ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠬᠠᠤᠯᠢ ᠪᠤᠰᠤ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠤ ᠲᠤᠬᠠᠢ ᠲᠧᠯᠸᠢᠰ ᠳ᠋ᠢᠶᠠᠩᠬᠤᠸ᠋ᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/6
              ᠪᠦᠬᠦ ᠤᠯᠤᠰ ᠤᠨ ᠬᠠᠤᠯᠢ ᠪᠤᠰᠤ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠤ ᠲᠤᠬᠠᠢ ᠲᠧᠯᠸᠢᠰ ᠳ᠋ᠢᠶᠠᠩᠬᠤᠸ᠋ᠨ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠭᠤᠯᠵᠤ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠬᠦᠷᠢᠶ᠎ᠡ ᠴᠠᠷ᠎ᠠ  ᠳᠤ   ᠬᠢ ᠴᠢᠬᠤᠯᠨ ᠲᠦᠭᠰᠢᠬᠦᠷᠢ ᠶᠢ ᠦᠨᠡᠨ ᠬᠦ ᠰᠡᠷᠬᠡᠶᠢᠯᠡᠨ ᠠᠷᠢᠯᠭᠠᠵᠤ᠂ ᠨᠠᠮ ᠪᠠᠶᠢᠭᠤᠯᠤᠬᠳᠠᠬᠰᠠᠨ ᠵᠠᠭᠤᠨ ᠵᠢᠯ  ᠤᠨ ᠤᠢ ᠶᠢ ᠪᠡᠯᠬᠡᠯᠡᠬᠦ ᠳᠤ ᠤᠬᠢ ᠰᠠᠶᠢᠨ ᠤᠷᠴᠢᠨ ᠲᠤᠭᠤᠷᠢᠨ ᠪᠦᠷᠢᠯᠳᠦᠬᠦᠯᠬᠦ ᠶᠢᠨ ᠲᠦᠯᠦᠬᠡ᠂ 4 ᠳ᠋ᠤᠬᠡᠷ ᠰᠠᠷ᠎ᠠ  ᠶᠢᠨ 1 ᠤ ᠡᠳᠤᠷ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠬᠠᠤᠯᠢ ᠪᠤᠰᠤ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠤ ᠲᠤᠬᠠᠢ ᠲᠧᠯᠸᠢᠰ ᠳ᠋ᠢᠶᠠᠩᠬᠤᠸ᠋ᠨ ᠬᠤᠷᠠᠯ ᠬᠤᠷᠠᠯᠳᠤᠭᠤᠯᠵᠤ᠂ ᠪᠦᠬᠦ ᠤᠷᠤᠨ ᠤ ᠬᠠᠤᠯᠢ ᠪᠤᠰᠤ ᠨᠡᠶᠢᠬᠡᠮ ᠤᠨ ᠵᠤᠬᠢᠶᠠᠨ ᠪᠠᠶᠢᠭᠤᠯᠤᠯᠳᠠ  ᠶᠢ ᠤᠯᠠᠮ ᠨᠢᠬᠡ ᠠᠯᠬᠤᠮ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠢ ᠪᠠᠶᠢᠷᠢᠯᠠᠭᠤᠯᠵᠠᠢ᠃ ᠦᠪᠡᠷᠳᠡᠬᠡᠨ ᠵᠠᠰᠠᠬᠤ ᠤᠷᠤᠨ ᠤ ᠬᠠᠤᠯᠢ ᠪᠤᠰᠤ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠤ ᠤᠳᠤᠷᠢᠳᠬᠤ ᠲᠤᠭᠤᠶᠢᠯᠠᠩ ᠤᠨ ᠬᠡᠰᠢᠬᠦᠨ ᠨᠢᠬᠡᠴᠢ ᠶᠢᠨ ᠬᠠᠮᠢᠶ᠎ᠠ ᠪᠦᠬᠦᠢ ᠤᠳᠤᠷᠢᠳᠤᠯᠭ᠎ᠠ ᠪᠠ ᠠᠵᠢᠯᠳᠠᠳ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠨ᠂ ᠡᠯ᠎ᠡ ᠠᠶᠢᠮᠠᠭ ᠬᠤᠳᠠ ᠶᠢᠨ ᠤᠳᠤᠷᠢᠳᠤᠯᠭ᠎ᠠ ᠪᠤᠯᠤᠨ ᠬᠠᠮᠢᠶ᠎ᠠ ᠪᠦᠬᠦᠢ ᠪᠠᠶᠢᠭᠤᠯᠭ᠎ᠠ ᠰᠠᠯᠪᠤᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠵᠠᠢ᠃ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠲᠡᠳ᠋ ᠲᠠᠷᠤᠭ᠎ᠠ ᠯᠢᠤ ᠬᠦᠸᠧ ᠭᠠᠨᠭ᠌ ᠬᠤᠷᠠᠯ ᠡᠷᠬᠢᠯᠡᠵᠤ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠤᠳᠤᠷᠢᠳᠤᠯᠭ᠎ᠠ ᠤᠯᠤᠰ ᠤᠨ ᠬᠠᠤᠯᠢ ᠪᠤᠰᠤ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠤ ᠲᠤᠬᠠᠢ ᠲᠧᠯᠸᠢᠰ ᠳ᠋ᠢᠶᠠᠩᠬᠤᠸ᠋ᠨ ᠬᠤᠷᠠᠯ ᠤᠨ ᠵᠤᠷᠢᠭ ᠰᠠᠨᠠᠭ᠎ᠠ ᠶᠢ ᠲᠠᠮᠵᠢᠭᠤᠯᠤᠬᠰᠠᠨ ᠪᠦᠬᠡᠳ ᠪᠦᠬᠦ ᠤᠷᠤᠨ ᠤ ᠲᠤᠰᠬᠠᠢ ᠠᠵᠢᠯᠯᠠᠭᠠᠨ ᠢ ᠪᠠᠶᠢᠷᠢᠯᠠᠭᠤᠯᠪᠠ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠡᠳ᠋ ᠲᠡᠷᠢᠬᠦᠯᠡᠭᠴᠢ ᠡᠸᠤ ᠶᠠᠩ ᠰᠢᠶᠤᠤ ᠬᠤᠢ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃    ᠬᠤᠷᠠᠯ ᠠᠴᠠ ᠲᠤᠬᠳᠠᠭᠠᠬᠰᠠᠨ ᠨᠢ 3 ᠳ᠋ᠤᠭᠠᠷ ᠰᠠᠷ᠎ᠠ ᠶᠢᠨ ᠰᠡᠬᠦᠯᠴᠢ ᠠᠴᠠ 6 ᠳ᠋ᠤᠭᠠᠷ ᠰᠠᠷ᠎ᠠ ᠶᠢᠨ 30 ᠤ ᠡᠳᠤᠷ ᠪᠤᠯᠳᠠᠯ᠎ᠠ ᠪᠦᠬᠦ ᠤᠷᠤᠨ ᠳᠤ ᠬᠠᠤᠯᠢ ᠪᠤᠰᠤ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠦᠷᠨᠢᠬᠦᠯᠵᠤ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ  ᠲᠤ ᠲᠠᠩᠰᠠᠯᠠᠭᠤᠯᠤᠬᠰᠠᠨ ᠦᠬᠡᠢ᠂ ᠲᠤᠷ᠎ᠠ ᠵᠤᠷᠢᠭ ᠢᠶᠠᠷ ᠢᠶᠠᠨ ᠨᠡᠶᠢᠬᠡᠮ ᠤᠨ ᠵᠤᠬᠢᠶᠠᠨ ᠪᠠᠶᠢᠭᠤᠯᠤᠯᠳᠠ᠂ ᠠᠷᠠᠳ  ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠪᠠᠶᠢᠭᠤᠯᠭ᠎ᠠ᠂ ᠰᠠᠭᠤᠷᠢ ᠮᠦᠡᠭᠭᠦᠨ ᠤ ᠨᠡᠶᠢᠬᠡᠮᠯᠢᠭ ᠤᠨ ᠨᠡᠷ᠎ᠡ ᠪᠠᠷ ᠠᠵᠢᠯᠯᠠᠭᠠᠨ ᠦᠷᠨᠢᠬᠦᠯᠵᠤ ᠪᠠᠶᠢᠭ᠎ᠠ ᠵᠤᠬᠢᠶᠠᠨ ᠪᠠᠶᠢᠭᠤᠯᠤᠯᠳᠠ᠂ ᠲᠠᠩᠰᠠᠯᠠᠯᠳᠠ ᠶᠢ ᠨᠢ ᠬᠦᠴᠤᠨ ᠦᠬᠡᠢ ᠪᠤᠯᠭᠠᠬᠰᠠᠨ ᠪᠤᠶᠤ ᠲᠠᠩᠰᠠᠯᠠᠭᠤᠯᠤᠬᠰᠠᠨ ᠬᠡᠷᠡᠴᠢ ᠶᠢ ᠬᠦᠴᠤᠨ ᠦᠬᠡᠢ ᠪᠤᠯᠭᠠᠬᠰᠠᠨ ᠪᠠᠶᠢᠳᠠᠯ᠎ᠠ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠨᠡᠷ᠎ᠡ ᠪᠠᠷ ᠦᠷᠬᠦᠯᠵᠢᠯᠡᠨ ᠠᠵᠢᠯᠯᠠᠭᠠᠨ ᠦᠷᠨᠢᠬᠦᠯᠵᠤ ᠪᠠᠶᠢᠭ᠎ᠠ ᠵᠤᠬᠢᠶᠠᠨ ᠪᠠᠶᠢᠭᠤᠯᠤᠯᠳᠠ ᠳᠤ ᠭᠤᠤᠯᠳᠠᠯᠭ᠎ᠠ ᠲᠠᠢ ᠴᠤᠬᠢᠯᠳᠠ ᠦᠭᠭᠦᠨ᠎ᠡ᠃ ᠬᠤᠷᠠᠯ ᠠᠴᠠ ᠱᠠᠭᠠᠷᠳᠠᠬᠰᠠᠨ ᠨᠢ᠂ ᠡᠯ᠎ᠡ ᠭᠠᠵᠠᠷ ᠤᠷᠤᠨ ᠤ ᠡᠯ᠎ᠡ ᠰᠠᠯᠠᠭ᠎ᠠ ᠮᠦᠴᠢᠷ ᠲᠡᠬᠡᠳᠤ ᠬᠡᠮᠵᠢᠶ᠎ᠡ ᠪᠠᠷ ᠬᠦᠨᠳᠤᠳᠬᠡᠵᠤ᠂ ᠦᠳᠳᠤᠷ ᠬᠦᠳᠡᠯᠤᠨ᠂ ᠰᠠᠯᠠᠭ᠎ᠠ ᠮᠦᠴᠢᠷ ᠬᠤᠯᠪᠤᠭᠠᠯᠴᠠᠨ᠂ ᠬᠦᠨᠳᠤ ᠪᠠᠷ ᠰᠢᠢᠳᠬᠡᠵᠤ᠂ ᠬᠠᠤᠯᠢ ᠪᠤᠰᠤ ᠵᠤᠬᠢᠶᠠᠨ ᠪᠠᠶᠢᠭᠤᠯᠤᠯᠳᠠ ᠳᠤ ᠴᠢᠩᠭ᠎ᠠ ᠴᠤᠬᠢᠯᠳᠠ ᠦᠭᠴᠤ᠂ ᠬᠠᠤᠯᠢ ᠪᠤᠰᠤ ᠵᠤᠬᠢᠶᠠᠨ ᠪᠠᠶᠢᠭᠤᠯᠤᠯᠳᠠ ᠲᠦᠯᠵᠢᠬᠦ ᠬᠦᠷᠤᠰᠤ ᠰᠢᠷᠤᠢ ᠶᠢ ᠤᠰᠠᠳᠬᠠᠨ᠂ ᠬᠠᠤᠯᠢ ᠪᠤᠰᠤ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠠᠵᠢᠯᠯᠠᠭᠠᠨ ᠤ ᠤᠷᠤᠨ ᠵᠠᠢ ᠶᠢ ᠢᠪᠴᠤᠤᠷᠠᠭᠤᠯᠵᠤ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠬᠦᠭᠵᠢᠯᠳᠡ ᠶᠢᠨ ᠤᠷᠴᠢᠨ ᠢ ᠠᠷᠢᠭᠤᠰᠬᠠᠨ᠂ ᠬᠠᠤᠯᠢ ᠪᠤᠰᠤ ᠨᠡᠶᠢᠬᠡᠮ ᠤᠨ ᠵᠤᠬᠢᠶᠠᠨ ᠪᠠᠶᠢᠭᠤᠯᠤᠯᠳᠠ ᠲᠤ ᠴᠤᠬᠢᠯᠳᠠ ᠦᠭᠴᠤ ᠴᠡᠭᠴᠡᠯᠡᠨ ᠵᠠᠰᠠᠬᠤ ᠡᠯ᠎ᠡ ᠵᠦᠢᠯ ᠤᠨ ᠡᠬᠦᠷᠬᠡ ᠶᠢ ᠦᠨᠳᠤᠷ ᠪᠠᠷᠢᠮᠵᠢᠶ᠎ᠠ ᠪᠠᠷ ᠦᠨᠳᠤᠷ ᠴᠢᠨᠰᠠᠭ᠎ᠠ ᠲᠠᠢ ᠪᠡᠶᠡᠯᠡᠬᠦᠯᠤᠨ᠂ ᠴᠤᠬᠢᠯᠳᠠ ᠦᠭᠴᠤ ᠴᠡᠭᠴᠡᠯᠡᠨ ᠵᠠᠰᠠᠬᠤ ᠠᠵᠢᠯ ᠤᠨ ᠰᠢᠯᠢᠳᠡᠭ ᠪᠦᠳᠦᠮᠵᠢ  ᠪᠠᠷ ᠨᠠᠮ ᠪᠠᠶᠢᠭᠤᠯᠤᠬᠳᠠᠬᠰᠠᠨ 100 ᠵᠢᠯ ᠤᠨ ᠤᠢ ᠶᠢ ᠪᠡᠯᠬᠡᠯᠡᠬᠦ ᠬᠡᠷᠡᠭᠳᠡᠢ᠃ 
 
ᠢᠷᠡᠯᠲᠡ᠄ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号