ᠤᠯᠠᠭᠠᠨᠴᠠᠪ ᠬᠤᠳᠠ ᠡᠮᠨᠡᠯᠬᠡ ᠨᠠᠰᠤᠵᠢᠯ ᠢ ᠤᠶᠠᠯᠳᠤᠭᠤᠯᠬᠤ ᠨᠠᠰᠤᠵᠢᠯ ᠤᠨ ᠦᠢᠯᠡᠴᠢᠯᠡᠬᠡᠨ ᠢ ᠶᠡᠭᠡ ᠪᠠᠷ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/5/10
   ᠤᠯᠠᠭᠠᠨᠴᠠᠪ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠬᠦᠳᠡᠯᠮᠤᠷᠢ ᠶᠢᠨ ᠴᠢᠳᠠᠪᠤᠷᠢ ᠪᠠᠨ ᠪᠦᠷᠢᠮᠤᠰᠤᠨ ᠠᠯᠳᠠᠬᠰᠠᠨ ᠪᠠ ᠬᠦᠳᠡᠯᠮᠤᠷᠢ ᠶᠢᠨ ᠴᠢᠳᠠᠪᠤᠷᠢ ᠪᠠᠨ ᠬᠠᠭᠠᠰ ᠲᠤᠳᠠᠭᠤ ᠠᠯᠳᠠᠬᠰᠠᠳ ᠤᠨ ᠨᠠᠰᠤᠵᠢᠯ  ᠤᠨ ᠠᠰᠠᠭᠤᠳᠠᠯ ᠢ ᠰᠢᠢᠳᠪᠤᠷᠢᠯᠡᠬᠦ ᠶᠢᠨ ᠲᠤᠭᠤᠷᠢᠨ ᠳᠤ ︽ᠡᠮᠨᠡᠯᠬᠡ ᠨᠠᠰᠤᠵᠢᠯ ᠢ ᠤᠶᠠᠯᠳᠤᠭᠤᠯᠤᠬᠰᠠᠨ︾ ᠨᠠᠰᠤᠵᠢᠯ  ᠤᠨ ᠰᠢᠨ᠎ᠡ ᠬᠡᠯᠪᠡᠷᠢ ᠶᠢ ᠰᠦᠪᠡᠭᠴᠢᠯᠡᠵᠤ᠂ ︽ᠡᠮ ᠡᠮᠨᠡᠯᠬᠡ ᠡᠷᠡᠬᠦᠯ ᠬᠠᠮᠠᠭᠠᠯᠠᠯ ᠪᠠ ᠨᠠᠰᠤᠵᠢᠯ ᠤᠨ ᠦᠢᠯᠡᠴᠢᠯᠡᠬᠡᠨ  ᠢ ᠬᠠᠷᠢᠯᠴᠠᠨ ᠤᠶᠠᠯᠳᠤᠭᠤᠯᠬᠤ ᠶᠢ ᠠᠬᠢᠭᠤᠯᠬᠤ ᠳᠤ ᠬᠡᠷᠡᠭᠵᠢᠬᠦᠯᠬᠦ ᠰᠠᠨᠠᠯ︾᠂ ︽ᠤᠯᠠᠭᠠᠨᠴᠠᠪ ᠬᠤᠳᠠ ᠨᠡᠶᠢᠬᠡᠮ  ᠤᠨ ᠬᠦᠴᠤᠨ ᠤᠯᠠᠨ ᠲᠡᠰ ᠲᠠᠪᠬᠤᠷᠭ᠎ᠠ ᠤᠯᠠᠨ ᠶᠠᠩᠵᠤᠳᠤ ᠡᠮ ᠡᠮᠨᠡᠯᠬᠡ ᠶᠢᠨ ᠦᠢᠯᠡᠴᠢᠯᠡᠬᠡᠨ ᠢ ᠲᠡᠮᠵᠢᠬᠦ ᠳᠤ ᠬᠡᠷᠡᠭᠵᠢᠬᠦᠯᠬᠦ ᠲᠦᠰᠤᠯ︾ ᠵᠡᠷᠬᠡ ᠰᠢᠷᠢᠰ ᠲᠦᠷᠤ ᠶᠢᠨ ᠪᠤᠳᠤᠯᠭ᠎ᠠ ᠭᠠᠷᠭᠠᠬᠤ ᠶᠢ ᠠᠬᠢᠭᠤᠯᠵᠤ᠂ ᠨᠡᠶᠢᠬᠡᠮ ᠤᠨ ᠬᠦᠴᠤᠨ ᠡᠮᠨᠡᠯᠬᠡ ᠨᠠᠰᠤᠵᠢᠯ ᠢ ᠤᠶᠠᠯᠳᠤᠭᠤᠯᠤᠬᠰᠠᠨ ᠨᠠᠰᠤᠵᠢᠯ ᠤᠨ ᠦᠢᠯᠡᠴᠢᠯᠡᠬᠡᠨ ᠤ ᠬᠦᠷᠢᠶ᠎ᠡ ᠴᠠᠷᠠᠭ᠎ᠠ ᠳᠤ ᠤᠷᠤᠯᠴᠠᠬᠤ ᠶᠢ ᠵᠤᠷᠢᠭᠵᠢᠭᠤᠯᠵᠤ᠂ ᠨᠠᠰᠤᠵᠢᠯ ᠤᠨ ᠪᠠᠶᠢᠭᠤᠯᠤᠮᠵᠢ ᠶᠢᠨ ᠲᠤᠳᠤᠭᠠᠳᠤ ᠳᠤ ᠪᠠᠨ ᠪᠠᠶᠢᠭᠤᠯᠤᠬᠰᠠᠨ ᠡᠮᠨᠡᠬᠦ ᠭᠠᠵᠠᠷ᠂ ᠡᠮᠨᠡᠯᠬᠡ ᠶᠢᠨ ᠲᠠᠰᠤᠭ᠂ ᠰᠤᠪᠢᠯᠠᠬᠤ ᠦᠷᠳᠡᠭᠡ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠢ ᠦᠬᠡᠢ ᠪᠤᠯᠭᠠᠵᠤ᠂ ᠲᠠᠩᠰᠠ ᠡᠪᠬᠡᠮᠡᠯ ᠪᠠᠶᠢᠭᠤᠯᠬᠤ ᠬᠠᠮᠢᠶᠠᠷᠤᠯᠳᠠ ᠶᠢ ᠬᠡᠷᠡᠭᠵᠢᠬᠦᠯᠪᠡ᠃       ᠤᠳᠤᠬᠠᠨ ᠳᠤ ᠤᠯᠠᠭᠠᠨᠴᠠᠪ ᠬᠤᠳᠠ ᠶᠢᠨ 38 ᠨᠠᠰᠤᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠪᠦᠷ ᠡᠮᠨᠡᠯᠬᠡ ᠶᠢᠨ ᠲᠠᠰᠤᠭ ᠪᠤᠶᠤ ᠡᠮᠨᠡᠯᠬᠡ ᠶᠢᠨ ᠬᠤᠷᠢᠶ᠎ᠠ᠂ ᠡᠷᠡᠬᠦᠯ ᠬᠠᠮᠠᠭᠠᠯᠠᠯ ᠤᠨ ᠬᠤᠷᠢᠶ᠎ᠠ ᠲᠠᠢ ᠬᠤᠷᠰᠢᠬᠤ ᠵᠡᠷᠬᠡ ᠠᠷᠭ᠎ᠠ ᠪᠠᠷ ᠡᠮᠨᠡᠯᠬᠡ ᠨᠠᠰᠤᠵᠢᠯ ᠢ ᠤᠶᠠᠯᠳᠤᠭᠤᠯᠬᠤ ᠦᠢᠯᠡᠴᠢᠯᠡᠭᠡ ᠶᠢ ᠪᠦᠬᠦ ᠲᠠᠯ᠎ᠠ ᠪᠠᠷ ᠦᠷᠨᠢᠬᠦᠯᠦᠭᠰᠡᠨ ᠪᠦᠬᠡᠳ ᠵᠢᠨᠢᠩ ᠲᠤᠭᠤᠷᠢᠭ ᠤᠨ ᠬᠤᠸ᠋ᠨ ᠮᠸᠡᠭ ᠨᠠᠰᠤᠵᠢᠯ ᠡᠷᠡᠬᠦᠯᠵᠢᠯ ᠤᠨ ᠲᠦᠪ ᠵᠡᠷᠬᠡ ︽ᠡᠮᠨᠡᠯᠬᠡ ᠨᠠᠰᠤᠵᠢᠯ ᠢ ᠤᠶᠠᠯᠳᠤᠭᠤᠯᠤᠬᠰᠠᠨ︾ ᠠᠩᠬᠠᠨ ᠤ ᠨᠢᠬᠡ ᠪᠦᠯᠦᠭ ᠬᠡᠪ ᠲᠠᠭᠤᠷᠢᠶᠠᠯ ᠢ ᠪᠤᠢ ᠪᠤᠯᠭᠠᠬᠰᠠᠨ ᠪᠠᠶᠢᠨ᠎ᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号