ᠰᠢ ᠶᠢᠨ ᠫᠢᠡᠭ ᠬᠤᠪᠢᠰᠬᠠᠯ ᠤᠨ ᠲᠡᠤᠬᠡᠨ ᠲᠤᠷᠠᠰᠬᠠᠯᠳᠤ ᠵᠦᠢᠯᠡᠰ ᠤᠨ ᠠᠵᠢᠯ ᠳᠤ ᠴᠢᠬᠤᠯᠨ ᠵᠢᠭᠠᠪᠤᠷᠢ ᠦᠭᠭᠦ  ᠳᠤ ᠪᠠᠨ ᠴᠢᠬᠤᠯᠠᠴᠢᠯᠠᠬᠰᠠᠨᠨ ᠨᠢ  ᠄ ᠬᠤᠪᠢᠰᠬᠠᠯ ᠤᠨ ᠲᠡᠤᠬᠡ ᠶᠢᠨ ᠲᠤᠷᠠᠰᠬᠠᠯᠳᠤ ᠵᠦᠢᠯᠡᠰ ᠢ ᠦᠨᠡᠨ ᠬᠦ ᠰᠠᠶᠢᠳᠤᠷ ᠬᠠᠮᠢᠶᠠᠷᠴᠤ ᠰᠠᠶᠢᠳᠤᠷ ᠬᠠᠮᠢᠶᠠᠷᠤᠨ‌‍ᠰᠠᠶᠢᠳᠤᠷ ᠬᠡᠷᠡᠭᠯᠡᠵᠤ ᠦᠷᠬᠡᠨ ᠤᠯᠠᠨ ᠺᠠᠳ᠋ᠷ ᠤᠯᠠᠨ ᠲᠦᠮᠡᠨ ᠤ ᠤᠶᠤᠨ ᠰᠠᠨᠠᠭᠠᠨ ᠤ ᠬᠦᠴᠤᠨ ᠴᠢᠳᠠᠯ ᠢ ᠪᠠᠳᠠᠷᠠᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2021/4/6
ᠰᠢᠨᠬᠤᠸ᠋ᠨ ᠬᠤᠷᠢᠶᠠᠨ ᠤ ᠪᠡᠬᠡᠵᠢᠩ ᠤᠨ 3 ᠳ᠋ᠤᠭᠠᠷ ᠰᠠᠷ᠎ᠠ ᠶᠢᠨ 30 ᠤ ᠡᠳᠤᠷ ᠤᠨ ᠴᠠᠬᠢᠯᠭᠠᠨ ᠮᠡᠳᠡᠭᠡ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠡᠭ ᠤᠶᠢᠷ᠎ᠠ ᠳᠤ ᠬᠤᠪᠢᠰᠬᠠᠯ ᠤᠨ ᠲᠡᠤᠬᠡ ᠶᠢᠨ ᠲᠤᠷᠠᠰᠬᠠᠯᠳᠤ ᠵᠦᠢᠯᠡᠰ ᠤᠨ ᠠᠵᠢᠯ ᠳᠤ ᠴᠢᠬᠤᠯᠨ ᠵᠢᠭᠠᠪᠤᠷᠢ ᠦᠭᠴᠤ᠂ ᠬᠤᠪᠢᠰᠬᠠᠯ ᠤᠨ ᠲᠡᠤᠬᠡ ᠶᠢᠨ ᠲᠤᠷᠠᠰᠬᠠᠯᠳᠤ ᠵᠦᠢᠯᠡᠰ ᠨᠢ ᠨᠠᠮ ᠪᠠ ᠠᠷᠠᠳ ᠲᠦᠮᠡᠨ ᠤ  ᠡᠷᠡᠯᠬᠡᠭ ᠪᠠᠭᠠᠳᠤᠷᠯᠢᠭ ᠢᠶᠠᠷ ᠲᠡᠮᠡᠴᠡᠭᠰᠡᠨ ᠦᠡᠭᠭᠡ ᠬᠡᠷᠡᠯᠳᠤ ᠲᠡᠤᠬᠡ ᠶᠢ ᠠᠴᠢᠶᠠᠯᠠᠵᠤ᠂ ᠲᠤᠮᠳᠠᠳᠤ ᠤᠯᠤᠰ ᠤᠨ ᠬᠤᠪᠢᠰᠬᠠᠯ  ᠤᠨ ᠠᠭᠤᠤ ᠶᠡᠭᠡ ᠦᠡᠭᠭᠡᠷᠡᠯᠳᠡ ᠪᠠ ᠬᠦᠮᠦᠰ ᠤᠨ ᠰᠡᠳᠬᠢᠯ ᠢ ᠬᠦᠳᠡᠯᠬᠡᠮ᠎ᠡ ᠦᠢᠯᠨ ᠶᠠᠪᠤᠳᠠᠯ ᠢ ᠲᠡᠮᠳᠡᠭᠯᠡᠵᠤ᠂ ᠨᠠᠮ ᠪᠠ ᠤᠯᠤᠰ ᠤᠨ ᠡᠷᠬᠢᠮ ᠨᠠᠨᠳᠢᠨ ᠦᠪ ᠬᠦᠷᠤᠩᠭᠡ ᠮᠥᠨ᠂ ᠬᠤᠪᠢᠰᠬᠠᠯᠳᠤ ᠤᠯᠠᠮᠵᠢᠯᠠᠯ ᠪᠠ ᠬᠤᠪᠢᠰᠬᠠᠯᠳᠤ ᠰᠤᠶᠤᠯ ᠢ ᠪᠠᠳᠠᠷᠠᠭᠤᠯᠬᠤ᠂ ᠨᠡᠶᠢᠬᠡᠮ ᠵᠢᠷᠤᠮ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠤ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠬᠡ ᠶᠢ ᠬᠦᠭᠵᠢᠬᠡᠬᠦ᠂ ᠦᠨᠳᠤᠰᠤᠳᠡᠨ ᠤ ᠵᠤᠷᠢᠭ ᠰᠠᠨᠠᠭ᠎ᠠ ᠶᠢ ᠬᠦᠭᠵᠢᠬᠡᠬᠦ ᠠᠮᠢᠳᠤᠯᠢᠭ ᠵᠢᠭᠠᠬᠤ ᠮᠠᠲ᠋ᠧᠷᠢᠶᠠᠯ ᠮᠥᠨ ᠭᠡᠵᠤ ᠵᠢᠭᠠᠵᠤ ᠭᠠᠷᠭᠠᠪᠠ᠃    ᠰᠢ   ᠶᠢᠨ ᠫᠢᠡᠭ᠂ ᠬᠤᠪᠢᠰᠬᠠᠯ ᠤᠨ ᠲᠡᠤᠬᠡ ᠶᠢᠨ ᠲᠤᠷᠠᠰᠬᠠᠯᠳᠤ ᠵᠦᠢᠯᠡᠰ ᠢ ᠬᠠᠮᠠᠭᠠᠯᠠᠬᠤ ᠪᠠ ᠠᠰᠢᠬᠯᠠᠬᠤ ᠶᠢ ᠴᠢᠩᠭᠠᠳᠬᠠᠵᠤ᠂ ᠬᠤᠪᠢᠰᠬᠠᠯᠳᠤ ᠰᠤᠶᠤᠯ ᠢ ᠪᠠᠳᠠᠷᠠᠭᠤᠯᠤᠨ᠂ ᠬᠤᠪᠢᠰᠬᠠᠯ ᠤᠨ ᠤᠯᠠᠮᠵᠢᠯᠠᠯ ᠢ ᠵᠠᠯᠭᠠᠮᠵᠢᠯᠠᠬᠤ ᠪᠤᠯ ᠪᠦᠬᠦ ᠨᠠᠮ ᠪᠦᠬᠦ ᠨᠡᠶᠢᠬᠡᠮ ᠤᠨ ᠬᠠᠮᠳᠤ ᠶᠢᠨ ᠬᠠᠷᠢᠭᠤᠴᠠᠯᠭ᠎ᠠ ᠮᠥᠨ᠃ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠤᠪᠢᠰᠬᠠᠯ ᠤᠨ ᠲᠡᠤᠬᠡ ᠶᠢᠨ ᠲᠤᠷᠠᠰᠬᠠᠯᠳᠤ ᠵᠦᠢᠯᠡᠰ ᠢ ᠬᠠᠮᠠᠭᠠᠯᠠᠬᠤ ᠪᠠ ᠠᠰᠢᠬᠯᠠᠬᠤ ᠠᠵᠢᠯ ᠢ ᠡᠳᠤᠷ ᠲᠤᠳᠤᠮ  ᠤᠨ ᠴᠢᠬᠤᠯᠨ ᠵᠦᠪᠯᠡᠬᠦ ᠵᠦᠢᠯ ᠳᠤ ᠪᠠᠨ ᠤᠷᠤᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠬᠤᠪᠢᠰᠬᠠᠯ ᠤᠨ ᠲᠡᠤᠬᠡ ᠶᠢᠨ ᠲᠤᠷᠠᠰᠬᠠᠯᠳᠤ ᠵᠦᠢᠯᠡᠰ ᠢ ᠦᠨᠡᠨ ᠬᠦ ᠰᠠᠶᠢᠳᠤᠷ ᠬᠠᠮᠠᠭᠠᠠᠯᠠᠵᠤ᠂ ᠰᠠᠶᠢᠳᠤᠷ ᠬᠠᠮᠢᠶᠠᠷᠴᠤ᠂ ᠰᠠᠶᠢᠳᠤᠷ ᠬᠡᠷᠡᠭᠯᠡᠵᠤ ᠂ ᠬᠤᠪᠢᠰᠬᠠᠯ ᠤᠨ ᠲᠡᠤᠬᠡ ᠶᠢᠨ ᠲᠤᠷᠠᠰᠬᠠᠯᠳᠤ ᠵᠦᠢᠯᠡᠰ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ᠂ ᠬᠤᠪᠢᠰᠬᠠᠯᠳᠤ ᠤᠯᠠᠮᠵᠢᠯᠠᠯ ᠤᠨ ᠬᠦᠮᠦᠵᠢᠯ᠂ ᠤᠯᠤᠰ ᠢᠶᠠᠨ ᠬᠠᠶᠢᠷᠠᠯᠠᠬᠤ  ᠦᠵᠡᠯ ᠤᠨ ᠬᠦᠮᠦᠵᠢᠯ ᠵᠡᠷᠬᠡ ᠲᠠᠯ᠎ᠠ ᠳᠤ ᠬᠢ ᠴᠢᠬᠤᠯᠨ ᠦᠢᠯᠡᠳᠤᠯ ᠢ ᠰᠠᠶᠢᠳᠤᠷ ᠪᠠᠳᠠᠷᠠᠭᠤᠯᠵᠤ᠂ ᠦᠷᠬᠡᠨ ᠤᠯᠠᠨ ᠺᠠᠳ᠋ᠷ ᠤᠯᠠᠨ ᠲᠦᠮᠡᠨ ᠤ ᠤᠶᠤᠨ ᠰᠠᠨᠠᠭᠠᠨ ᠤ ᠬᠦᠴᠤᠨ ᠴᠢᠳᠠᠯ ᠢ ᠪᠠᠳᠠᠷᠠᠭᠤᠯᠤᠨ᠂ ᠢᠳᠡᠬᠡᠯ ᠲᠡᠬᠦᠯᠳᠡᠷ ᠢᠶᠠᠷ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ᠂ ᠲᠤᠮᠳᠠᠳᠤ ᠶᠢᠨ ᠦᠨᠳᠤᠰᠤᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ  ᠶᠢᠨ ᠵᠡᠬᠦᠳᠤ ᠶᠢ ᠲᠡᠷᠬᠡᠯᠰᠢᠬᠦᠯᠬᠦ ᠪᠠᠷ ᠲᠦᠯᠦᠬᠡ ᠲᠡᠮᠡᠴᠡᠬᠦ ᠬᠡᠷᠡᠭᠳᠡᠢ ᠭᠡᠵᠤ ᠴᠢᠬᠤᠯᠠᠴᠢᠯᠠᠪᠠ᠃    ᠪᠦᠬᠦ ᠤᠯᠤᠰ ᠤᠨ ᠬᠤᠪᠢᠰᠬᠠᠯ ᠤᠨ ᠲᠡᠤᠬᠡ ᠶᠢᠨ ᠲᠤᠷᠠᠰᠬᠠᠯᠳᠤ ᠵᠦᠢᠯᠡᠰ ᠤᠨ ᠠᠵᠢᠯ ᠤᠨ ᠬᠤᠷᠠᠯᠳᠤᠭᠠᠨ 3 ᠳ᠋ᠤᠭᠠᠷ ᠰᠠᠷ᠎ᠠ   ᠶᠢᠨ 30   ᠤ ᠡᠳᠤᠷ ᠪᠡᠬᠡᠵᠢᠩ ᠳᠤ ᠬᠤᠷᠠᠯᠳᠤᠪᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠦᠷᠤ ᠶᠢᠨ ᠶᠠᠪᠤᠳᠠᠯ ᠤᠨ ᠬᠤᠷᠢᠶᠠᠨ ᠤ ᠲᠡᠳ᠋ ᠶᠡᠷᠤᠩᠭᠡᠢ ᠰᠠᠶᠢᠳ ᠰᠦᠨ ᠴᠦᠨ ᠯᠠᠨ ᠬᠤᠷᠠᠯ ᠲᠡᠬᠡᠷ᠎ᠡ ᠰᠢ ᠶᠢᠨ ᠫᠢᠡᠭ ᠶᠡᠷᠤᠩᠬᠡᠢ ᠱᠦᠵᠢ ᠶᠢᠨ ᠴᠢᠬᠤᠯᠨ ᠵᠢᠭᠠᠪᠤᠷᠢ ᠶᠢ ᠲᠠᠮᠵᠢᠭᠤᠯᠪᠠ᠃     ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠦᠪ ᠤᠨ ᠤᠬᠭᠤᠯᠬᠤ ᠬᠡᠯᠳᠡᠰ ᠤᠨ ᠲᠠᠷᠤᠭ᠎ᠠ ᠬᠤᠸᠠᠩ ᠺᠦᠨ ᠮᠢᠩ ᠬᠤᠷᠠᠯ ᠲᠡᠬᠡᠷ᠎ᠡ ᠶᠠᠷᠢᠶ᠎ᠠ ᠲᠠᠯᠪᠢᠬᠤ ᠳᠤ ᠪᠠᠨ ᠵᠢᠭᠠᠬᠰᠠᠨ ᠨᠢ᠂  ᠰᠢ ᠶᠢᠨ ᠫᠢᠡᠭ ᠶᠡᠷᠤᠩᠭᠡᠢ ᠱᠦᠵᠢ ᠶᠢᠨ ᠴᠢᠬᠤᠯᠨ ᠵᠢᠭᠠᠪᠤᠷᠢ ᠨᠢ ᠬᠤᠪᠢᠰᠬᠠᠯ ᠤᠨ ᠲᠡᠤᠬᠡ ᠶᠢᠨ ᠲᠤᠷᠠᠰᠬᠠᠯᠳᠤ ᠵᠦᠢᠯᠡᠰ ᠤᠨ ᠠᠵᠢᠯ ᠤᠨ ᠴᠢᠬᠤᠯᠨ ᠠᠴᠢ ᠬᠤᠯᠪᠤᠬᠳᠠᠯ᠂ ᠬᠠᠷᠠᠯᠳᠠ ᠡᠬᠦᠷᠬᠡ ᠪᠠ ᠦᠨᠳᠤᠰᠤᠨ ᠱᠠᠭᠠᠷᠳᠠᠯᠭ᠎ᠠ  ᠶᠢ ᠬᠦᠨᠵᠡᠬᠡᠢ ᠲᠤᠭᠠᠴᠢᠨ ᠦᠬᠦᠯᠡᠵᠤ᠂ ᠰᠢ ᠶᠢᠨ ᠫᠢᠡᠭ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠬᠤᠪᠢᠰᠬᠠᠯ ᠤᠨ ᠲᠡᠤᠬᠡ ᠶᠢᠨ ᠲᠤᠷᠠᠰᠬᠠᠯᠳᠤ ᠵᠦᠢᠯᠡᠰ ᠤᠨ ᠠᠵᠢᠯ ᠢ ᠲᠡᠬᠡᠳᠤ ᠬᠡᠮᠵᠢᠶ᠎ᠡ ᠪᠠᠷ ᠬᠦᠨᠳᠤᠳᠬᠡᠵᠤ ᠪᠠᠶᠢᠭ᠎ᠠ ᠶᠢ ᠢᠯᠡᠷᠡᠬᠦᠯᠦᠭᠰᠡᠨ ᠶᠤᠮ᠂ ᠰᠢᠨ᠎ᠡ ᠴᠠᠭ ᠦᠶ᠎ᠡ ᠶᠢᠨ ᠬᠤᠪᠢᠰᠬᠠᠯ ᠤᠨ ᠲᠡᠤᠬᠡ ᠶᠢᠨ ᠲᠤᠷᠠᠰᠬᠠᠯᠳᠤ ᠵᠦᠢᠯᠡᠰ ᠤᠨ ᠠᠵᠢᠯ ᠤᠨ ᠦᠨᠳᠤᠰᠤᠨ ᠵᠢᠷᠤᠮᠯᠠᠯ ᠮᠥᠨ᠃ ᠰᠢ ᠶᠢᠨ ᠫᠢᠡᠭ ᠶᠡᠷᠤᠩᠭᠡᠢ ᠱᠦᠵᠢ ᠶᠢᠨ ᠴᠢᠬᠤᠯᠨ ᠵᠢᠭᠠᠪᠤᠷᠢ ᠶᠢ ᠬᠢᠨᠠᠮᠠᠭᠠᠢ ᠰᠤᠷᠤᠯᠴᠠᠨ᠂ ᠬᠤᠪᠢᠰᠬᠠᠯ ᠤᠨ ᠲᠡᠤᠬᠡ ᠶᠢᠨ ᠲᠤᠷᠠᠰᠬᠠᠯᠳᠤ ᠵᠦᠢᠯᠡᠰ ᠤᠨ ᠠᠵᠢᠯ ᠪᠤᠯ ᠬᠤᠪᠢᠰᠬᠠᠯ ᠤᠨ ᠲᠡᠤᠬᠡ ᠶᠢ ᠬᠡᠷᠡᠴᠢᠯᠡᠬᠦ᠂ ᠬᠤᠪᠢᠰᠬᠠᠯᠳᠤ ᠵᠤᠷᠢᠭ ᠰᠠᠨᠠᠭ᠎ᠠ ᠶᠢ ᠪᠠᠳᠠᠷᠠᠭᠤᠯᠬᠤ ᠲᠠᠯ᠎ᠠ ᠪᠠᠷ ᠬᠢ ᠴᠢᠬᠤᠯᠨ ᠦᠢᠯᠡᠳᠤᠯ ᠢ ᠬᠦᠢᠴᠡᠳ ᠲᠠᠨᠢᠵᠤ᠂ ᠰᠢᠨ᠎ᠡ ᠴᠠᠭ ᠦᠶ᠎ᠡ᠂ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ ᠬᠠᠮᠠᠭᠠᠯᠠᠬᠤ᠂ ᠬᠠᠮᠢᠶᠠᠷᠬᠤ᠂ ᠬᠡᠷᠡᠭᠯᠡᠬᠦ ᠡᠯ᠎ᠡ ᠲᠦᠷᠤᠯ ᠤᠨ ᠠᠵᠢᠯ ᠢ ᠨᠢᠬᠡᠳᠤᠯᠳᠡᠢ ᠪᠠᠷ ᠰᠠᠶᠢᠳᠤᠷ ᠬᠢᠵᠤ᠂ ᠬᠤᠪᠢᠰᠬᠠᠯ ᠤᠨ ᠲᠡᠤᠬᠡ ᠶᠢᠨ ᠲᠤᠷᠠᠰᠬᠠᠯᠳᠤ ᠵᠦᠢᠯᠡᠰ ᠤᠨ ᠠᠵᠢᠯ ᠤᠨ ᠰᠢᠨ᠎ᠡ ᠪᠠᠶᠢᠳᠠᠯ ᠢ ᠠᠬᠢᠭᠤᠯᠬᠤ ᠬᠡᠷᠡᠭᠳᠡᠢ᠃     ᠤᠯᠤᠰ ᠤᠨ ᠲᠡᠤᠬᠡ ᠶᠢᠨ ᠲᠤᠷᠠᠰᠬᠠᠯᠳᠤ ᠵᠦᠢᠯᠡᠰ ᠤᠨ ᠲᠤᠪᠴᠢᠶ᠎ᠠ᠂ ᠤᠯᠤᠰ ᠤᠨ ᠬᠦᠭᠵᠢᠬᠦᠯᠤᠯᠳᠡ ᠦᠬᠡᠷᠡᠴᠢᠯᠡᠯᠳᠡ  ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ ᠪᠤᠯᠤᠨ ᠵᠢᠶᠠᠩᠰᠢ᠂ ᠱᠠᠨᠰᠢ᠂ ᠬᠤᠨᠠᠨ ᠮᠤᠵᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠬᠦᠳ ᠶᠡᠭᠡ ᠬᠤᠷᠠᠯ ᠲᠡᠬᠡᠷ᠎ᠡ ᠢᠯᠡᠳᠬᠡᠯ ᠬᠢᠵᠡᠢ᠃      ᠡᠯ᠎ᠡ  ᠮᠤᠵᠢ ᠤᠷᠤᠨ ᠬᠤᠳᠠ ᠪᠠ ᠰᠢᠨᠵᠢᠶᠠᠩ ᠤᠨ ᠦᠢᠯᠡᠳᠪᠤᠷᠢᠯᠡᠯ ᠤᠨ ᠪᠢᠡᠭᠲ᠋ᠤᠸ᠋ᠨᠨ᠂ ᠲᠦᠪ ᠬᠤᠷᠢᠶ᠎ᠠ ᠪᠠ ᠤᠯᠤᠰ ᠤᠨ ᠪᠠᠶᠢᠭᠤᠯᠭ᠎ᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ᠂ ᠬᠤᠪᠢᠰᠬᠠᠯ ᠤᠨ ᠲᠡᠤᠬᠡ ᠶᠢᠨ ᠲᠤᠷᠠᠰᠬᠠᠯᠳᠤ ᠵᠦᠢᠯᠡᠰ ᠢ ᠬᠠᠮᠠᠭᠠᠯᠠᠵᠤ ᠠᠰᠢᠬᠯᠠᠬᠰᠠᠨ ᠬᠡᠰᠡᠭ ᠲᠤᠭᠤᠷᠢᠭ ᠤᠨ ᠲᠦᠯᠦᠬᠡᠯᠡᠭᠴᠢ᠂ ᠬᠤᠪᠢᠰᠬᠠᠯ ᠤᠨ ᠲᠡᠤᠬᠡ  ᠶᠢᠨ ᠲᠤᠷᠠᠰᠬᠠᠯᠳᠤ ᠵᠦᠢᠯᠡᠰ ᠤᠨ ᠲᠤᠰᠬᠠᠢ ᠮᠡᠷᠬᠡᠵᠢᠯᠳᠡᠨ ᠤ ᠲᠦᠯᠦᠭᠡᠯᠡᠭᠴᠢᠳ ᠬᠤᠷᠠᠯ ᠳᠤ ᠤᠷᠤᠯᠴᠠᠪᠠ᠃  
 
ᠢᠷᠡᠯᠲᠡ᠄ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号