠬᠤ ᠳᠤ ᠬᠠᠤᠯᠢ ᠴᠠᠭᠠᠵᠨ ᠶᠢᠨ ᠪᠠᠳᠤᠯᠠᠭ᠎ᠠ ᠬᠠᠨᠭ᠍ᠭᠠᠯ᠎ᠠ᠃   ᠬᠤᠷᠠᠯ ᠠᠴᠠ ᠵᠢᠭᠠᠬᠰᠠᠨ ᠨᠢ᠂ ᠵᠠᠬ᠎ᠠ ᠲᠡᠯᠬᠡᠬᠦᠷ ᠤᠨ ᠭᠤᠤᠯ ᠴᠤᠬᠴᠨ ᠶᠢ ᠪᠤᠶᠢᠵᠢᠭᠤᠯᠤᠨ ᠲᠤᠮᠤᠵᠢᠭᠤᠯᠬᠤ ᠨᠢ ᠨᠡᠶᠢᠬᠡᠮ ᠵᠢᠷᠤᠮᠳᠤ ᠵᠠᠬ᠎ᠠ ᠲᠡᠯᠬᠡᠬᠦᠷ ᠤᠨ ᠠᠵᠤ ᠠᠬᠤᠢ ᠶᠢ ᠬᠦᠭᠵᠢᠬᠦᠯᠬᠦ ᠳᠤ ᠮᠠᠰᠢ ᠴᠢᠬᠤᠯᠨ ᠶᠤᠮ᠃ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠳᠠ ᠶᠤᠰᠤᠭᠠᠷ᠂ ᠤᠶᠢᠷ᠎ᠠ ᠶᠢᠨ ᠵᠢᠯ ᠬᠤᠳᠠᠯᠳᠤᠭᠠᠨ ᠤ ᠶᠠᠪᠤᠳᠠᠯ ᠤᠨ ᠲᠦᠷᠢᠮ ᠶᠢ ᠠᠬᠢᠭᠤᠯᠬᠤ ᠵᠡᠷᠬᠡ ᠦᠬᠡᠷᠡᠴᠢᠯᠡᠯᠳᠡ ᠪᠠᠷ ᠲᠠᠮᠵᠢᠨ ᠵᠠᠬ᠎ᠠ ᠲᠡᠯᠬᠡᠬᠦᠷ ᠤᠨ ᠭᠤᠤᠯ ᠴᠤᠭᠴᠨ ᠶᠢᠨ ᠲᠤᠭ᠎ᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ 6000 ᠢᠯᠡᠬᠦᠤ ᠲᠦᠮᠡᠨ ᠡᠷᠤᠬᠡ ᠰᠢᠨ᠎ᠡ ᠪᠠᠷ ᠨᠡᠮᠡᠭᠳᠡᠵᠤ᠂ ᠠᠵᠤ ᠠᠬᠤᠢ ᠶᠢᠨ ᠠᠮᠢᠵᠢᠷᠠᠯ ᠤᠨ ᠬᠦᠴᠤᠨ ᠪᠠ ᠬᠠᠷᠢᠮᠠᠬᠠᠢ ᠴᠢᠨᠠᠷ ᠢ ᠨᠡᠮᠡᠭᠳᠡᠬᠦᠯᠤᠨ᠂ ᠶᠡᠭᠡ ᠪᠠᠷ ᠠᠵᠢᠯ ᠤᠯᠭᠤᠬᠤ ᠶᠢ ᠠᠬᠢᠭᠤᠯᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠶᠢᠷᠡᠬᠦᠯᠤᠨ᠂ ᠪᠦᠳᠦᠮᠵᠢᠳᠡᠢ ᠠᠷᠭ᠎ᠠ ᠶᠢ ᠲᠦᠷᠢᠮ ᠤᠨ ᠲᠦᠷᠢᠮᠵᠢᠯ ᠪᠤᠯᠭᠠᠨ ᠦᠨᠳᠤᠷᠳᠤᠬᠡᠵᠤ᠂ ᠢᠯᠠᠩᠭᠤᠶ᠎ᠠ ᠵᠠᠬ᠎ᠠ ᠲᠡᠯᠬᠡᠬᠦᠷ ᠤᠨ ᠭᠤᠤᠯ ᠴᠤᠬᠴᠨ ᠶᠢ ᠲᠠᠩᠰᠠᠯᠠᠨ ᠬᠠᠮᠢᠶᠠᠷᠬᠤ ᠰᠠᠭᠤᠷᠢ ᠴᠢᠨᠠᠷ ᠲᠠᠢ ᠲᠦᠷᠢᠮ ᠢ ᠲᠡᠬᠦᠯᠳᠡᠷᠵᠢᠬᠦᠯᠬᠦ ᠬᠡᠷᠡᠭᠳᠡᠢ᠃ ᠬᠤᠷᠠᠯ ᠲᠡᠬᠡᠷ᠎ᠡ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠬ᠎ᠠ ᠲᠡᠯᠬᠡᠬᠦᠷ ᠤᠨ ᠭᠤᠤᠯ ᠴᠤᠬᠴᠨ ᠶᠢ ᠲᠠᠩᠰᠠᠯᠠᠵᠤ ᠬᠠᠮᠢᠶᠠᠷᠬᠤ ᠲᠦᠷᠢᠮ ︵ᠲᠦᠰᠤᠯ︶︾ ᠢ ᠪᠠᠳᠤᠯᠠᠵᠤ᠂ ᠵᠠᠬ᠎ᠠ ᠲᠡᠯᠬᠡᠬᠦᠷ ᠤᠨ ᠭᠤᠤᠯ ᠴᠤᠬᠴᠨ ᠶᠢᠨ ᠬᠠᠤᠯᠢ ᠶᠤᠰᠤᠨ ᠤ ᠡᠷᠬᠡ ᠠᠰᠢᠭ  ᠢ ᠬᠠᠮᠠᠭᠠᠯᠠᠬᠤ᠂ ᠦᠢᠯᠡᠰ ᠪᠤᠰᠬᠠᠵᠤ ᠰᠢᠨ᠎ᠡ ᠶᠢ ᠡᠬᠦᠳᠬᠦ ᠶᠢ ᠠᠬᠢᠭᠤᠯᠬᠤ᠂ ᠵᠠᠭ᠎ᠠ ᠲᠡᠯᠬᠡᠬᠦᠷ ᠤᠨ ᠡᠮᠬᠢ ᠲᠢᠭᠯᠢᠮ ᠢ ᠬᠠᠮᠠᠭᠠᠠᠯᠬᠤ ᠳᠤ ᠬᠠᠤᠯᠢ ᠴᠠᠭᠠᠵᠨ ᠶᠢᠨ ᠪᠠᠳᠤᠯᠠᠭ᠎ᠠ ᠬᠠᠨᠭ᠍ᠭᠠᠵᠠᠢ᠃ ᠲᠦᠰᠤᠯ ᠳᠤ ᠨᠢᠬᠡᠨᠳᠡ ᠨᠡᠶᠢᠳᠡᠯᠡᠭᠰᠡᠨ ᠵᠠᠬ᠎ᠠ ᠲᠡᠯᠬᠡᠬᠦᠷ  ᠤᠨ ᠭᠤᠤᠯ ᠴᠤᠬᠴᠨ ᠶᠢ ᠲᠠᠩᠰᠠᠯᠠᠨ ᠬᠠᠮᠢᠶᠠᠷᠬᠤ ᠲᠤᠬᠠᠢ ᠵᠠᠰᠠᠭ ᠵᠠᠬᠢᠷᠭᠠᠨ ᠤ ᠬᠠᠤᠯᠢ ᠲᠦᠷᠢᠮ ᠢ ᠨᠡᠶᠢᠳᠬᠡᠨ᠂ ᠮᠠᠨ ᠤ ᠤᠯᠤᠰ ᠤᠨ ᠬᠢᠯᠢ ᠲᠤᠳᠤᠷ᠎ᠠ ᠠᠰᠢᠭ ᠤᠯᠬᠤ ᠵᠤᠷᠢᠯᠭ᠎ᠠ ᠪᠠᠷ ᠠᠵᠤ ᠠᠬᠤᠢ ᠶᠢᠨ ᠠᠵᠢᠯᠯᠠᠭᠠᠨ ᠦᠷᠨᠢᠬᠦᠯᠬᠦ ᠡᠯ᠎ᠡ ᠵᠦᠢᠯ ᠤᠨ ᠠᠵᠤ ᠠᠬᠤᠶᠢᠯᠠᠯ᠂ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠤᠬᠡ᠂ ᠲᠠᠷᠢᠶᠠᠴᠢᠨ ᠤ ᠲᠤᠰᠬᠠᠢ ᠬᠤᠷᠰᠢᠶᠠᠵᠢᠯ ᠵᠡᠷᠬᠡ  ᠶᠢ ᠲᠠᠩᠰᠠᠯᠠᠨ ᠬᠠᠮᠢᠶᠠᠷᠬᠤ ᠲᠤᠬᠠᠢ ᠨᠢᠬᠡᠳᠤᠯᠳᠡᠢ ᠲᠦᠷᠢᠮ ᠲᠤᠬᠳᠠᠭᠠᠵᠠᠢ᠃ ᠡᠬᠦᠨ ᠳᠤ ᠭᠤᠤᠯᠳᠠᠭᠤ᠄ ︵1︶᠂ ᠲᠬᠠᠭ᠍ᠰᠠᠯᠠᠭᠤᠯᠬᠤ ᠳᠤ ᠤᠯᠠᠮ ᠲᠦᠬᠦᠮ ᠪᠤᠯᠭᠠᠪᠠ᠃ ᠲᠤᠬᠠᠢ ᠶᠢᠨ ᠲᠠᠯᠠᠪᠠᠢ ᠳᠤ ᠬᠦᠢᠴᠡᠳᠬᠡᠬᠦ᠂ ᠨᠢᠬᠡ ᠯᠨ ᠤᠳᠠᠭ᠎ᠠ ᠳᠤ ᠬᠦᠢᠴᠡᠳᠬᠡᠬᠦ᠂ ᠲᠤᠬᠳᠠᠬᠰᠠᠨ ᠴᠠᠭ ᠲᠤ ᠬᠦᠢᠴᠡᠳᠬᠡᠬᠦ᠂ ᠰᠦᠯᠵᠢᠶᠡᠨ ᠲᠡᠬᠡᠷ᠎ᠡ ᠬᠦᠢᠴᠡᠳᠬᠡᠬᠦ᠂ ᠭᠠᠳᠠᠨ᠎ᠠ ᠭᠠᠵᠠᠷ ᠴᠦ ᠬᠦᠢᠴᠡᠳᠬᠡᠵᠤ ᠪᠤᠯᠬᠤ ᠶᠢ ᠬᠡᠷᠡᠭᠵᠢᠬᠦᠯᠤᠨ᠎ᠡ᠃ ᠲᠠᠩᠰᠠᠯᠠᠬᠤ ᠪᠠᠶᠢᠭᠤᠯᠭ᠎ᠠ ᠡᠷᠡᠮᠡᠯᠵᠡᠯᠡᠬᠦ ᠮᠠᠲ᠋ᠧᠷᠢᠶᠠᠯ ᠨᠢ ᠬᠠᠤᠯᠢ ᠳᠤ ᠲᠤᠬᠳᠠᠭᠠᠬᠰᠠᠨ ᠱᠠᠭᠠᠷᠳᠠᠯᠭ᠎ᠠ ᠳᠤ ᠨᠡᠶᠢᠴᠡᠭᠰᠡᠨ ᠢ ᠨᠢ ᠲᠡᠷᠨ ᠲᠤᠤᠷ᠎ᠠ ᠨᠢ ᠲᠠᠩᠰᠠᠯᠠᠨ᠎ᠠ᠃ ᠲᠡᠷᠨ ᠲᠤᠤᠷ᠎ᠠ ᠨᠢ ᠲᠠᠩᠰᠠᠯᠠᠵᠤ ᠪᠤᠯᠬᠤ ᠦᠬᠡᠢ ᠪᠤᠯ ᠭᠤᠷᠪᠠᠨ ᠠᠵᠢᠯᠯᠠᠬᠤ ᠡᠳᠤᠷ ᠤᠨ ᠲᠤᠳᠤᠷ᠎ᠠ ᠲᠠᠩᠰᠠᠯᠠᠨ᠎ᠠ᠃ ᠡᠯᠧᠺᠲᠷᠤᠨ ᠪᠤᠶᠤ ᠴᠠᠭᠠᠰᠤᠨ ᠡᠵᠡᠩᠨᠡᠯᠳᠡ ᠶᠢᠨ ᠦᠨᠡᠮᠯᠡᠬᠦ ᠠᠳᠠᠯᠢᠬᠠᠨ ᠬᠠᠤᠯᠢ ᠶᠢᠨ ᠬᠦᠴᠤᠨ ᠲᠠᠢ᠃ ︵2︶ ᠡᠷᠡᠮᠡᠯᠵᠡᠯᠡᠬᠦ ᠮᠠᠲ᠋ᠧᠷᠢᠶᠠᠯ ᠪᠤᠯᠤᠨ ᠲᠠᠩᠰᠠᠯᠠᠬᠤ ᠭᠤᠬᠴᠤᠭ᠎ᠠ ᠶᠢ ᠲᠦᠬᠦᠮᠴᠢᠯᠡᠬᠦ ᠬᠡᠷᠡᠭᠳᠡᠢ᠃ ᠲᠠᠩᠰᠠᠯᠠᠬᠤ ᠪᠠᠶᠢᠭᠤᠯᠭ᠎ᠠ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠬᠠᠮᠳᠤ ᠪᠠᠷ ᠡᠳ᠋ᠯᠡᠬᠦ ᠲᠠᠪᠴᠠᠩ ᠢᠶᠠᠷ ᠤᠯᠵᠤ ᠪᠤᠯᠬᠤ ᠴᠢᠮᠡᠭᠡ ᠵᠠᠩᠭᠢ ᠶᠢ ᠡᠷᠡᠮᠯᠡᠯᠵᠡᠯᠯᠡᠭᠴᠢ ᠶᠢ ᠲᠤᠰᠢᠶᠠᠬᠤ ᠶᠢ ᠱᠠᠭᠠᠷᠳᠠᠵᠤ ᠪᠤᠯᠬᠤ ᠦᠬᠡᠢ᠃ ᠡᠷᠡᠮᠡᠯᠵᠡᠯᠯᠡᠬᠦ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠳᠤ ᠲᠤᠬᠳᠠᠭᠠᠬᠰᠠᠨ ᠬᠡᠯᠪᠡᠷᠢ  ᠳᠤ ᠡᠰᠡ ᠨᠡᠶᠢᠴᠡᠪᠡᠯ ᠲᠠᠩᠰᠠᠯᠠᠬᠤ ᠪᠠᠶᠢᠭᠤᠯᠭ᠎ᠠ ᠡᠷᠡᠮᠡᠯᠵᠡᠯᠯᠡᠭᠴᠢ ᠶᠢᠨ ᠨᠦᠬᠦᠪᠤᠷᠢᠯᠡᠬᠦ ᠴᠢᠬᠤᠯᠠᠳᠠᠢ ᠮᠠᠲ᠋ᠧᠷᠢᠶᠠᠯ ᠢ ᠨᠢᠬᠡ ᠯᠨ ᠲᠤᠤᠷ᠎ᠠ ᠮᠡᠳᠡᠭᠳᠡᠨ᠎ᠡ᠃ ︵3︶ ︽ᠲᠠᠩᠰᠨ ᠠᠴᠠ ᠬᠠᠰᠤᠬᠤ ᠳᠤ ᠬᠦᠴᠢᠷ︾ ᠠᠰᠠᠭᠤᠳᠠᠯ ᠢ ᠰᠢᠢᠳᠪᠤᠷᠢᠯᠡᠬᠦ ᠶᠢ ᠠᠬᠢᠭᠤᠯᠬᠤ ᠶᠢᠨ ᠲᠦᠯᠦᠬᠡ ᠵᠠᠬ᠎ᠠ ᠲᠡᠯᠬᠡᠬᠦᠷ ᠤᠨ ᠭᠤᠤᠯ ᠴᠤᠬᠴᠨ ᠦᠷᠢ ᠰᠢᠷᠢ ᠦᠬᠡᠢ ᠪᠤᠶᠤ ᠦᠷᠢ ᠰᠢᠷᠢ ᠪᠠᠨ ᠲᠦᠯᠦᠭᠰᠡᠨ᠂ ᠠᠵᠢᠯᠳᠠᠳ ᠤᠨ ᠴᠠᠯᠢᠩ᠂ ᠨᠡᠶᠢᠬᠡᠮ ᠤᠨ ᠲᠠᠭᠠᠳᠬᠠᠯ ᠤᠨ ᠰᠦᠢᠳᠬᠡᠯ᠂ ᠲᠤᠰᠢᠶᠠᠬᠤ ᠴᠢᠬᠤᠯᠠᠳᠠᠢ ᠭᠠᠶᠢᠯᠢ  ᠪᠠᠨ ᠲᠤᠰᠢᠶᠠᠵᠤ᠂ ᠬᠠᠮᠢᠶ᠎ᠠ ᠪᠦᠬᠦᠢ ᠬᠠᠤᠯᠢ ᠴᠠᠭᠠᠵᠨ ᠶᠢᠨ ᠬᠠᠷᠢᠭᠤᠴᠠᠯᠭ᠎ᠠ ᠶᠢᠨ ᠠᠮᠠᠯᠠᠯᠳᠠ ᠶᠢᠨ ᠪᠢᠴᠢᠭ ᠲᠠᠢ ᠪᠦᠬᠡᠳ ᠲᠤᠬᠳᠠᠭᠠᠯ ᠶᠤᠰᠤᠭᠠᠷ ᠵᠠᠷᠯᠠᠬᠰᠠᠨ ᠪᠤᠯ ᠲᠦᠬᠦᠮ ᠠᠯᠬᠤᠮ ᠢᠶᠠᠷ ᠲᠠᠩᠰᠨ ᠠᠴᠠ ᠬᠠᠰᠤᠬᠤ ᠭᠠᠷ ᠬᠦᠢᠴᠡᠳᠬᠡᠯ ᠬᠢᠵᠤ ᠦᠭᠭᠦᠨ᠎ᠡ᠂ ᠡᠬᠦᠨ ᠳᠤ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠤᠬᠡ ᠵᠠᠷᠯᠠᠬᠤ ᠬᠡᠷᠡᠭ ᠦᠬᠡᠢ᠃ ︵4︶ ᠵᠠᠬ᠎ᠠ ᠲᠡᠯᠬᠡᠬᠦᠷ ᠤᠨ ᠭᠤᠤᠯ ᠴᠤᠬᠴᠨ ᠶᠢᠨ ᠦᠪᠡᠷ ᠤᠨ ᠦᠷᠳᠡᠭ ᠢ ᠪᠠᠭᠤᠷᠠᠭᠤᠯᠬᠤ ᠶᠢᠨ ᠲᠦᠯᠦᠬᠡ ᠠᠵᠢᠯ ᠵᠤᠬᠰᠤᠵᠤ ᠡᠬᠦᠳᠡ  ᠪᠠᠨ ᠬᠠᠭᠠᠬᠤ ᠲᠦᠷᠢᠮ ᠢ ᠲᠤᠬᠳᠠᠭᠠᠪᠠ᠃ ᠪᠠᠶᠢᠭᠠᠯᠢ ᠶᠢᠨ ᠭᠠᠮᠰᠢᠭ᠂ ᠠᠳᠡᠯ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ  ᠤᠨ ᠬᠡᠷᠡᠭ ᠵᠡᠷᠬᠡ ᠠᠴᠠ ᠪᠤᠯᠵᠤ ᠡᠵᠡᠩᠨᠡᠯᠳᠡ ᠨᠢ ᠬᠦᠴᠢᠷᠳᠡᠯ ᠳᠤ ᠲᠤᠯᠭᠠᠷᠠᠬᠤ ᠦᠶ᠎ᠡ ᠳᠤ ᠵᠠᠬ᠎ᠠ ᠲᠡᠯᠬᠡᠬᠦᠷ ᠤᠨ ᠭᠤᠤᠯ ᠴᠤᠬᠴᠨ ᠨᠢ ᠵᠤᠬᠢᠬᠤ ᠬᠤᠭᠤᠴᠠᠭᠠᠨ ᠳᠤ ᠠᠵᠢᠯ ᠵᠤᠬᠰᠤᠵᠤ ᠡᠬᠦᠳᠡ ᠪᠠᠨ ᠬᠠᠭᠠᠬᠤ ᠶᠢ ᠦᠪᠡᠷ ᠢᠶᠠᠨ ᠰᠢᠢᠳᠴᠤ ᠪᠤᠯᠬᠤ ᠪᠦᠬᠡᠳ ᠲᠠᠩᠰᠠᠯᠠᠬᠤ ᠪᠠᠶᠢᠭᠤᠯᠭ᠎ᠠ ᠳᠤ ᠪᠦᠷᠢᠳᠬᠡᠯᠬᠡᠨ᠎ᠡ᠂ ᠠᠵᠢᠯ ᠵᠤᠬᠰᠤᠵᠤ ᠡᠬᠦᠳᠡ ᠢᠶᠠᠨ  ᠬᠠᠭᠠᠬᠤ ᠬᠤᠭᠤᠴᠠᠭ᠎ᠠ 3 ᠵᠢᠯ ᠠᠴᠠ ᠬᠡᠳᠤᠷᠡᠵᠤ ᠪᠤᠯᠬᠤ ᠦᠬᠡᠢ᠃ ︵5︶ ᠢᠳᠡᠬᠡᠮᠵᠢ ᠪᠠ ᠬᠢᠨᠠᠨ ᠬᠠᠮᠢᠶᠠᠷᠬᠤ ᠱᠠᠭᠠᠷᠳᠠᠯᠭ᠎ᠠ ᠶᠢ ᠲᠤᠳᠤᠷᠬᠠᠶᠢᠯᠠᠪᠠ᠃ ᠵᠠᠬ᠎ᠠ ᠲᠡᠯᠬᠡᠬᠦᠷ ᠤᠨ ᠭᠤᠤᠯ ᠴᠤᠬᠴᠨ ᠶᠢ ᠦᠨᠡᠨ ᠨᠡᠷ᠎ᠡ ᠪᠠᠷ ᠢᠶᠠᠨ ᠲᠠᠩᠰᠠᠯᠠᠭᠤᠯᠬᠤ ᠲᠦᠷᠢᠮ ᠢ ᠬᠡᠷᠡᠭᠵᠢᠬᠦᠯᠵᠤ᠂ ᠲᠡᠪᠰᠢᠬᠦᠯᠦᠭᠰᠡᠨ ᠮᠠᠲ᠋ᠧᠷᠢᠶᠠᠯ ᠤᠨ ᠦᠨᠡᠨ ᠮᠠᠭᠠᠳ᠂ ᠬᠠᠤᠯᠢ ᠳᠤ ᠨᠡᠶᠢᠴᠡᠭᠰᠡᠨ ᠡᠰᠡᠬᠦ ᠪᠠ ᠬᠦᠴᠤᠨ ᠲᠠᠢ ᠡᠰᠡᠬᠦ ᠳᠤ ᠬᠠᠷᠢᠭᠤᠴᠠᠯᠭ᠎ᠠ ᠡᠬᠦᠷᠬᠡᠯᠡᠬᠦ ᠪᠦᠬᠡᠳ ᠤᠨ ᠤ ᠮᠡᠳᠡᠬᠦᠯᠤᠯᠳᠠ ᠪᠠ ᠲᠠᠩᠰᠠᠯᠠᠭᠤᠯᠤᠬᠰᠠᠨ ᠬᠠᠮᠢᠶ᠎ᠠ ᠪᠦᠬᠦᠢ ᠴᠢᠮᠡᠭᠡ ᠵᠠᠩᠭᠢ  ᠪᠠᠨ ᠲᠤᠬᠳᠠᠭᠠᠯ ᠶᠤᠰᠤᠭᠠᠷ ᠵᠠᠷᠯᠠᠬᠤ ᠬᠡᠷᠡᠭᠳᠡᠢ᠃ ᠲᠠᠩᠰᠠᠯᠠᠭᠤᠯᠬᠤ ᠳᠤ ᠪᠠᠨ ᠬᠠᠭᠤᠷᠮᠠᠭ ᠮᠠᠲ᠋ᠧᠷᠢᠶᠠᠯ ᠬᠠᠨᠭ᠍ᠭᠠᠬᠤ ᠪᠤᠶᠤ ᠪᠤᠰᠤᠳ ᠮᠡᠬᠡᠯᠡᠭᠰᠡᠨ ᠠᠵᠢᠯᠯᠠᠭ᠎ᠠ ᠲᠠᠢ ᠪᠤᠯ ᠲᠤᠰ ᠵᠠᠬ᠎ᠠ ᠲᠡᠯᠬᠡᠬᠦᠷ ᠤᠨ ᠭᠤᠤᠯ ᠴᠤᠬᠴᠨ ᠶᠢᠨ ᠲᠠᠩᠰᠨ ᠶᠢᠨ ᠬᠦᠴᠤᠨ ᠦᠬᠡᠢ ᠪᠤᠯᠭᠠᠵᠤ᠂ ᠰᠢᠭᠤᠳ ᠬᠠᠷᠢᠭᠤᠴᠠᠯᠭᠠᠳᠠᠨ ᠨᠢ 3 ᠵᠢᠯ ᠤᠨ ᠲᠤᠳᠤᠷ᠎ᠠ ᠲᠠᠩᠰᠠᠯᠠᠭᠤᠯᠬᠤ ᠪᠠᠷ ᠡᠷᠡᠮᠡᠯᠵᠡᠯᠡᠵᠤ ᠪᠤᠯᠬᠤ ᠦᠬᠡᠢ᠃ ᠲᠠᠩᠰᠠᠯᠠᠬᠤ ᠪᠠᠶᠢᠭᠤᠯᠭ᠎ᠠ ᠵᠠᠬ᠎ᠠ ᠲᠡᠯᠬᠡᠬᠦᠷ ᠤᠨ ᠭᠤᠤᠯ ᠴᠤᠬᠴᠨ ᠶᠢᠨ ᠢᠳᠡᠬᠡᠮᠵᠢ ᠶᠢᠨ ᠪᠠᠶᠢᠳᠠᠯ ᠢ ᠦᠨᠳᠤᠰᠤᠯᠡᠨ ᠲᠡᠰ ᠲᠦᠷᠤᠯ ᠬᠤᠪᠢᠶᠠᠨ ᠬᠠᠮᠢᠶᠠᠷᠴᠤ᠂ ︽ᠬᠤᠶᠠᠷ ᠲᠤᠷ᠎ᠠ ᠶᠢᠨ᠂ ᠨᠢᠬᠡ ᠢᠯᠨ︾ ᠠᠷᠭ᠎ᠠ ᠪᠠᠷ ᠲᠠᠩᠰᠠᠯᠠᠭᠤᠯᠤᠬᠰᠠᠨ ᠲᠦᠷᠤᠯ ᠵᠦᠢᠯ ᠢ ᠬᠢᠨᠠᠵᠤ ᠪᠠᠶᠢᠴᠠᠭᠠᠨ᠎ᠠ᠃ ︵6︶ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢᠨ ᠬᠠᠤᠯᠢ ᠶᠢᠨ ᠬᠠᠷᠢᠭᠤᠴᠠᠯᠭ᠎ᠠ ᠪᠠ ᠰᠢᠢᠳᠪᠤᠷᠢᠯᠡᠬᠦ ᠠᠷᠭ᠎ᠠ ᠪᠠᠷᠢᠯ ᠢ ᠲᠤᠳᠤᠷᠬᠠᠶᠢᠯᠠᠪᠠ᠃ ᠲᠤᠷᠭᠠᠭᠤᠯᠢ ᠶᠢᠨ ᠬᠠᠨᠳᠤᠯᠭᠠᠳᠤ ᠰᠢᠨᠵᠢ ᠶᠢᠨ ᠨᠡᠮᠡᠭᠳᠡᠬᠦᠯᠵᠤ᠂ ᠪᠠᠶᠢᠳᠠᠯ ᠨᠢ ᠬᠦᠨᠳᠤ ᠨᠤᠴᠢᠳᠠᠢ ᠪᠤᠯ ᠡᠵᠡᠩᠨᠡᠯᠳᠡ ᠶᠢᠨ ᠦᠨᠡᠮᠯᠡᠬᠦ ᠶᠢ ᠨᠢ ᠬᠦᠴᠤᠨ ᠦᠬᠡᠢ ᠪᠤᠯᠭᠠᠵᠤ᠂ ᠦᠨᠡᠨᠴᠢ ᠢᠳᠡᠬᠡᠮᠵᠢᠳᠠᠢ᠂ ᠡᠷᠭᠡ ᠲᠡᠭᠰᠢ ᠪᠠᠷ ᠦᠷᠢᠰᠤᠯᠳᠤᠬᠦ ᠵᠠᠬ᠎ᠠ ᠲᠡᠯᠬᠡᠬᠦᠷ ᠤᠨ ᠡᠮᠬᠢ ᠵᠢᠷᠤᠮ ᠢ ᠬᠠᠮᠠᠭᠠᠯᠠᠨ᠎ᠠ᠃   ᠬᠤᠷᠠᠯ ᠲᠡᠬᠡᠷ᠎ᠡ ᠪᠠᠰᠨ ᠪᠤᠰᠤᠳ ᠬᠡᠷᠡᠭ ᠶᠠᠪᠤᠳᠠᠯ ᠢ ᠰᠤᠳᠤᠯᠪᠠ᠃  
 
ᠢᠷᠡᠯᠲᠡ᠄ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号