ᠬᠦᠬᠡᠬᠤᠳᠠ᠄ ︽ᠤᠶᠤᠨᠯᠢᠭ ᠲᠤᠰᠠᠯᠠᠮᠵᠢ︾ ᠪᠠᠷ ᠠᠷᠠᠳ ᠤᠨ ᠠᠮᠢᠳᠤᠷᠠᠯ ᠢ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2021/4/20
      ᠬᠦᠬᠡᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠬᠡᠷ ᠠᠴᠠ ᠪᠠᠨ ᠭᠠᠷᠬᠤ ᠦᠬᠡᠢ ᠪᠠᠷ ᠨᠠᠭᠠᠳᠤ ᠵᠠᠬ᠎ᠠ  ᠶᠢᠨ ᠠᠮᠢᠳᠤᠷᠠᠯ ᠤᠨ ᠪᠠᠳᠤᠯᠠᠭ᠎ᠠ ᠶᠢᠨ ᠲᠤᠰᠠᠮᠠᠯᠵᠢ ᠶᠢ ᠡᠷᠡᠮᠡᠯᠵᠡᠯᠡᠬᠦ ᠬᠡᠷᠡᠭᠴᠡᠭᠡ ᠶᠢ ᠨᠡᠩ ᠰᠠᠶᠢᠨ ᠬᠠᠨᠭ᠍ᠭᠠᠬᠤ ᠶᠢᠨ ᠲᠤᠭᠤᠷᠢᠨ ᠳᠤ᠂ ᠸᠢᠴᠠᠲ ᠤᠨ ᠰᠢᠰᠲ᠋ᠧᠮ ᠢ ᠠᠰᠢᠬᠯᠠᠨ ︽ᠬᠦᠬᠡᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠨᠡᠶᠢᠬᠡᠮ ᠤᠨ ᠲᠤᠰᠠᠯᠠᠮᠵᠢ ᠶᠢᠨ ᠸᠢᠴᠠᠲ ᠲᠠᠪᠴᠠᠩ︾ ᠭᠠᠷᠭᠠᠵᠤ᠂ ᠬᠦᠴᠢᠷᠳᠡᠯ ᠲᠠᠢ ᠤᠯᠠᠨ ᠲᠦᠮᠡᠨ ᠲᠤᠰᠠᠯᠠᠮᠵᠢ ᠡᠷᠡᠮᠡᠯᠵᠡᠯᠡᠬᠦ ᠳᠤ ᠪᠠᠨ ︽ ᠰᠦᠯᠵᠢᠶ᠎ᠡ ᠪᠠᠷ ᠬᠦᠢᠴᠡᠳᠬᠡᠬᠦ︾᠂ ᠲᠤᠰᠠᠯᠠᠮᠵᠢ ᠶᠢᠨ ᠦᠢᠯᠡᠴᠢᠯᠡᠭᠡ ᠶᠢ ︽ᠠᠯᠠᠭᠠᠨ ᠲᠡᠬᠡᠷ᠎ᠡ ᠪᠠᠨ ᠬᠦᠢᠴᠡᠳᠬᠡᠬᠦ︾᠂ ︽ᠬᠤᠷᠤᠭᠤ ᠪᠠᠷ ᠢᠶᠠᠨ ᠬᠦᠢᠴᠡᠳᠬᠡᠬᠦ︾ ᠶᠢ ᠪᠡᠶᠡᠯᠡᠬᠦᠯᠵᠡᠢ᠃ 2021 ᠤᠨ ᠤ 3 ᠳ᠋ᠤᠭᠠᠷ ᠰᠠᠷ᠎ᠠ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢ  ᠪᠦᠬᠦ ᠬᠤᠳᠠ ᠳᠤ 312 ᠬᠦᠮᠦᠨ ᠭᠠᠷ ᠤᠳᠠᠰᠤ ᠪᠠᠷ ᠢᠶᠠᠨ ᠡᠷᠡᠮᠡᠯᠵᠡᠯᠡᠨ᠂ 163 ᠬᠦᠮᠦᠨ ᠤ ᠬᠢ ᠶᠢ ᠨᠢᠬᠡᠨᠳᠡ ᠲᠠᠭᠤᠰᠬᠠᠵᠤ᠂ 45 ᠬᠦᠮᠦᠨ ᠤ ᠬᠢ ᠶᠢ ᠶᠠᠭ ᠰᠠᠶᠢᠬᠠᠨ ᠬᠦᠢᠴᠡᠳᠬᠡᠵᠤ ᠪᠠᠶᠢᠨ᠎ᠠ᠃ ᠡᠬᠦᠨ ᠳᠤ 104 ᠬᠦᠮᠦᠨ  ᠳᠤ ᠡᠷᠡᠮᠡᠯᠵᠡᠯᠡᠬᠦ ᠮᠠᠲ᠋ᠧᠷᠢᠶᠠᠯ ᠨᠢ ᠪᠦᠷᠢᠨ ᠪᠤᠰᠤ ᠶᠢ ᠨᠢᠬᠡ ᠯᠨ ᠲᠤᠤᠷ᠎ᠠ ᠮᠡᠳᠡᠭᠳᠡᠵᠡᠢ᠃
 
ᠢᠷᠡᠯᠲᠡ᠄ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠳᠡᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号