| | ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ᠂ ᠨᠠᠮ ᠤᠨ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠷᠠᠳ ᠤᠨ ᠶᠠᠪᠤᠳᠠᠯ ᠤᠨ | ᠲᠢᠩᠬᠢᠮ ᠤᠨ ︽ᠪᠢ ᠣᠯᠠᠨ ᠲᠦᠮᠡᠨ ᠳᠤ ᠪᠤᠳᠠᠳᠤ ᠶᠠᠪᠤᠳᠠᠯ ᠬᠢᠵᠤ ᠦᠭᠭᠦᠨ᠎ᠡ︾ ᠦᠢᠯᠡᠳᠦᠯᠭᠡ ᠶᠢᠨ | ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ | ᠲᠤᠯᠭᠠᠮᠳᠠᠯ ᠬᠦᠴᠢᠷᠳᠡᠯ ᠵᠤᠪᠠᠨᠢᠯ ᠪᠠᠷᠠᠯᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠬᠥᠴᠦᠯᠡᠬᠦ︾ ᠳᠤ | ᠠᠩᠬᠠᠷᠤᠯ ᠢᠶᠠᠨ ᠲᠥᠪᠯᠡᠷᠡᠭᠦᠯᠵᠦ᠂ ︽ᠳᠥᠷᠪᠡ ᠪᠠᠷ ᠭᠤᠣᠯᠯᠠᠭᠤᠯᠬᠤ︾ ᠶᠢ ᠳᠣᠪᠤᠶᠢᠯᠭᠠᠵᠤ᠂ ᠠᠷᠠᠳ ᠤᠨ | ᠶᠠᠪᠤᠳᠠᠯ ᠤᠨ ᠡᠭᠦᠷᠭᠡ ᠴᠢᠳᠠᠪᠬᠢ ᠳᠤ ᠰᠠᠭᠤᠷᠢᠯᠠᠵᠤ᠂ ᠪᠦᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠳᠤ | ᠠᠷᠪᠠᠨ ᠭᠤᠷᠪᠠᠨ ᠵᠦᠢᠯ ᠤᠨ ᠠᠷᠠᠳ ᠤᠨ ᠶᠠᠪᠤᠳᠠᠯ ᠤᠨ ᠣᠨᠴᠠᠯᠢᠭ ᠲᠠᠢ ︽ᠪᠢ ᠣᠯᠠᠨ ᠲᠦᠮᠡᠨ ᠳᠤ ᠪᠤᠳᠠᠳᠤ | ᠶᠠᠪᠤᠳᠠᠯ ᠬᠢᠵᠤ ᠦᠭᠭᠦᠨ᠎ᠡ︾ ᠬᠡᠬᠦ ᠰᠢᠷᠢᠰ ᠦᠢᠯᠡᠳᠦᠯᠭᠡ ᠶᠢᠨ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ | ᠰᠡᠳᠬᠢᠯ ᠲᠠᠯᠪᠢᠵᠤ ᠬᠦᠴᠦ ᠣᠷᠣᠭᠤᠯᠤᠨ ᠂ ᠠᠵᠢᠯ ᠢᠶᠠᠨ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ | ᠠᠷᠠᠳ ᠤᠨ ᠲᠥᠯᠥᠭᠡ ᠪᠤᠳᠡᠳᠡᠢ ᠠᠵᠢᠯ ᠬᠢᠬᠦ ᠠᠮᠢᠳᠤᠯᠢᠭ ᠦᠢᠯᠡᠳᠦᠯᠭᠡ ᠶᠢᠨ ᠳᠤᠮᠳᠠ ᠠᠷᠠᠳ ᠤᠨ ᠲᠥᠯᠥᠭᠡ | ᠵᠢᠳᠬᠦᠬᠦ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠭᠦᠨᠵᠡᠭᠡᠶᠢᠷᠡᠭᠦᠯᠦᠨ ᠪᠤᠳᠠᠳᠠᠶᠢᠵᠢᠭᠤᠯᠵᠠᠢ᠃ | ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠲᠣᠭᠲᠠᠭᠠᠬᠤ ᠶᠢᠨ ᠲᠣᠭᠤᠷᠢᠨ ᠳᠤ ︽ᠵᠣᠪᠠᠨᠢᠯ ᠢ | ᠲᠠᠶᠢᠯᠵᠤ ᠰᠡᠳᠬᠢᠯ ᠢ ᠳᠤᠯᠠᠭᠠᠴᠠᠭᠤᠯᠤᠨ ᠨᠠᠮ ᠤᠨ ᠠᠴᠢ ᠶᠢ ᠤᠯᠠᠮᠵᠢᠯᠠᠬᠤ︾ ᠠᠵᠢᠯᠯᠠᠭ᠎ᠠ ᠦᠷᠨᠢᠭᠦᠯᠵᠤ᠂ | ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠲᠣᠭᠲᠠᠭᠠᠨ ᠲᠡᠭᠦᠯᠳᠡᠷᠵᠢᠭᠦᠯᠬᠦ ᠪᠤᠳᠠᠳᠠᠢ ᠠᠷᠭ᠎ᠠ ᠬᠡᠮᠵᠢᠶ᠎ᠡ ᠶᠢ | ᠲᠤᠭᠤᠰᠢᠯᠠᠭᠤᠯᠤᠨ᠎ᠠ᠂ ᠲᠦᠷᠦᠯ ᠳᠠᠪᠬᠤᠷᠭ᠎ᠠ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ | ᠪᠦᠷᠢᠨᠰᠢᠬᠦᠯᠦᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠬᠢᠬᠡᠳ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ | ᠠᠷᠭ᠎ᠠ ᠬᠡᠮᠵᠢᠶ᠎ᠡ ᠶᠢ ᠲᠣᠭᠲᠠᠭᠠᠵᠤ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠮᠠᠭᠠᠳᠯᠠᠨ | ᠲᠣᠭᠲᠠᠭᠠᠬᠤ ᠲᠦᠷᠦ ᠶᠢᠨ ᠪᠤᠳᠤᠯᠭ᠎ᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ | ᠪᠠᠲᠤᠯᠠᠭ᠎ᠠ ᠶᠢᠨ ᠪᠠᠷᠢᠮᠵᠢᠶ᠎ᠠ ᠲᠣᠭᠤᠷᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠪᠡᠯᠡ ᠮᠥᠩᠭᠦᠨ ᠤ ᠬᠠᠮᠢᠶᠠᠷᠤᠯᠲᠠ | ᠲᠠᠷᠬᠠᠭᠠᠯᠳᠠ ᠶᠢ ᠵᠢᠷᠤᠮᠵᠢᠭᠤᠯᠤᠨ᠂ ᠤᠨᠢᠨ ᠳᠡᠭᠡᠷ᠎ᠡ ᠨᠢ ᠠᠪᠤᠷᠠᠨ ᠲᠤᠰᠠᠯᠠᠬᠤ᠂ ᠥᠨᠳᠥᠷ ᠪᠦᠲᠦᠮᠵᠢᠲᠡᠶ ᠪᠠᠷ | ᠠᠪᠤᠷᠠᠨ ᠲᠤᠰᠠᠯᠠᠬᠤ᠂ ᠬᠠᠯᠠᠭᠤᠨ ᠳᠤᠯᠠᠭᠠᠨ ᠢᠶᠠᠷ ᠠᠪᠤᠷᠠᠨ ᠲᠤᠰᠠᠯᠠᠬᠤ᠂ ᠣᠶᠤᠨᠴᠢ ᠪᠠᠷ ᠠᠪᠤᠷᠠᠨ ᠲᠤᠰᠠᠯᠠᠬᠤ ᠶᠢ | ᠴᠢᠷᠮᠠᠶᠢᠨ ᠪᠡᠶᠡᠯᠡᠭᠦᠯᠦᠨ᠎ᠡ᠃ | ᠠᠷᠠᠳ ᠲᠤ ᠠᠰᠢᠭᠲᠠᠶ ᠵᠤᠶᠢᠯᠡᠰ ᠢ ᠬᠡᠷᠡᠭᠵᠢᠭᠦᠯᠬᠦ ᠶᠢᠨ ᠲᠣᠭᠤᠷᠢᠨ ᠳᠤ᠂ ︽ᠨᠠᠰᠤᠲᠠᠶᠢᠴᠤᠳ ᠢ ᠬᠠᠯᠠᠮᠵᠢᠯᠠᠨ | ᠬᠠᠶᠢᠷᠠᠯᠠᠵᠤ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ︾ ᠠᠵᠢᠯᠯᠠᠭ᠎ᠠ ᠶᠢ ᠥᠷᠨᠢᠭᠦᠯᠵᠦ᠂ ᠡᠯ᠎ᠡ ᠭᠠᠵᠠᠷ ᠤᠨ ᠬᠢᠨ ᠢ | ᠵᠢᠯᠣᠭᠤᠳᠤᠨ ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠶᠡᠭᠡ ᠪᠠᠷ | ᠬᠥᠭᠵᠢᠭᠦᠯᠵᠦ᠂ ᠨᠠᠰᠤᠲᠠᠶᠢᠴᠤᠳ ᠲᠤ ︽ᠳᠡᠷᠭᠡᠳᠡ ᠨᠢ᠂ ᠣᠷᠣ ᠵᠢᠨᠬᠠᠵᠠᠭᠤ ᠳᠤ᠂ ᠡᠷᠬᠢᠨ ᠲᠣᠭᠤᠷᠢᠨ ᠳᠤ︾ | ᠲᠥᠬᠦᠮ ᠦᠢᠯᠡᠴᠢᠯᠡᠭᠡ ᠬᠠᠩᠭᠠᠵᠤ᠂ ᠤᠶᠤᠨᠴᠢᠯᠠᠭᠰᠠᠨ ᠣᠷᠴᠢᠨ ᠲᠣᠭᠤᠷᠢᠨ ᠳᠤ ᠬᠢ ᠨᠠᠰᠤᠲᠠᠶᠢᠴᠤᠳ ᠤᠨ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠂ ᠠᠮᠤᠷ ᠠᠮᠤᠭᠤᠯᠠᠩ ᠲᠥᠷᠦᠭᠳᠡᠯ ᠢ | ᠳᠡᠭᠡᠭᠰᠢᠯᠡᠭᠦᠯᠵᠦ᠂ ᠦᠢᠯᠡᠴᠢᠯᠡᠭᠡᠨ ᠤ ᠪᠣᠯᠤᠮᠵᠢᠲᠤ ᠴᠢᠨᠠᠷ᠂ ᠣᠯᠠᠨ ᠶᠠᠩᠵᠤ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ︽ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠰᠤᠷᠤᠯᠭ᠎ᠠ ᠶᠢ ᠲᠡᠳᠬᠦᠬᠦ | ᠢᠨᠵᠧᠨᠧᠷᠢᠩ︾ ᠤᠨ ᠠᠵᠢᠯᠯᠠᠭ᠎ᠠ ᠶᠢ ᠥᠷᠨᠢᠭᠦᠯᠵᠦ᠂ ᠵᠢᠯ ᠤᠨ ᠳᠣᠲᠣᠷ᠎ᠠ ᠡᠩ ᠤᠨ ᠶᠡᠭᠡ ᠳᠡᠭᠡᠳᠦ ᠰᠤᠷᠭᠠᠭᠤᠯᠢ ᠳᠤ | ᠰᠢᠯᠭᠠᠭᠤᠯᠤᠨ ᠤᠷᠤᠭᠰᠠᠨ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ ᠪᠦᠬᠦᠨ ᠢ ᠰᠤᠷᠤᠯᠭ᠎ᠠ ᠶᠢ | ᠲᠡᠳᠬᠦᠬᠦ ᠲᠤᠰᠠᠯᠠᠮᠵᠢ ᠶᠢᠨ ᠬᠡᠪᠴᠢᠶᠡᠨ ᠳᠤ ᠣᠷᠣᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠡᠮ | ᠡᠮᠨᠡᠯᠭᠡ ᠶᠢᠨ ᠮᠡᠰᠡ ᠵᠠᠰᠠᠯ ᠤᠨ ᠡᠷᠡᠭᠦᠯᠵᠢᠯ ᠤᠨ ︽ᠵᠢᠭᠦᠷ ᠤᠷᠭᠤᠭᠤᠯᠬᠤ ᠲᠦᠯᠦᠪᠯᠡᠭᠡ︾ ᠶᠢ ᠬᠡᠷᠡᠭᠵᠢᠭᠦᠯᠵᠦ᠂ | ᠨᠠᠮ ᠪᠣᠯᠤᠨ ᠵᠠᠰᠠᠭ ᠤᠨ ᠣᠷᠳᠣᠨ ᠠᠴᠠ ᠣᠨᠴᠠᠭᠠᠢ ᠬᠡᠦᠬᠡᠳ ᠲᠤ ᠬᠠᠨᠳᠤᠭᠤᠯᠤᠭᠰᠠᠨ ᠣᠨᠴᠠᠭᠠᠢ ᠬᠠᠶᠢᠷ᠎ᠠ | ᠬᠠᠯᠠᠮᠵᠢ ᠶᠢ ᠭᠦᠢᠴᠡᠳ ᠢᠯᠡᠷᠡᠭᠦᠯᠵᠦ᠂ ︽ᠨᠢᠬᠦᠯᠡᠰᠤᠩᠭᠦᠢ ᠶᠢᠨ ᠬᠠᠶᠢᠷ᠎ᠠ ᠬᠠᠯᠠᠮᠵᠢ ᠂ ᠠᠷᠠᠳ ᠤᠨ ᠰᠡᠳᠬᠢᠯ ᠢ | ᠬᠤᠯᠪᠣᠬᠤ ︾ ᠠᠵᠢᠯᠯᠠᠭ᠎ᠠ ᠶᠢ ᠦᠷᠨᠢᠭᠦᠯᠵᠤ᠂ ᠠᠰᠠᠷᠠᠨ ᠲᠡᠳᠬᠦᠬᠦ ᠨᠥᠬᠦᠴᠡᠯ ᠳᠤ ᠨᠡᠶᠢᠴᠡᠬᠦ ᠬᠦᠨᠳᠦ | ᠡᠪᠡᠳᠴᠢᠲᠡᠨ ᠳᠤ ᠲᠥᠬᠦᠮ ᠪᠥᠭᠡᠳ ᠪᠦᠲᠦᠮᠵᠢᠲᠡᠶ ᠦᠢᠯᠡᠴᠢᠯᠡᠭᠡᠨ ᠤ ᠦᠵᠡᠭᠦᠯᠦᠯᠭᠡ ᠶᠢᠨ ︽ᠡᠷᠡᠭᠦᠯᠵᠢᠯ ᠤᠨ | ᠲᠤᠰᠠᠯᠠᠬᠤ ᠪᠦᠳᠦᠭᠡᠭᠳᠡᠭᠦᠨ ᠶᠢ ᠨᠡᠶᠢᠭᠡᠮ ᠲᠣᠭᠤᠷᠢᠭ ᠲᠤ ᠣᠷᠣᠭᠤᠯᠬᠤ︾ ᠠᠵᠢᠯᠯᠠᠭ᠎ᠠ ᠬᠠᠩᠭᠠᠵᠤ᠂ ᠨᠡᠶᠢᠭᠡᠮ | ᠲᠣᠭᠤᠷᠢᠭ ᠤᠨ ᠵᠡᠮᠳᠡᠭ ᠨᠠᠰᠤᠲᠠᠶᠢᠴᠤᠳ ᠲᠤ ᠡᠷᠡᠭᠦᠯᠵᠢᠯ ᠤᠨ ᠲᠤᠰᠠᠯᠠᠬᠤ ᠪᠥᠳᠥᠭᠡᠭᠳᠡᠭᠦᠨ ᠶᠢ ᠳᠣᠭᠢᠷᠠᠭᠤᠯᠬᠤ | ᠦᠢᠯᠡᠴᠢᠯᠡᠭᠡ ᠬᠠᠩᠭᠠᠵᠤ᠂ ᠲᠡᠳᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠳᠥᠭᠦᠮᠴᠢᠯᠡᠬᠦ ᠶᠢᠨ ᠲᠣᠭᠤᠷᠢᠨ ᠳᠤ᠂ ︽ ᠪᠢ ᠠᠵᠤ | ᠠᠬᠤᠶᠢᠯᠠᠯ ᠤᠨ ᠲᠠᠷᠤᠭᠠᠰᠤ ᠶᠢ ᠬᠥᠭᠭᠡᠯᠡᠨᠡ︾ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠰᠦᠢᠳᠬᠡᠯ | ᠬᠤᠷᠢᠶᠠᠯᠲᠠ ᠶᠢ ᠬᠠᠰᠤᠵᠤ ᠭᠡᠯᠳᠦᠷᠢᠭᠦᠯᠬᠦ᠂ ᠨᠢᠭᠡ ᠪᠦᠯᠦᠭ ᠰᠦᠢᠳᠬᠡᠯ ᠬᠤᠷᠢᠶᠠᠯᠲᠠ ᠶᠢ ᠪᠠᠭᠤᠷᠠᠭᠤᠯᠬᠤ᠂ ᠨᠢᠭᠡ | ᠪᠦᠯᠦᠭ ᠰᠦᠢᠳᠬᠡᠯ ᠬᠤᠷᠢᠶᠠᠯᠲᠠ ᠶᠢ ᠵᠢᠷᠤᠮᠵᠢᠭᠤᠯᠬᠤ᠂ ᠨᠢᠭᠡ ᠪᠦᠯᠦᠭ ᠰᠦᠢᠳᠬᠡᠯ ᠬᠤᠷᠢᠶᠠᠯᠲᠠ ᠶᠢ ᠪᠠᠶᠢᠴᠠᠭᠠᠨ | ᠰᠢᠢᠳᠪᠦᠷᠢᠯᠡᠬᠦ᠂ ᠨᠢᠭᠡ ᠪᠦᠯᠦᠭ ᠰᠦᠢᠳᠬᠡᠯ ᠬᠤᠷᠢᠶᠠᠯᠲᠠ ᠶᠢ ᠵᠠᠷᠯᠠᠨ ᠮᠡᠳᠡᠭᠳᠡᠬᠦ ᠵᠡᠷᠭᠡ ︽ ᠲᠠᠪᠤᠨ ᠨᠢᠭᠡ︾ ᠶᠢᠨ | ᠠᠵᠢᠯᠯᠠᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠯᠲᠠ ᠶᠢᠨ ᠬᠡᠪᠴᠢᠶ᠎ᠡ ᠶᠢ | ᠤᠯᠠᠮ ᠨᠢᠭᠡ ᠠᠯᠬᠤᠮ ᠪᠠᠭᠤᠷᠠᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠯᠲᠠ ᠶᠢᠨ | ᠠᠵᠢᠯᠯᠠᠭ᠎ᠠ ᠶᠢ ᠵᠢᠷᠤᠮᠵᠢᠭᠤᠯᠤᠨ᠂ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠶᠢ ᠴᠢᠩᠭᠠᠷᠠᠭᠤᠯᠵᠤ᠂ ᠠᠵᠤ | ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠶ︔ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨᠠᠨ | ᠵᠥᠪᠰᠢᠶᠡᠷᠡᠬᠦ ᠶᠢ ︽ᠳᠠᠷᠤᠶ ᠳᠤ ᠨᠢ ᠭᠦᠢᠴᠡᠳᠭᠡᠬᠦ︾ ︽ ᠲᠤᠤᠷ᠎ᠠ ᠨᠢ ᠭᠦᠢᠴᠡᠳᠭᠡᠬᠦ︾ ︽ᠠᠮᠠᠯᠠᠯᠲᠠ ᠶᠢᠨ | ᠲᠦᠷᠢᠮ︾ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨᠠᠨ | ᠬᠠᠷᠭᠤᠭᠤᠯᠵᠤ ᠬᠢᠨᠠᠨ ᠵᠥᠪᠰᠢᠶᠡᠷᠡᠬᠦ ᠶᠢ ᠭᠦᠢᠴᠡᠳᠭᠡᠬᠦ ᠪᠣᠳᠠᠲᠤ ᠪᠦᠲᠦᠮᠵᠢ ᠶᠢ ᠳᠡᠭᠡᠭᠰᠢᠯᠡᠭᠦᠯᠦᠨ᠎ᠡ᠃ ︽ | ᠬᠦᠴᠢᠷᠳᠡᠯ ᠲᠠᠢ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠳᠡᠰ ᠤᠨ ᠵᠡᠮᠳᠡᠭᠴᠦᠳ ᠤᠨ | ᠰᠤᠪᠢᠯᠠᠯᠲᠠ ᠶᠢᠨ ᠨᠥᠬᠦᠪᠥᠷᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠭᠤᠶᠤᠴᠢᠯᠠᠯ ᠢ ᠮᠤᠵᠢ ᠠᠯᠤᠰᠯᠠᠨ | ᠲᠤᠭᠤᠰᠢᠳᠠᠢ ᠭᠦᠢᠴᠡᠳᠬᠡᠬᠦ︾ ᠠᠵᠢᠯᠯᠠᠭ᠎ᠠ ᠶᠢ ᠥᠷᠨᠢᠭᠦᠯᠵᠦ᠂ ᠵᠢᠯ ᠤᠨ ᠡᠴᠦᠰ ᠪᠣᠯᠬᠤ ᠳᠤ᠂ ᠭᠤᠶᠤᠴᠢᠯᠠᠭᠴᠢ | ᠬᠦᠴᠢᠷᠳᠡᠯ ᠲᠠᠢ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠳᠡᠰ ᠤᠨ ᠵᠡᠮᠳᠡᠭᠴᠦᠳ ᠤᠨ | ᠰᠤᠪᠢᠯᠠᠯᠲᠠ ᠶᠢᠨ ᠨᠥᠬᠦᠪᠥᠷᠢ ᠶᠢ ᠣᠨᠳᠣᠣ ᠭᠠᠵᠠᠷ ᠲᠤ ᠭᠤᠶᠤᠴᠢᠯᠠᠵᠤ ᠪᠣᠯᠬᠤ ᠶᠢ ᠴᠢᠷᠮᠠᠶᠢᠨ ᠪᠡᠶᠡᠯᠡᠭᠦᠯᠵᠦ᠂ | ᠡᠷᠦᠬᠡ ᠠᠮᠠ ᠪᠠᠶᠢᠭ᠎ᠠ ᠭᠠᠵᠠᠷ ᠲᠤ ᠬᠢᠵᠠᠭᠠᠷᠯᠠᠭᠳᠠᠬᠤ ᠥᠭᠡᠢ ᠪᠠᠷ ᠠᠷᠠᠳ ᠲᠦᠮᠡᠨ ᠳᠤ ᠦᠢᠯᠡᠴᠢᠯᠡᠭᠡᠨ ᠤ ᠬᠢᠷᠢ | ᠬᠡᠮᠵᠢᠶ᠎ᠡ ᠪᠠᠨ ᠳᠡᠭᠡᠭᠰᠢᠯᠡᠭᠦᠯᠬᠦ ᠪᠠᠷ ᠭᠤᠤᠯᠯᠠᠭᠤᠯᠤᠨ᠎ᠠ ᠃ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠭᠤᠷᠢᠨ ᠳᠤ ︽ᠰᠢᠨ᠎ᠡ ᠴᠠᠭ ᠦᠶ᠎ᠡ ᠰᠢᠨ᠎ᠡ | ᠨᠡᠶᠢᠭᠡᠮ ᠲᠣᠭᠤᠷᠢᠭ ᠰᠢᠨ᠎ᠡ ᠠᠮᠢᠳᠤᠷᠠᠯ︾ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ | ᠶᠢ ᠦᠷᠨᠢᠭᠦᠯᠵᠤ ᠂ ᠭᠠᠴᠠᠭᠠᠨ ᠤ ᠠᠷᠠᠳ ᠤᠨ ᠵᠦᠪᠯᠡᠯ ᠤᠨ ᠵᠢᠷᠤᠮᠵᠢᠭᠰᠠᠨ ᠬᠢᠷᠢ ᠬᠡᠮᠵᠢᠶ᠎ᠡ ᠪᠣᠯᠤᠨ ᠠᠷᠠᠳ | ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ︽ᠰᠠᠭᠤᠭᠠᠯᠢ ᠠᠷᠠᠳ ᠬᠡᠷᠡᠭᠴᠡᠭᠡ | ᠲᠠᠢ᠂ ᠨᠡᠶᠢᠭᠡᠮ ᠲᠣᠭᠤᠷᠢᠭ ᠦᠢᠯᠡᠴᠢᠯᠡᠭᠡ ᠲᠠᠢ︾ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ︽ᠲᠠᠪᠤᠨ | ᠬᠤᠷᠰᠢᠶ᠎ᠠ ᠬᠠᠮᠲᠤᠷᠠᠨ ᠬᠥᠳᠡᠯᠦᠯᠴᠡᠵᠦ᠂ ᠦᠨᠳᠦᠰᠦᠨ ᠱᠠᠲᠤᠨ ᠳᠤ ᠬᠠᠶᠢᠷ᠎ᠠ ᠬᠠᠯᠠᠮᠵᠢ ᠬᠦᠷᠲᠡᠭᠡᠬᠦ︾ | ᠠᠵᠢᠯᠯᠠᠭ᠎ᠠ ᠶᠢ ᠥᠷᠨᠢᠭᠦᠯᠵᠦ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠨᠡᠶᠢᠭᠡᠮ ᠤᠨ ᠠᠵᠢᠯ ᠤᠨ | ᠥᠷᠲᠡᠭᠡ ᠪᠠᠶᠢᠭᠤᠯᠵᠤ᠂ ᠭᠠᠴᠠᠭ᠎ᠠ ᠲᠤᠰᠬᠤᠨ ᠨᠡᠶᠢᠭᠡᠮ ᠲᠤᠭᠤᠷᠢᠭ ᠤᠨ ︽ ᠬᠤᠶᠠᠷ ᠵᠦᠪᠯᠡᠯ︾ ᠤᠨ | ᠤᠳᠤᠷᠢᠳᠤᠯᠭ᠎ᠠ ᠶᠢᠨ ᠳᠣᠣᠷ᠎ᠠ᠂ ᠨᠡᠶᠢᠭᠡᠮ ᠤᠨ ᠠᠵᠢᠯᠲᠠᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠨᠡᠶᠢᠭᠡᠮ ᠤᠨ ᠰᠠᠶᠢᠨ ᠳᠤᠷ᠎ᠠ ᠶᠢᠨ ᠠᠵᠢᠯᠯᠠᠭᠴᠢ᠂ ᠨᠡᠶᠢᠭᠡᠮ ᠤᠨ ᠨᠢᠭᠦᠯᠡᠰᠦᠩᠭᠦᠶ ᠶᠢᠨ ᠡᠬᠢ | ᠪᠠᠶᠠᠯᠢᠭ ᠤᠨ ᠳᠠᠪᠠᠭᠤᠯᠢᠭ ᠦᠢᠯᠡᠳᠤᠯ ᠢ ᠭᠦᠢᠴᠡᠳ ᠪᠠᠳᠠᠷᠠᠭᠤᠯᠵᠤ᠂ ᠬᠦᠴᠢᠷᠳᠡᠯᠲᠡᠶ ᠣᠯᠠᠨ ᠲᠦᠮᠡᠨ ᠤ ᠬᠦᠴᠢᠷ | ᠵᠣᠪᠠᠭᠤᠷᠢ ᠶᠢ ᠰᠢᠢᠳᠪᠦᠷᠢᠯᠡᠨ ᠥᠭᠴᠦ᠂ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠬᠠᠩᠭᠠᠨ᠎ᠠ᠃ ︽ᠭᠠᠵᠠᠷ ᠤᠨ | ᠨᠡᠷ᠎ᠡ ᠶᠢᠨ ᠰᠣᠶᠣᠯ ᠢ ᠬᠠᠮᠠᠭᠠᠯᠠᠵᠤ᠂ ᠭᠠᠨᠭ᠍ᠭᠠᠡᠭ ᠰᠠᠶᠢᠬᠠᠨ ᠨᠤᠲᠤᠭ ᠤᠨ ᠮᠥᠷᠥᠭᠡᠳᠦᠯ ᠢ ᠴᠡᠭᠡᠵᠢᠯᠡᠬᠦ︾ ᠭᠠᠴᠠᠭ᠎ᠠ | ᠬᠤᠲᠠ ᠶᠢᠨ ᠭᠠᠵᠠᠷ ᠤᠨ ᠨᠡᠷ᠎ᠡ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠥᠷᠨᠢᠭᠦᠯᠵᠦ᠂ ᠭᠠᠵᠠᠷ ᠤᠨ ᠨᠡᠷ᠎ᠡ ᠶᠢᠨ ᠥᠯᠢᠭᠡᠷ ᠢ ᠰᠠᠶᠢᠲᠤᠷ ᠶᠠᠷᠢᠵᠤ᠂ ᠰᠣᠶᠣᠯ ᠤᠨ ᠠᠭᠤᠯᠤᠭᠳᠠᠬᠤᠨ ᠢ | ᠠᠭᠤᠳᠠᠯᠤᠨ᠂ ᠬᠤᠪᠢᠰᠬᠠᠯᠳᠤ ᠰᠣᠶᠣᠯ ᠢ ᠪᠠᠳᠠᠷᠠᠭᠤᠯᠵᠤ᠂ ᠣᠯᠠᠨ ᠲᠦᠮᠡᠨ ᠤ ᠰᠣᠶᠣᠯ ᠤᠨ ᠤᠮᠤᠭᠰᠢᠯᠳᠤ | ᠰᠡᠳᠬᠢᠯᠭᠡ ᠪᠠ ᠢᠲᠡᠭᠡᠯ ᠵᠣᠷᠢᠭ ᠢ ᠨᠡᠮᠡᠭᠳᠡᠭᠦᠯᠦᠨ᠎ᠡ᠃ ︽ ᠠᠰᠠᠷᠠᠮᠵᠢ ᠶᠢᠨ ᠬᠤᠨᠵᠢᠪᠤᠷᠢᠳᠤ ᠰᠤᠭᠤᠯᠭᠠ ᠶᠢᠨ | ᠵᠣᠷᠢᠯᠲᠠ ᠶᠢ ᠦᠢᠯᠡᠳᠤᠯᠭᠡᠵᠢᠭᠦᠯᠵᠤ᠂ ᠦᠨᠳᠦᠰᠦᠨ ᠱᠠᠲᠤᠨ ᠤ ᠣᠯᠠᠨ ᠲᠦᠮᠡᠨ ᠳᠤ ᠦᠢᠯᠡᠴᠢᠯᠡᠬᠦ︾ | ᠠᠵᠢᠯᠯᠠᠭ᠎ᠠ ᠶᠢ ᠥᠷᠨᠢᠭᠦᠯᠵᠦ᠂ ᠣᠨᠴᠠ ᠬᠦᠴᠢᠷᠳᠡᠯ ᠲᠠᠢ ᠬᠥᠮᠦᠰ ᠢ ᠬᠠᠪᠰᠤᠷᠤᠨ ᠲᠡᠳᠬᠦᠬᠦ ᠪᠠ ᠣᠯᠠᠨ ᠲᠦᠮᠡᠨ ᠤ | ᠠᠵᠢᠯ ᠣᠯᠭᠤᠯᠲᠠ ᠳᠤ ᠬᠦᠴᠦᠨ ᠨᠡᠮᠡᠷᠢᠯᠡᠬᠦ ᠶᠢ ᠪᠦᠲᠦᠮᠵᠢᠲᠡᠶ ᠬᠡᠷᠡᠭᠵᠢᠭᠦᠯᠦᠨ᠎ᠡ᠃ ︽ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢ ᠬᠠᠯᠠᠮᠵᠢᠯᠠᠨ ᠬᠠᠶᠢᠷᠠᠯᠠᠬᠤ ︾ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠳᠤ ᠨᠢᠭᠡ ᠬᠤᠪᠢ ᠨᠠᠮ ᠤᠨ ᠰᠣᠨᠢᠨ ᠵᠠᠬᠢᠶᠠᠯᠠᠵᠤ᠂ ᠨᠢᠭᠡ ᠳᠡᠪᠲᠡᠷ ᠨᠣᠮ ᠬᠦᠷᠭᠡᠵᠦ᠂ ︽ᠤᠯᠤᠰ | ᠲᠥᠷᠥ ᠶᠢᠨ ᠲᠥᠷᠥᠭᠰᠡᠨ ᠡᠳᠦᠷ︾ ᠢ ᠨᠢᠭᠡ ᠤᠳᠠᠭ᠎ᠠ ᠪᠡᠯᠭᠡᠯᠡᠵᠤ᠂ ᠨᠢᠭᠡ ᠤᠳᠠᠭᠠᠨ ᠤ ᠲᠤᠰᠬᠠᠶ ᠰᠡᠳᠦᠪᠲᠦ | ᠪᠣᠯᠪᠠᠰᠤᠷᠠᠭᠤᠯᠤᠯ ᠢ ᠥᠷᠨᠢᠭᠦᠯᠵᠦ᠂ ᠨᠢᠭᠡ ᠪᠦᠯᠦᠭ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ︽ᠨᠠᠮ ᠤᠨ ᠰᠦᠯᠳᠡ ᠵᠡᠭᠦᠬᠦ᠂ ᠪᠡᠶ᠎ᠡ ᠶᠢᠨ | ᠭᠠᠷᠤᠯ ᠢᠶᠠᠨ ᠢᠯᠡᠷᠬᠡᠶᠢᠯᠡᠬᠦ᠂ ᠪᠤᠳᠡᠳᠡᠢ ᠠᠵᠢᠯ ᠬᠢᠬᠦ᠂ ᠳᠦᠷᠢ ᠲᠥᠷᠬᠦ ᠶᠢ ᠪᠣᠶ ᠪᠣᠯᠭᠠᠬᠤ︾ ᠠᠵᠢᠯᠯᠠᠭ᠎ᠠ ᠶᠢ | ᠥᠷᠨᠢᠭᠦᠯᠵᠦ᠂ ᠲᠢᠩᠬᠢᠮ ᠤᠨ ᠰᠢᠰᠲ᠋ᠧᠮ ᠤᠨ ᠥᠷᠭᠡᠨ ᠣᠯᠠᠨ ᠨᠠᠮ ᠤᠨ ᠭᠡᠰᠢᠭᠦᠨ᠂ ᠡᠪᠯᠡᠯ ᠤᠨ ᠭᠡᠰᠢᠭᠦᠨ᠂ ᠰᠠᠶᠢᠨ | ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠤᠯᠭᠡ ᠶᠢᠨ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠤ᠂ ᠰᠠᠭᠤᠭ᠎ᠠ ᠬᠤᠲᠠ ᠲᠠᠢ | ᠬᠤᠯᠪᠣᠭᠠᠯᠠᠨ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠵᠤ ᠬᠠᠮᠲᠤ ᠪᠠᠷ ᠪᠥᠲᠥᠭᠡᠨ ᠪᠠᠶᠢᠭᠤᠯᠬᠤ ᠳᠤ ᠬᠦᠴᠦᠨ | ᠴᠢᠳᠠᠯ ᠢᠶᠠᠨ ᠡᠷᠭᠦᠨ᠎ᠡ᠃ | ᠦᠢᠯᠡᠳᠦᠯᠭᠡ ᠶᠢᠨ ᠠᠵᠢᠯᠯᠠᠭ᠎ᠠ ᠶᠢᠨ ᠱᠠᠭᠠᠷᠳᠠᠯᠭ᠎ᠠ ᠪᠠᠷ ᠪᠦᠬᠦ ᠣᠷᠣᠨ ᠤ ᠠᠷᠠᠳ ᠤᠨ ᠶᠠᠪᠤᠳᠠᠯ ᠤᠨ | ᠰᠢᠰᠲ᠋ᠧᠮ ᠤᠨ ᠬᠢᠨ ︽ᠬᠡᠷᠡᠭᠴᠡᠭᠡ ᠶᠢ ᠠᠷᠠᠳ ᠠᠴᠠ ᠠᠰᠠᠭᠤᠵᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ | ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ︾ ᠶᠢ ᠪᠠᠷᠢᠮᠲᠠᠯᠠᠵᠤ᠂ ᠬᠠᠮᠤᠭ ᠤᠨ ᠬᠦᠴᠢᠷᠳᠡᠯ ᠲᠠᠢ ᠣᠯᠠᠨ | ᠲᠦᠮᠡᠨ ᠠᠴᠠ ᠭᠠᠷᠳᠠᠵᠤ᠂ ᠬᠠᠮᠤᠭ ᠤᠨ ᠲᠣᠪᠤᠶᠢᠮ᠎ᠠ ᠠᠰᠠᠭᠤᠳᠠᠯ ᠠᠴᠠ ᠡᠬᠢᠯᠡᠨ ᠠᠳᠬᠤᠵᠤ᠂ ᠬᠠᠮᠤᠭ ᠤᠨ ᠪᠣᠳᠠᠲᠠᠶ | ᠠᠰᠢᠭ ᠲᠤᠰᠠ ᠠᠴᠠ ᠡᠭᠦᠰᠴᠦ᠂ ᠠᠷᠠᠳ ᠤᠨ ᠪᠠᠶᠢᠳᠠᠯ ᠢ ᠪᠠᠶᠢᠴᠠᠭᠠᠨ ᠠᠷᠠᠳ ᠤᠨ ᠰᠠᠨᠠᠭ᠎ᠠ ᠶᠢ ᠰᠤᠷᠪᠤᠯᠵᠢᠯᠠᠬᠤ | ᠠᠵᠢᠯ ᠢ ᠭᠦᠨᠵᠡᠭᠡᠶ ᠥᠷᠨᠢᠭᠦᠯᠦᠨ᠎ᠡ᠃ ︽ᠶᠡᠭᠡ ᠪᠠᠷ ᠰᠤᠷᠪᠤᠯᠵᠢᠯᠠᠨ ᠶᠡᠭᠡ ᠪᠠᠷ ᠪᠠᠶᠢᠴᠠᠭᠠᠨ ᠰᠤᠳᠤᠯᠤᠯᠲᠠ ᠬᠢᠵᠦ︾᠂ | ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠶ ᠲᠠᠯ᠎ᠠ ᠪᠠᠨ ᠪᠦᠬᠦ ᠲᠠᠯ᠎ᠠ ᠪᠠᠷ | ᠪᠠᠶᠢᠴᠠᠭᠠᠨ ᠡᠮᠬᠢᠯᠡᠵᠦ᠂ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ | ᠪᠠᠶᠢᠭ᠎ᠠ ᠬᠠᠷᠰᠢ ᠰᠠᠭᠠᠳ ᠢ ᠠᠷᠢᠯᠭᠠᠵᠤ᠂ ᠦᠨᠳᠦᠰᠦᠨ ᠱᠠᠲᠤᠨ ᠤ ᠬᠦᠴᠢᠷᠳᠡᠯ ᠲᠠᠢ ᠶᠠᠪᠤᠳᠠᠯ᠂ ᠣᠯᠠᠨ ᠲᠦᠮᠡᠨ ᠤ | ᠪᠤᠬᠢᠨᠢᠳᠤᠯ ᠲᠠᠢ ᠶᠠᠪᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠰᠢᠢᠳᠪᠤᠷᠢᠯᠡᠵᠤ᠂ ᠨᠠᠮ ᠪᠠ ᠵᠠᠰᠠᠭ ᠤᠨ | ᠣᠷᠳᠣᠨ ᠤ ᠠᠷᠠᠳ ᠢᠶᠠᠨ ᠬᠠᠶᠢᠷᠠᠯᠠᠬᠤ ᠰᠡᠳᠬᠢᠯᠭᠡ᠂ ᠠᠷᠠᠳ ᠲᠤ ᠠᠰᠢᠭ ᠬᠦᠷᠲᠡᠭᠡᠬᠦ ᠵᠠᠰᠠᠭ᠂ ᠠᠷᠠᠳ ᠲᠤ | ᠠᠰᠢᠭᠲᠠᠶ ᠠᠵᠢᠯᠯᠠᠭ᠎ᠠ ᠶᠢ ᠨᠠᠷᠢᠯᠢᠭ ᠣᠨᠣᠴᠠᠲᠠᠶ ᠪᠠᠷ ᠣᠯᠠᠨ ᠲᠦᠮᠡᠨ ᠤ ᠬᠠᠵᠠᠭᠤ ᠳᠤ ᠬᠦᠷᠭᠡᠵᠦ᠂ ᠣᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠠᠮᠤᠭᠤᠯᠠᠩ ᠲᠥᠷᠥᠭᠳᠡᠯ ᠢ | ᠲᠠᠰᠤᠷᠠᠯᠲᠠ ᠥᠬᠡᠶ ᠨᠡᠮᠡᠭᠳᠡᠭᠦᠯᠦᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠭᠰᠠᠨ ᠪᠣᠳᠠᠲᠤ ᠦᠷ᠎ᠡ | ᠪᠦᠲᠦᠮᠵᠢ ᠪᠠᠷ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠪᠡᠯᠭᠡᠯᠡᠶ᠎ᠡ᠃ | | |