ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠨ ᠶᠢᠨ ᠨᠡᠶᠢᠳᠡᠮ ᠤᠨ ᠪᠠᠶᠢᠴᠠᠭᠠᠯᠳᠠ ᠶᠢᠨ ᠠᠯᠪᠠᠨ ᠮᠡᠳᠡᠬᠡᠨ ᠳᠤ ᠢᠯᠡᠷᠡᠬᠦᠯᠦᠭᠰᠡᠨ ᠨᠢ᠄ ᠦᠪᠤᠷ ᠮᠤᠩᠭᠤᠯ ᠤᠨ ᠪᠠᠶᠢᠡᠭᠭᠤ ᠰᠠᠭᠤᠭ᠎ᠠ ᠬᠦᠮᠦᠨ ᠠᠮᠨ 2404.9 ᠪᠤᠯᠵᠠᠢ
ᠨᠡᠶᠢᠲᠡᠯᠡᠭᠰᠡᠨ ᠴᠠᠭ᠄
2021/5/14
 ᠤᠯᠤᠰ ᠤᠨ ᠲᠤᠭ᠎ᠠ ᠪᠦᠷᠢᠳᠬᠡᠯ ᠤᠨ  ᠲᠤᠪᠴᠢᠶ᠎ᠠ 5 ᠳ᠋ᠤᠭᠠᠷ ᠰᠠᠷ᠎ᠠ ᠶᠢᠨ 11 ᠤ ᠡᠳᠤᠷ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠨ ᠶᠢᠨ ᠨᠡᠶᠢᠳᠡᠮ ᠤᠨ ᠪᠠᠶᠢᠴᠠᠭᠠᠯᠳᠠ ᠶᠢᠨ ᠠᠯᠪᠠᠨ ᠮᠡᠳᠡᠭᠡ ᠶᠢ ᠨᠡᠶᠢᠳᠡᠯᠡᠪᠡ᠃ ᠠᠯᠪᠠᠨ ᠮᠡᠳᠡᠬᠡᠨ ᠳᠤ ᠢᠯᠡᠷᠡᠬᠦᠯᠦᠭᠰᠡᠨ ᠨᠢ᠄ ᠦᠪᠤᠷ ᠮᠤᠩᠭᠤᠯ ᠤᠨ ᠪᠠᠶᠢᠡᠭᠭᠤ ᠰᠠᠭᠤᠭ᠎ᠠ ᠬᠦᠮᠦᠨ ᠠᠮᠨ 24049155 ᠪᠤᠯᠵᠤ᠂ ᠪᠦᠬᠦ ᠤᠯᠤᠰ ᠤᠨ ᠬᠦᠮᠦᠨ ᠠᠮᠨ ᠶᠢᠨ ᠬᠠᠷᠢᠴᠠᠯ ᠤᠨ 1.70% ᠶᠢ ᠡᠵᠡᠯᠡᠨ᠂ 2010 ᠤᠨ ᠤ ᠵᠢᠷᠭᠤᠳᠤᠭᠠᠷ ᠤᠳᠠᠭᠠᠨ ᠤ ᠬᠦᠮᠦᠨ ᠠᠮᠨ ᠶᠢᠨ ᠨᠡᠶᠢᠳᠡᠮ ᠤᠨ ᠪᠠᠶᠢᠴᠠᠭᠠᠯᠳᠠ ᠶᠢᠨ ᠳ᠋ᠦᠡᠭ ᠲᠠᠢ ᠬᠠᠷᠢᠴᠠᠭᠤᠯᠪᠠᠯ ᠬᠠᠷᠢᠴᠠᠯ ᠨᠢ 0.14% ᠪᠠᠷ ᠲᠤᠷᠤᠬᠰᠢᠯᠠᠵᠠᠢ᠃  ᠬᠦᠮᠦᠨ ᠠᠮᠨ ᠶᠢᠨ ᠬᠦᠢᠰᠤ ᠢᠯᠭᠠᠯ ᠤᠨ ᠪᠦᠳᠤᠴᠨ ᠠᠴᠠ ᠦᠵᠡᠪᠡᠯ᠂ ᠦᠪᠤᠷ ᠮᠤᠩᠭᠤᠯ ᠤᠨ ᠬᠦᠮᠦᠨ ᠠᠮᠨ  ᠶᠢᠨ ᠲᠤᠳᠤᠷ᠎ᠠ ᠡᠷᠡᠭᠳᠡᠢ ᠬᠦᠮᠦᠨ 51.04% ᠶᠢ ᠡᠵᠡᠯᠡᠨ᠂ ᠡᠮᠡᠭᠳᠡᠢ ᠬᠦᠮᠦᠨ 48.96% ᠶᠢ ᠡᠵᠡᠯᠡᠨ᠎ᠡ᠃ ᠬᠦᠮᠦᠨ ᠠᠮᠨ ᠶᠢᠨ ᠨᠠᠰᠤᠨ ᠵᠢᠯ ᠤᠨ ᠪᠦᠳᠤᠴᠨ ᠠᠴᠠ ᠦᠵᠡᠪᠡᠯ ᠪᠦᠬᠦ ᠤᠷᠤᠨ ᠳᠤ 0 —14 ᠨᠠᠰᠤᠨ ᠤ ᠬᠦᠮᠦᠨ ᠠᠮᠨ  ᠶᠢᠨ ᠬᠠᠷᠢᠴᠠᠯ 14.01% ᠶᠢ ᠡᠵᠡᠯᠡᠨ᠂ 15 —59 ᠨᠠᠰᠤᠨ ᠤ ᠬᠦᠮᠦᠨ ᠠᠮᠨ ᠶᠢᠨ ᠬᠠᠷᠢᠴᠠᠯ 66.17%  ᠶᠢ ᠡᠵᠡᠯᠡᠨ᠂60 ᠨᠠᠰᠤᠨ ᠠᠴᠠ ᠲᠡᠭᠡᠭᠰᠢᠬᠢ ᠬᠦᠮᠦᠨ ᠠᠮᠨ ᠶᠢᠨ ᠬᠠᠷᠢᠴᠠᠯ 19.78% ᠶᠢ ᠡᠵᠡᠯᠡᠨ᠎ᠡ᠃ ᠬᠦᠮᠦᠨ ᠠᠮᠨ ᠶᠢᠨ ᠰᠤᠷᠭᠠᠨ ᠬᠦᠮᠦᠵᠢᠯ ᠬᠦᠷᠳᠡᠭᠰᠡᠨ ᠪᠠᠶᠢᠳᠠᠯ ᠠᠴᠠ ᠦᠵᠡᠪᠡᠯ ᠪᠦᠬᠦ ᠤᠷᠤᠨ ᠳᠤ 10 ᠲᠦᠮᠡᠨ ᠬᠦᠮᠦᠨ ᠤ ᠲᠤᠳᠤᠷ᠎ᠠ ᠶᠡᠭᠡ ᠰᠤᠷᠭᠠᠭᠤᠯᠢ ︵ᠲᠡᠬᠡᠳᠤ ᠵᠡᠷᠬᠡ ᠶᠢᠨ ᠲᠤᠰᠬᠠᠢ ᠮᠡᠷᠬᠡᠵᠢᠯ ᠠᠴᠠ ᠲᠡᠭᠡᠭᠰᠢᠬᠢ︶ ᠶᠢᠨ ᠰᠤᠶᠤᠯ ᠤᠨ ᠬᠢᠷᠢ ᠬᠡᠮᠵᠢᠶ᠎ᠡ ᠲᠠᠢ ᠬᠦᠮᠦᠨ ᠠᠮᠨ 18688 ᠬᠦᠮᠦᠨ ᠪᠠᠶᠢᠵᠤ᠂ ᠦᠨᠳᠤᠷ ᠲᠤᠮᠳᠠᠳᠤ ︵ᠲᠤᠮᠳᠠ ᠵᠡᠷᠬᠡ ᠶᠢᠨ ᠲᠤᠰᠬᠠᠢ ᠮᠡᠷᠬᠡᠵᠢᠯ ᠢ ᠪᠠᠭᠳᠠᠭᠠᠨ᠎ᠠ︶ ᠶᠢᠨ ᠰᠤᠶᠤᠯ ᠤᠨ ᠬᠢᠷᠢ ᠬᠡᠮᠵᠢᠶ᠎ᠡ ᠲᠠᠢ ᠬᠦᠮᠦᠨ ᠠᠮᠨ14814 ᠪᠠᠶᠢᠵᠤ᠂ ᠠᠩᠬ᠎ᠠ ᠲᠤᠮᠳᠠᠳᠤ ᠶᠢᠨ ᠰᠤᠶᠤᠯ ᠤᠨ ᠬᠢᠷᠢ ᠬᠡᠮᠵᠢᠶ᠎ᠡ ᠲᠠᠢ ᠬᠦᠮᠤᠨ ᠠᠮᠨ 33861 ᠬᠦᠮᠦᠨ ᠪᠠᠶᠢᠵᠤ᠂ ᠪᠠᠭ᠎ᠠ ᠰᠤᠷᠭᠠᠭᠤᠯᠢ ᠶᠢᠨ ᠰᠤᠶᠤᠯ ᠤᠨ ᠬᠢᠷᠢ ᠬᠡᠮᠵᠢᠶ᠎ᠡ ᠲᠠᠢ ᠬᠦᠮᠦᠨ ᠠᠮᠨ 2362 ᠪᠤᠢ᠃  ᠵᠢᠷᠭᠤᠳᠤᠭᠠᠷ ᠤᠳᠠᠭᠠᠨ ᠤ ᠬᠦᠮᠦᠨ ᠠᠮᠨ ᠶᠢᠨ ᠨᠡᠶᠢᠳᠡᠮ ᠤᠨ ᠪᠠᠶᠢᠴᠠᠭᠠᠯᠳᠠ ᠲᠠᠢ ᠬᠠᠷᠢᠴᠠᠭᠤᠯᠪᠠᠯ ᠮᠠᠨ ᠤ ᠤᠷᠤᠨ ᠤ 15 ᠨᠠᠰᠤᠨ ᠠᠴᠠ ᠲᠡᠭᠡᠭᠰᠢᠬᠢ ᠬᠦᠮᠦᠨ ᠠᠮᠨ ᠶᠢᠨ ᠰᠤᠷᠭᠠᠨ ᠬᠦᠮᠤᠵᠢᠯ ᠬᠦᠷᠳᠡᠭᠰᠡᠨ ᠬᠠᠷᠢᠴᠠᠯ 9.22 ᠠᠴᠠ ᠪᠠᠨ 10.08 ᠪᠤᠯᠤᠨ ᠨᠡᠮᠡᠭᠳᠡᠵᠡᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号