ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠤᠶᠠᠳᠤᠭᠠᠷ ᠲᠡᠰ ᠤᠨ ᠲᠤᠭᠤᠷᠢᠨ ᠪᠠᠶᠢᠴᠠᠭᠠᠬᠴᠢ ᠴᠡᠩᠭᠡᠯᠳᠤ ᠨᠦᠬᠦᠷ ᠠᠵᠢᠯ ᠠᠴᠠ ᠪᠠᠨ ᠲᠠᠷᠬᠠᠯᠠᠬᠳᠠᠭᠠᠳ ᠨᠠᠰᠤ ᠪᠠᠷᠠᠬᠰᠠᠨ ᠠᠬᠠᠮᠠᠳ ᠺᠠᠳ᠋ᠷ ᠤᠨ ᠬᠡᠷ ᠪᠦᠯᠢ ᠶᠢᠨ ᠬᠢᠨ ᠢ ᠪᠤᠯᠭᠤᠭᠠᠨ ᠦᠵᠡᠪᠡ
ᠨᠡᠶᠢᠲᠡᠯᠡᠭᠰᠡᠨ ᠴᠠᠭ᠄
2021/4/20
ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠤᠶᠠᠳᠤᠭᠠᠷ ᠲᠡᠰ ᠤᠨ ᠲᠤᠭᠤᠷᠢᠨ ᠪᠠᠶᠢᠴᠠᠭᠠᠬᠴᠢ ᠴᠡᠩᠭᠡᠯᠳᠤ ᠨᠦᠬᠦᠷ ᠠᠵᠢᠯ ᠠᠴᠠ ᠪᠠᠨ ᠲᠠᠷᠬᠠᠯᠠᠬᠳᠠᠭᠠᠳ ᠨᠠᠰᠤ ᠪᠠᠷᠠᠬᠰᠠᠨ ᠠᠬᠠᠮᠠᠳ ᠺᠠᠳ᠋ᠷ ᠤᠨ ᠬᠡᠷ ᠪᠦᠯᠢ ᠶᠢᠨ ᠬᠢᠨ ᠢ ᠪᠤᠯᠭᠤᠭᠠᠨ ᠦᠵᠡᠪᠡ
        2021 ᠤᠨ ᠤ 4 ᠳ᠋ᠤᠭᠡᠷ ᠰᠠᠷ᠎ᠠ ᠶᠢᠨ 18 ᠶᠢᠨ ᠦᠳᠡ ᠶᠢᠨ ᠡᠮᠦᠨ᠎ᠡ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠤᠶᠠᠳᠤᠭᠠᠷ ᠲᠡᠰ ᠤᠨ ᠲᠤᠭᠤᠷᠢᠨ ᠪᠠᠶᠢᠴᠠᠭᠠᠬᠴᠢ ᠴᠡᠩᠭᠡᠯᠳᠤ ᠨᠦᠬᠦᠷ᠂ ᠠᠵᠢᠯ ᠠᠴᠠ ᠪᠠᠨ ᠲᠠᠷᠬᠠᠯᠠᠬᠳᠠᠭᠰᠠᠳ ᠤᠨ ᠠᠵᠢᠯ ᠤᠨ ᠭᠠᠵᠠᠷ ᠤᠨ ᠲᠠᠷᠤᠭ᠎ᠠ ᠵᠠᠩ ᠲᠢᠶᠡᠨ ᠶᠠᠨ ᠨᠠᠷ ᠲᠢᠩᠭᠢᠮ ᠤᠨ ᠨᠠᠮ ᠤᠨ ᠤᠳᠤᠷᠢᠳᠬᠤ ᠲᠤᠭᠤᠶᠢᠯᠠᠩ ᠢ ᠲᠦᠯᠦᠬᠡᠯᠡᠨ ᠠᠷᠠᠳ ᠤᠨ ᠶᠠᠪᠤᠳᠠᠯ ᠤᠨ ᠲᠢᠩᠭᠢᠮ ᠤᠨ ᠤᠤᠯ ᠤᠨ ᠨᠡᠶᠢᠬᠡᠮ  ᠤᠨ ᠶᠠᠪᠤᠳᠠᠯ ᠤᠨ ᠭᠠᠵᠠᠷ ᠤᠨ ᠲᠠᠷᠤᠭ᠎ᠠ᠂ ᠠᠵᠢᠯ ᠠᠴᠠ ᠪᠠᠨ ᠲᠠᠷᠬᠠᠯᠠᠬᠳᠠᠬᠰᠠᠨ ᠠᠬᠠᠮᠠᠳ ᠺᠠᠳ᠋ᠷ ᠳ᠋ᠦᠡᠭ ᠵᠢᠤᠢ ᠱᠠᠨ ᠤ ᠬᠡᠷ ᠲᠤ ᠬᠦᠷᠴᠤ᠂ ᠳ᠋ᠦᠡᠭ ᠵᠢᠤᠢ ᠱᠠᠨ ᠨᠦᠬᠦᠷ ᠤᠨ ᠨᠠᠰᠤ ᠨᠦᠭᠴᠢᠭᠰᠡᠨ ᠳᠤ ᠭᠠᠰᠢᠭᠤᠳᠠᠯ ᠢᠯᠡᠷᠬᠡᠶᠢᠯᠡᠬᠦ  ᠶᠢᠨ ᠬᠠᠮᠳᠤ ᠬᠡᠷ ᠪᠦᠯᠢ ᠶᠢᠨ ᠬᠢᠨ ᠢ ᠨᠢ ᠲᠤᠬᠤᠨᠢᠭᠤᠯᠪᠠ᠃ ᠳ᠋ᠦᠡᠭ ᠵᠢᠤᠢ ᠱᠠᠨ ᠨᠦᠬᠦᠷ ᠠᠮᠧᠷᠢᠺᠠ ᠶᠢ ᠡᠰᠡᠷᠬᠦᠴᠡᠵᠤ ᠰᠤᠯᠤᠩᠭᠤᠰ ᠢ ᠡᠰᠡᠷᠬᠦᠴᠡᠬᠦ ᠲᠠᠶᠢᠨ ᠤ ᠠᠷᠠᠳ ᠤᠨ ᠰᠠᠶᠢᠨ ᠲᠤᠷ᠎ᠠ ᠴᠡᠷᠢᠭ ᠰᠤᠯᠤᠩᠭᠤᠰ ᠲᠤ ᠤᠷᠤᠬᠤ ᠦᠶ᠎ᠡ ᠳᠤ ᠡᠳ᠋ ᠪᠤᠳᠠᠰ ᠵᠦᠬᠡᠬᠡᠪᠤᠷᠢᠯᠡᠵᠤ ᠦᠡᠭᠭᠡᠷᠡᠭᠰᠡᠨ ᠪᠦᠬᠡᠳ 2020 ᠤᠨ ᠳᠤ ︽ᠲᠤᠮᠳᠠᠳᠤ ᠤᠯᠤᠰ ᠤᠨ ᠠᠷᠠᠳ ᠤᠨ ᠰᠠᠶᠢᠨ ᠲᠤᠷ᠎ᠠ ᠶᠢᠨ ᠴᠡᠷᠢᠭ ᠤᠯᠤᠰ ᠠᠴᠠ ᠪᠠᠨ ᠮᠤᠷᠳᠠᠵᠤ ᠠᠮᠧᠷᠢᠺᠠ ᠶᠢ ᠡᠰᠡᠷᠬᠦᠴᠡᠵᠤ ᠰᠤᠯᠤᠩᠭᠤᠰ ᠢ ᠲᠤᠰᠠᠯᠠᠬᠤ ᠲᠠᠶᠢᠨ ᠳᠤ ᠤᠷᠤᠯᠴᠠᠬᠰᠠᠨ 70 ᠵᠢᠯ ᠤᠨ ᠤᠢ︾ ᠶᠢᠨ ᠲᠤᠷᠠᠰᠬᠠᠯ ᠤᠨ ᠲᠡᠮᠳᠡᠭ ᠢ ᠬᠦᠷᠳᠡᠵᠤ᠂ 2021 ᠤᠨ ᠤ 4 ᠳ᠋ᠤᠬᠡᠷ ᠰᠠᠷ᠎ᠠ ᠶᠢᠨ 17 ᠤ ᠡᠳᠤᠷ ᠡᠮᠨᠡᠬᠦᠯᠦᠬᠡᠳ  ᠢᠯᠡᠷᠢᠰᠢᠭᠰᠡᠨ ᠦᠬᠡᠢ᠂  ᠦᠪᠤᠷ ᠮᠤᠩᠭᠤᠯ ᠤᠨ ᠠᠷᠠᠳ ᠤᠨ ᠡᠮᠨᠡᠯᠬᠡ ᠶᠢᠨ ᠬᠤᠷᠢᠶᠠᠨ ᠳᠤ ᠡᠪᠡᠳᠴᠢᠨ ᠢᠶᠠᠷ ᠨᠠᠰᠤ ᠪᠠᠷᠠᠪᠠ᠂ ᠨᠠᠰᠤᠨ ᠰᠡᠬᠦᠳᠡᠷ 93᠃  
 
ᠢᠷᠡᠯᠲᠡ᠄ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号