| ᠲᠦᠷᠤ ᠶᠢᠨ ᠶᠠᠪᠤᠳᠠᠯ ᠤᠨ ᠬᠤᠷᠢᠶᠠᠨ ᠤ ᠶᠡᠷᠤᠩᠭᠡᠢ ᠰᠠᠶᠢᠳ ᠯᠢ ᠺᠧ ᠴᠢᠶᠠᠩ 4 ᠳ᠋ᠤᠬᠡᠷ ᠰᠠᠷ᠎ᠠ ᠶᠢᠨ 14 | ᠤ ᠡᠳᠤᠷ ᠲᠦᠷᠤ ᠶᠢᠨ ᠶᠠᠪᠤᠳᠠᠯ ᠤᠨ ᠬᠤᠷᠢᠶᠠᠨ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ | ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠬ᠎ᠠ ᠲᠡᠯᠬᠡᠬᠦᠷ ᠤᠨ ᠭᠤᠤᠯ ᠴᠤᠬᠴᠨ ᠶᠢ ᠲᠠᠩᠰᠠᠯᠠᠵᠤ | ᠬᠠᠮᠢᠶᠠᠷᠬᠤ ᠲᠦᠷᠢᠮ ︵ᠲᠦᠰᠤᠯ︶︾ ᠢ ᠪᠠᠳᠤᠯᠠᠪᠠ᠃ | ︽ᠲᠡᠯᠬᠡᠬᠦᠷ ᠭᠤᠤᠯ ᠴᠤᠬᠴᠨ ᠶᠢ ᠪᠤᠶᠢᠵᠢᠭᠤᠯᠤᠨ ᠪᠤᠵᠠᠭᠠᠶᠢᠷᠠᠭᠤᠯᠬᠤ ᠨᠢ ᠨᠡᠶᠢᠬᠡᠮ ᠵᠢᠷᠤᠮᠳᠤ ᠵᠠᠬ᠎ᠠ ᠲᠡᠯᠬᠡᠬᠦᠷ | ᠤᠨ ᠠᠵᠤ ᠠᠬᠤᠢ ᠶᠢ ᠬᠦᠭᠵᠢᠬᠦᠯᠬᠦ ᠳᠤ ᠲᠤᠶᠢᠯ ᠤᠨ ᠴᠢᠬᠤᠯᠨ︾᠃ ᠶᠡᠷᠤᠩᠭᠡᠢ ᠰᠠᠶᠢᠳ᠄ ︽ᠡᠨᠡ ᠬᠦ ᠲᠦᠰᠤᠯ ᠢ | ᠪᠠᠳᠤᠯᠠᠬᠰᠠᠨ ᠨᠢ ᠬᠤᠵᠢᠮ ᠤᠨ ᠵᠠᠬ᠎ᠠ ᠲᠡᠯᠬᠡᠬᠦᠷ ᠤᠨ ᠭᠤᠤᠯ ᠴᠤᠬᠴᠨ ᠪᠤᠶᠢᠵᠢᠭᠤᠯᠤᠨ ᠪᠤᠵᠠᠭᠠᠶᠢᠷᠠᠭᠤᠯᠬᠤ ᠪᠠ | ᠡᠷᠬᠡ ᠲᠡᠭᠰᠢ ᠦᠷᠢᠰᠣᠯᠳᠤᠬᠡᠨ ᠢ ᠠᠬᠢᠭᠤᠯᠬᠤ ᠳᠤ ᠬᠠᠤᠯᠢ ᠴᠠᠭᠠᠵᠨ ᠶᠢᠨ ᠪᠠᠳᠤᠯᠠᠭ᠎ᠠ ᠬᠠᠨᠭ᠍ᠭᠠᠬᠤ ᠪᠤᠯᠤᠨ᠎ᠠ︾ ᠭᠡᠵᠤ | ᠶᠠᠷᠢᠪᠠ᠃ | 2013 ᠤᠨ ᠠᠴᠠ ᠨᠠᠭᠠᠰᠢ᠂ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠳᠠ ᠶᠤᠰᠤᠭᠠᠷ᠂ ᠤᠶᠢᠷ᠎ᠠ ᠶᠢᠨ ᠵᠢᠯ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠬᠡᠷᠡᠴᠢᠯᠡᠯᠳᠡ | ᠶᠢ ᠲᠠᠰᠤᠷᠠᠯᠳᠠ ᠦᠬᠡᠢ ᠠᠬᠢᠭᠤᠯᠪᠠ᠃ ᠲᠠᠩᠰᠠᠯᠠᠭᠤᠯᠬᠤ ᠬᠦᠷᠤᠩᠭᠡ ᠶᠢ ᠲᠡᠩᠰᠠᠯᠠᠬᠤ ᠲᠦᠷᠢᠮ ᠤᠨ ᠦᠬᠡᠷᠡᠴᠢᠯᠡᠯᠳᠡ | ᠠᠴᠠ ︽ᠤᠯᠠᠨ ᠦᠨᠡᠮᠯᠡᠬᠦ ᠶᠢ ᠨᠢᠬᠡ ᠪᠤᠯᠭᠠᠬᠤ︾ ᠬᠦᠷᠳᠡᠯ᠎ᠡ᠂ ︽ᠬᠤᠶᠠᠷ ᠰᠠᠶᠢᠨ ᠲᠤᠷ᠎ᠠ ᠶᠢᠨ᠂ ᠨᠢᠬᠡ ᠢᠯᠨ | ᠪᠤᠯᠭᠠᠬᠤ︾ ᠬᠢᠨᠠᠨ ᠬᠠᠮᠢᠶᠠᠷᠤᠯᠳᠠ ᠠᠴᠠ ︽ᠪᠦᠬᠦ ᠤᠯᠤᠰ ᠢᠶᠠᠷ ᠢᠶᠠᠨ ᠨᠢᠬᠡ ᠰᠦᠯᠵᠢᠶ᠎ᠡ︾ ᠬᠦᠷᠳᠡᠯ᠎ᠡ᠂ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢᠨ ᠬᠦᠨᠵᠡᠬᠡᠶᠢᠷᠡᠯ ᠪᠠ ᠬᠤᠳᠠᠯᠳᠤᠭ᠎ᠠ ᠡᠷᠬᠢᠯᠡᠬᠦ | ᠤᠷᠴᠢᠨ ᠲᠤᠭᠤᠷᠢᠨ ᠲᠠᠰᠤᠷᠠᠯ ᠦᠬᠡᠢ ᠰᠢᠯᠢᠳᠡᠭᠵᠢᠬᠦ ᠶᠢ ᠲᠠᠭᠠᠯᠳᠤᠨ ᠵᠦᠪᠬᠡᠨ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠬᠤᠭᠤᠴᠠᠭᠠᠨ ᠳᠤ 6000 ᠢᠯᠡᠬᠦᠤ ᠲᠦᠮᠡᠨ ᠡᠷᠤᠬᠡ ᠰᠢᠨ᠎ᠡ ᠪᠠᠷ ᠨᠡᠮᠡᠭᠳᠡᠵᠡᠢ᠃ | ︽ᠡᠨᠡ ᠨᠢ ᠠᠵᠤ ᠠᠬᠤᠢ ᠶᠢᠨ ᠠᠮᠢᠵᠢᠷᠠᠯ ᠤᠨ ᠬᠦᠴᠤᠨ ᠪᠠ ᠬᠠᠷᠢᠮᠠᠬᠠᠢ ᠴᠢᠨᠠᠷ ᠢ ᠲᠤᠶᠢᠯ ᠤᠨ ᠶᠡᠭᠡ ᠪᠠᠷ | ᠨᠡᠮᠡᠭᠳᠡᠬᠦᠯᠬᠦ ᠶᠢᠨ ᠬᠠᠮᠳᠤ ᠶᠡᠭᠡ ᠪᠠᠷ ᠠᠵᠢᠯ ᠤᠯᠭᠤᠬᠤ ᠶᠢ ᠠᠬᠢᠭᠤᠯᠪᠠ᠃︾ ᠶᠡᠷᠤᠩᠭᠡᠢ ᠰᠠᠶᠢᠳ᠄ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠤᠨ᠂ ᠪᠦᠳᠦᠮᠵᠢᠳᠡᠢ ᠠᠷᠭ᠎ᠠ ᠶᠢ | ᠲᠦᠷᠢᠮ ᠤᠨ ᠲᠦᠷᠢᠮᠵᠢᠯ ᠪᠤᠯᠭᠠᠨ ᠦᠨᠳᠤᠷᠳᠤᠬᠡᠵᠤ᠂ ᠢᠯᠠᠩᠭᠤᠶ᠎ᠠ ᠵᠠᠬ᠎ᠠ ᠲᠡᠯᠬᠡᠬᠦᠷ ᠤᠨ ᠭᠤᠤᠯ ᠴᠤᠬᠴᠨ ᠶᠢ | ᠲᠠᠩᠰᠠᠯᠠᠨ ᠬᠠᠮᠢᠶᠠᠷᠬᠤ ᠰᠠᠭᠤᠷᠢ ᠴᠢᠨᠠᠷ ᠲᠠᠢ ᠲᠦᠷᠢᠮ ᠢ ᠲᠡᠬᠦᠯᠳᠡᠷᠵᠢᠬᠦᠯᠤᠨ᠎ᠡ︾ ᠬᠡᠵᠡᠢ᠃ | ᠲᠤᠰ ᠡᠳᠤᠷ ᠤᠨ ᠪᠠᠳᠤᠯᠠᠬᠰᠠᠨ ᠲᠦᠰᠤᠯ ᠳᠤ ᠨᠢᠬᠡᠨᠳᠡ ᠨᠡᠶᠢᠳᠡᠯᠡᠭᠰᠡᠨ ᠵᠠᠬ᠎ᠠ ᠲᠡᠯᠬᠡᠬᠦᠷ ᠤᠨ ᠭᠤᠤᠯ | ᠴᠤᠬᠴᠨ ᠶᠢ ᠲᠠᠩᠰᠠᠯᠠᠨ ᠬᠠᠮᠢᠶᠠᠷᠬᠤ ᠲᠤᠬᠠᠢ ᠵᠠᠰᠠᠭ ᠵᠠᠬᠢᠷᠭᠠᠨ ᠤ ᠬᠠᠤᠯᠢ ᠲᠦᠷᠢᠮ ᠢ ᠨᠡᠶᠢᠳᠬᠡᠨ᠂ ᠮᠠᠨ ᠤ ᠤᠯᠤᠰ | ᠤᠨ ᠬᠢᠯᠢ ᠲᠤᠳᠤᠷ᠎ᠠ ᠠᠰᠢᠭ ᠤᠯᠬᠤ ᠵᠤᠷᠢᠯᠭ᠎ᠠ ᠪᠠᠷ ᠠᠵᠤ ᠠᠬᠤᠢ ᠶᠢᠨ ᠠᠵᠢᠯᠯᠠᠭᠠᠨ ᠦᠷᠨᠢᠬᠦᠯᠬᠦ ᠡᠯ᠎ᠡ ᠵᠦᠢᠯ ᠤᠨ | ᠠᠵᠤ ᠠᠬᠤᠶᠢᠯᠠᠯ᠂ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠤᠬᠡ᠂ ᠲᠠᠷᠢᠶᠠᠴᠢᠨ ᠤ ᠲᠤᠰᠬᠠᠢ | ᠬᠤᠷᠰᠢᠶᠠᠵᠢᠯ ᠵᠡᠷᠬᠡ ᠶᠢ ᠲᠠᠩᠰᠠᠯᠠᠨ ᠬᠠᠮᠢᠶᠠᠷᠬᠤ ᠲᠤᠬᠠᠢ ᠨᠢᠬᠡᠳᠤᠯᠳᠡᠢ ᠲᠦᠷᠢᠮ ᠲᠤᠬᠳᠠᠭᠠᠵᠠᠢ᠃ ᠡᠬᠦᠨ ᠳᠤ | ᠭᠤᠤᠯᠳᠠᠭᠤ᠄ ︵1︶᠂ ᠲᠬᠠᠭ᠍ᠰᠠᠯᠠᠭᠤᠯᠬᠤ ᠳᠤ ᠤᠯᠠᠮ ᠲᠦᠬᠦᠮ ᠪᠤᠯᠭᠠᠪᠠ᠃ ᠲᠤᠬᠠᠢ ᠶᠢᠨ ᠲᠠᠯᠠᠪᠠᠢ ᠳᠤ | ᠬᠦᠢᠴᠡᠳᠬᠡᠬᠦ᠂ ᠨᠢᠬᠡ ᠯᠨ ᠤᠳᠠᠭ᠎ᠠ ᠳᠤ ᠬᠦᠢᠴᠡᠳᠬᠡᠬᠦ᠂ ᠲᠤᠬᠳᠠᠬᠰᠠᠨ ᠴᠠᠭ ᠲᠤ ᠬᠦᠢᠴᠡᠳᠬᠡᠬᠦ᠂ ᠰᠦᠯᠵᠢᠶᠡᠨ | ᠲᠡᠬᠡᠷ᠎ᠡ ᠬᠦᠢᠴᠡᠳᠬᠡᠬᠦ᠂ ᠭᠠᠳᠠᠨ᠎ᠠ ᠭᠠᠵᠠᠷ ᠴᠦ ᠬᠦᠢᠴᠡᠳᠬᠡᠵᠤ ᠪᠤᠯᠬᠤ ᠶᠢ ᠬᠡᠷᠡᠭᠵᠢᠬᠦᠯᠤᠨ᠎ᠡ᠃ ᠲᠠᠩᠰᠠᠯᠠᠬᠤ | ᠪᠠᠶᠢᠭᠤᠯᠭ᠎ᠠ ᠡᠷᠡᠮᠡᠯᠵᠡᠯᠡᠬᠦ ᠮᠠᠲ᠋ᠧᠷᠢᠶᠠᠯ ᠨᠢ ᠬᠠᠤᠯᠢ ᠳᠤ ᠲᠤᠬᠳᠠᠭᠠᠬᠰᠠᠨ ᠱᠠᠭᠠᠷᠳᠠᠯᠭ᠎ᠠ ᠳᠤ ᠨᠡᠶᠢᠴᠡᠭᠰᠡᠨ ᠢ ᠨᠢ ᠲᠡᠷᠨ | ᠲᠤᠤᠷ᠎ᠠ ᠨᠢ ᠲᠠᠩᠰᠠᠯᠠᠨ᠎ᠠ᠃ ᠲᠡᠷᠨ ᠲᠤᠤᠷ᠎ᠠ ᠨᠢ ᠲᠠᠩᠰᠠᠯᠠᠵᠤ ᠪᠤᠯᠬᠤ ᠦᠬᠡᠢ ᠪᠤᠯ ᠭᠤᠷᠪᠠᠨ ᠠᠵᠢᠯᠯᠠᠬᠤ ᠡᠳᠤᠷ ᠤᠨ | ᠲᠤᠳᠤᠷ᠎ᠠ ᠲᠠᠩᠰᠠᠯᠠᠨ᠎ᠠ᠃ ᠡᠯᠧᠺᠲᠷᠤᠨ ᠪᠤᠶᠤ ᠴᠠᠭᠠᠰᠤᠨ ᠡᠵᠡᠩᠨᠡᠯᠳᠡ ᠶᠢᠨ ᠦᠨᠡᠮᠯᠡᠬᠦ ᠠᠳᠠᠯᠢᠬᠠᠨ ᠬᠠᠤᠯᠢ ᠶᠢᠨ | ᠬᠦᠴᠤᠨ ᠲᠠᠢ᠃ ︵2︶ ᠡᠷᠡᠮᠡᠯᠵᠡᠯᠡᠬᠦ ᠮᠠᠲ᠋ᠧᠷᠢᠶᠠᠯ ᠪᠤᠯᠤᠨ ᠲᠠᠩᠰᠠᠯᠠᠬᠤ ᠭᠤᠬᠴᠤᠭ᠎ᠠ ᠶᠢ ᠲᠦᠬᠦᠮᠴᠢᠯᠡᠬᠦ ᠬᠡᠷᠡᠭᠳᠡᠢ᠃ | ᠲᠠᠩᠰᠠᠯᠠᠬᠤ ᠪᠠᠶᠢᠭᠤᠯᠭ᠎ᠠ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠬᠠᠮᠳᠤ ᠪᠠᠷ ᠡᠳ᠋ᠯᠡᠬᠦ ᠲᠠᠪᠴᠠᠩ ᠢᠶᠠᠷ | ᠤᠯᠵᠤ ᠪᠤᠯᠬᠤ ᠴᠢᠮᠡᠭᠡ ᠵᠠᠩᠭᠢ ᠶᠢ ᠡᠷᠡᠮᠯᠡᠯᠵᠡᠯᠯᠡᠭᠴᠢ ᠶᠢ ᠲᠤᠰᠢᠶᠠᠬᠤ ᠶᠢ ᠱᠠᠭᠠᠷᠳᠠᠵᠤ ᠪᠤᠯᠬᠤ ᠦᠬᠡᠢ᠃ | ᠡᠷᠡᠮᠡᠯᠵᠡᠯᠯᠡᠬᠦ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠳᠤ ᠲᠤᠬᠳᠠᠭᠠᠬᠰᠠᠨ ᠬᠡᠯᠪᠡᠷᠢ ᠳᠤ ᠡᠰᠡ ᠨᠡᠶᠢᠴᠡᠪᠡᠯ | ᠲᠠᠩᠰᠠᠯᠠᠬᠤ ᠪᠠᠶᠢᠭᠤᠯᠭ᠎ᠠ ᠡᠷᠡᠮᠡᠯᠵᠡᠯᠯᠡᠭᠴᠢ ᠶᠢᠨ ᠨᠦᠬᠦᠪᠤᠷᠢᠯᠡᠬᠦ ᠴᠢᠬᠤᠯᠠᠳᠠᠢ ᠮᠠᠲ᠋ᠧᠷᠢᠶᠠᠯ ᠢ ᠨᠢᠬᠡ ᠯᠨ ᠲᠤᠤᠷ᠎ᠠ | ᠮᠡᠳᠡᠭᠳᠡᠨ᠎ᠡ᠃ ︵3︶ ︽ᠲᠠᠩᠰᠨ ᠠᠴᠠ ᠬᠠᠰᠤᠬᠤ ᠳᠤ ᠬᠦᠴᠢᠷ︾ ᠠᠰᠠᠭᠤᠳᠠᠯ ᠢ ᠰᠢᠢᠳᠪᠤᠷᠢᠯᠡᠬᠦ ᠶᠢ ᠠᠬᠢᠭᠤᠯᠬᠤ | ᠶᠢᠨ ᠲᠦᠯᠦᠬᠡ ᠵᠠᠬ᠎ᠠ ᠲᠡᠯᠬᠡᠬᠦᠷ ᠤᠨ ᠭᠤᠤᠯ ᠴᠤᠬᠴᠨ ᠦᠷᠢ ᠰᠢᠷᠢ ᠦᠬᠡᠢ ᠪᠤᠶᠤ ᠦᠷᠢ ᠰᠢᠷᠢ ᠪᠠᠨ ᠲᠦᠯᠦᠭᠰᠡᠨ᠂ | ᠠᠵᠢᠯᠳᠠᠳ ᠤᠨ ᠴᠠᠯᠢᠩ᠂ ᠨᠡᠶᠢᠬᠡᠮ ᠤᠨ ᠲᠠᠭᠠᠳᠬᠠᠯ ᠤᠨ ᠰᠦᠢᠳᠬᠡᠯ᠂ ᠲᠤᠰᠢᠶᠠᠬᠤ ᠴᠢᠬᠤᠯᠠᠳᠠᠢ ᠭᠠᠶᠢᠯᠢ ᠪᠠᠨ | ᠲᠤᠰᠢᠶᠠᠵᠤ᠂ ᠬᠠᠮᠢᠶ᠎ᠠ ᠪᠦᠬᠦᠢ ᠬᠠᠤᠯᠢ ᠴᠠᠭᠠᠵᠨ ᠶᠢᠨ ᠬᠠᠷᠢᠭᠤᠴᠠᠯᠭ᠎ᠠ ᠶᠢᠨ ᠠᠮᠠᠯᠠᠯᠳᠠ ᠶᠢᠨ ᠪᠢᠴᠢᠭ ᠲᠠᠢ ᠪᠦᠬᠡᠳ | ᠲᠤᠬᠳᠠᠭᠠᠯ ᠶᠤᠰᠤᠭᠠᠷ ᠵᠠᠷᠯᠠᠬᠰᠠᠨ ᠪᠤᠯ ᠲᠦᠬᠦᠮ ᠠᠯᠬᠤᠮ ᠢᠶᠠᠷ ᠲᠠᠩᠰᠨ ᠠᠴᠠ ᠬᠠᠰᠤᠬᠤ ᠭᠠᠷ ᠬᠦᠢᠴᠡᠳᠬᠡᠯ ᠬᠢᠵᠤ | ᠦᠭᠭᠦᠨ᠎ᠡ᠂ ᠡᠬᠦᠨ ᠳᠤ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠤᠬᠡ ᠵᠠᠷᠯᠠᠬᠤ ᠬᠡᠷᠡᠭ ᠦᠬᠡᠢ᠃ ︵4︶ | ᠵᠠᠬ᠎ᠠ ᠲᠡᠯᠬᠡᠬᠦᠷ ᠤᠨ ᠭᠤᠤᠯ ᠴᠤᠬᠴᠨ ᠶᠢᠨ ᠦᠪᠡᠷ ᠤᠨ ᠦᠷᠳᠡᠭ ᠢ ᠪᠠᠭᠤᠷᠠᠭᠤᠯᠬᠤ ᠶᠢᠨ ᠲᠦᠯᠦᠬᠡ ᠠᠵᠢᠯ | ᠵᠤᠬᠰᠤᠵᠤ ᠡᠬᠦᠳᠡ ᠪᠠᠨ ᠬᠠᠭᠠᠬᠤ ᠲᠦᠷᠢᠮ ᠢ ᠲᠤᠬᠳᠠᠭᠠᠪᠠ᠃ ᠪᠠᠶᠢᠭᠠᠯᠢ ᠶᠢᠨ ᠭᠠᠮᠰᠢᠭ᠂ ᠠᠳᠡᠯ᠂ ᠤᠯᠠᠨ ᠨᠡᠶᠢᠳᠡ | ᠶᠢᠨ ᠡᠷᠡᠬᠦᠯ ᠬᠠᠮᠠᠭᠠᠯᠠᠯ ᠤᠨ ᠬᠡᠷᠡᠭ ᠵᠡᠷᠬᠡ ᠠᠴᠠ ᠪᠤᠯᠵᠤ ᠡᠵᠡᠩᠨᠡᠯᠳᠡ ᠨᠢ ᠬᠦᠴᠢᠷᠳᠡᠯ ᠳᠤ ᠲᠤᠯᠭᠠᠷᠠᠬᠤ ᠦᠶ᠎ᠡ ᠳᠤ | ᠵᠠᠬ᠎ᠠ ᠲᠡᠯᠬᠡᠬᠦᠷ ᠤᠨ ᠭᠤᠤᠯ ᠴᠤᠬᠴᠨ ᠨᠢ ᠵᠤᠬᠢᠬᠤ ᠬᠤᠭᠤᠴᠠᠭᠠᠨ ᠳᠤ ᠠᠵᠢᠯ ᠵᠤᠬᠰᠤᠵᠤ ᠡᠬᠦᠳᠡ ᠪᠠᠨ ᠬᠠᠭᠠᠬᠤ | ᠶᠢ ᠦᠪᠡᠷ ᠢᠶᠠᠨ ᠰᠢᠢᠳᠴᠤ ᠪᠤᠯᠬᠤ ᠪᠦᠬᠡᠳ ᠲᠠᠩᠰᠠᠯᠠᠬᠤ ᠪᠠᠶᠢᠭᠤᠯᠭ᠎ᠠ ᠳᠤ ᠪᠦᠷᠢᠳᠬᠡᠯᠬᠡᠨᠡ᠂ ᠠᠵᠢᠯ ᠵᠤᠬᠰᠤᠵᠤ | ᠡᠬᠦᠳᠡ ᠢᠶᠠᠨ ᠬᠠᠭᠠᠬᠤ ᠬᠤᠭᠤᠴᠠᠭ᠎ᠠ 3 ᠵᠢᠯ ᠠᠴᠠ ᠬᠡᠳᠤᠷᠡᠵᠤ ᠪᠤᠯᠬᠤ ᠦᠬᠡᠢ᠃ ︵5︶ ᠢᠳᠡᠬᠡᠮᠵᠢ ᠪᠠ ᠬᠢᠨᠠᠨ | ᠬᠠᠮᠢᠶᠠᠷᠬᠤ ᠱᠠᠭᠠᠷᠳᠠᠯᠭ᠎ᠠ ᠶᠢ ᠲᠤᠳᠤᠷᠬᠠᠶᠢᠯᠠᠪᠠ᠃ ᠵᠠᠬ᠎ᠠ ᠲᠡᠯᠬᠡᠬᠦᠷ ᠤᠨ ᠭᠤᠤᠯ ᠴᠤᠬᠴᠨ ᠶᠢ ᠦᠨᠡᠨ ᠨᠡᠷ᠎ᠡ ᠪᠠᠷ | ᠢᠶᠠᠨ ᠲᠠᠩᠰᠠᠯᠠᠭᠤᠯᠬᠤ ᠲᠦᠷᠢᠮ ᠢ ᠬᠡᠷᠡᠭᠵᠢᠬᠦᠯᠵᠤ᠂ ᠲᠡᠪᠰᠢᠬᠦᠯᠦᠭᠰᠡᠨ ᠮᠠᠲ᠋ᠧᠷᠢᠶᠠᠯ ᠤᠨ ᠦᠨᠡᠨ ᠮᠠᠭᠠᠳ᠂ ᠬᠠᠤᠯᠢ | ᠳᠤ ᠨᠡᠶᠢᠴᠡᠭᠰᠡᠨ ᠡᠰᠡᠬᠦ ᠪᠠ ᠬᠦᠴᠤᠨ ᠲᠠᠢ ᠡᠰᠡᠬᠦ ᠳᠤ ᠬᠠᠷᠢᠭᠤᠴᠠᠯᠭ᠎ᠠ ᠡᠬᠦᠷᠬᠡᠯᠡᠬᠦ ᠪᠦᠬᠡᠳ ᠤᠨ ᠤ ᠮᠡᠳᠡᠬᠦᠯᠤᠯᠳᠠ | ᠪᠠ ᠲᠠᠩᠰᠠᠯᠠᠭᠤᠯᠤᠬᠰᠠᠨ ᠬᠠᠮᠢᠶ᠎ᠠ ᠪᠦᠬᠦᠢ ᠴᠢᠮᠡᠭᠡ ᠵᠠᠩᠭᠢ ᠪᠠᠨ ᠲᠤᠬᠳᠠᠭᠠᠯ ᠶᠤᠰᠤᠭᠠᠷ ᠵᠠᠷᠯᠠᠬᠤ ᠬᠡᠷᠡᠭᠳᠡᠢ᠃ | ᠲᠠᠩᠰᠠᠯᠠᠭᠤᠯᠬᠤ ᠳᠤ ᠪᠠᠨ ᠬᠠᠭᠤᠷᠮᠠᠭ ᠮᠠᠲ᠋ᠧᠷᠢᠶᠠᠯ ᠬᠠᠨᠭ᠍ᠭᠠᠬᠤ ᠪᠤᠶᠤ ᠪᠤᠰᠤᠳ ᠮᠡᠬᠡᠯᠡᠭᠰᠡᠨ ᠠᠵᠢᠯᠯᠠᠭ᠎ᠠ ᠲᠠᠢ ᠪᠤᠯ | ᠲᠤᠰ ᠵᠠᠬ᠎ᠠ ᠲᠡᠯᠬᠡᠬᠦᠷ ᠤᠨ ᠭᠤᠤᠯ ᠴᠤᠬᠴᠨ ᠶᠢᠨ ᠲᠠᠩᠰᠨ ᠶᠢᠨ ᠬᠦᠴᠤᠨ ᠦᠬᠡᠢ ᠪᠤᠯᠭᠠᠵᠤ᠂ ᠰᠢᠭᠤᠳ | ᠬᠠᠷᠢᠭᠤᠴᠠᠯᠭᠠᠳᠠᠨ ᠨᠢ 3 ᠵᠢᠯ ᠤᠨ ᠲᠤᠳᠤᠷ᠎ᠠ ᠲᠠᠩᠰᠠᠯᠠᠭᠤᠯᠬᠤ ᠪᠠᠷ ᠡᠷᠡᠮᠡᠯᠵᠡᠯᠡᠵᠤ ᠪᠤᠯᠬᠤ ᠦᠬᠡᠢ᠃ ᠲᠠᠩᠰᠠᠯᠠᠬᠤ | ᠪᠠᠶᠢᠭᠤᠯᠭ᠎ᠠ ᠵᠠᠬ᠎ᠠ ᠲᠡᠯᠬᠡᠬᠦᠷ ᠤᠨ ᠭᠤᠤᠯ ᠴᠤᠬᠴᠨ ᠶᠢᠨ ᠢᠳᠡᠬᠡᠮᠵᠢ ᠶᠢᠨ ᠪᠠᠶᠢᠳᠠᠯ ᠢ ᠦᠨᠳᠤᠰᠤᠯᠡᠨ ᠲᠡᠰ ᠲᠦᠷᠤᠯ | ᠬᠤᠪᠢᠶᠠᠨ ᠬᠠᠮᠢᠶᠠᠷᠴᠤ᠂ ︽ᠬᠤᠶᠠᠷ ᠲᠤᠷ᠎ᠠ ᠶᠢᠨ᠂ ᠨᠢᠬᠡ ᠢᠯᠨ︾ ᠠᠷᠭ᠎ᠠ ᠪᠠᠷ ᠲᠠᠩᠰᠠᠯᠠᠭᠤᠯᠤᠬᠰᠠᠨ ᠲᠦᠷᠤᠯ | ᠵᠦᠢᠯ ᠢ ᠬᠢᠨᠠᠵᠤ ᠪᠠᠶᠢᠴᠠᠭᠠᠨ᠎ᠠ᠃ ︵6︶ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢᠨ ᠬᠠᠤᠯᠢ ᠶᠢᠨ | ᠬᠠᠷᠢᠭᠤᠴᠠᠯᠭ᠎ᠠ ᠪᠠ ᠰᠢᠢᠳᠪᠤᠷᠢᠯᠡᠬᠦ ᠠᠷᠭ᠎ᠠ ᠪᠠᠷᠢᠯ ᠢ ᠲᠤᠳᠤᠷᠬᠠᠶᠢᠯᠠᠪᠠ᠃ ᠲᠤᠷᠭᠠᠭᠤᠯᠢ ᠶᠢᠨ ᠬᠠᠨᠳᠤᠯᠭᠠᠳᠤ ᠰᠢᠨᠵᠢ | ᠶᠢᠨ ᠨᠡᠮᠡᠭᠳᠡᠬᠦᠯᠵᠤ᠂ ᠪᠠᠶᠢᠳᠠᠯ ᠨᠢ ᠬᠦᠨᠳᠤ ᠨᠤᠴᠢᠳᠠᠢ ᠪᠤᠯ ᠡᠵᠡᠩᠨᠡᠯᠳᠡ ᠶᠢᠨ ᠦᠨᠡᠮᠯᠡᠬᠦ ᠶᠢ ᠨᠢ ᠬᠦᠴᠤᠨ ᠦᠬᠡᠢ | ᠪᠤᠯᠭᠠᠵᠤ᠂ ᠦᠨᠡᠨᠴᠢ ᠢᠳᠡᠬᠡᠮᠵᠢᠳᠠᠢ᠂ ᠡᠷᠭᠡ ᠲᠡᠭᠰᠢ ᠪᠠᠷ ᠦᠷᠢᠰᠤᠯᠳᠤᠬᠦ ᠵᠠᠬ᠎ᠠ ᠲᠡᠯᠬᠡᠬᠦᠷ ᠤᠨ ᠡᠮᠬᠢ ᠵᠢᠷᠤᠮ ᠢ | ᠬᠠᠮᠠᠭᠠᠯᠠᠨ᠎ᠠ᠃ | ᠯᠢ ᠺᠧ ᠴᠢᠶᠠᠩ᠄ ︽ᠬᠤᠵᠢᠮ ᠡᠨᠡ ᠲᠦᠷᠢᠮ ᠢ ᠴᠢᠩᠭ᠎ᠠ ᠵᠢᠷᠤᠮᠯᠠᠨ᠂ ᠵᠠᠬ᠎ᠠ ᠲᠡᠯᠬᠡᠬᠦᠷ ᠤᠨ ᠭᠤᠤᠯ | ᠴᠤᠬᠴᠨ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ᠂ ᠦᠢᠯᠡᠰ ᠪᠤᠰᠬᠠᠵᠤ ᠰᠢᠨ᠎ᠡ ᠶᠢ ᠡᠬᠦᠳᠬᠦ ᠶᠢ | ᠠᠬᠢᠭᠤᠯᠤᠨ᠂ ᠵᠠᠬ᠎ᠠ ᠲᠡᠯᠬᠡᠬᠦᠷ ᠤᠨ ᠡᠮᠬᠢ ᠲᠢᠭᠯᠢᠮᠨ ᠢ ᠬᠠᠮᠠᠭᠠᠯᠠᠬᠤ ᠳᠤ ᠬᠠᠤᠯᠢ ᠴᠠᠭᠠᠵᠨ ᠶᠢᠨ ᠪᠠᠳᠤᠯᠠᠭ᠎ᠠ | ᠬᠠᠨᠭ᠍ᠭᠠᠬᠤ ᠬᠡᠷᠡᠭᠳᠡᠢ︾ ᠭᠡᠵᠤ ᠵᠢᠭᠠᠪᠤᠷᠢᠯᠠᠪᠠ᠃ | | | | |