| ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ ᠠᠴᠠ ᠤᠶᠢᠯᠠᠭᠠᠬᠰᠠᠨ ᠢᠶᠠᠷ᠂ | ᠮᠠᠨ ᠤ | ᠤᠷᠤᠨ ᠤ ᠡᠯ᠎ᠡ ᠭᠠᠵᠠᠷ ᠤᠨ ᠬᠠᠪᠤᠷ ᠤᠨ ᠲᠠᠷᠢᠶᠠᠯᠠᠭ᠎ᠠ ᠤᠷᠬᠢᠯ ᠱᠠᠳᠤᠨ ᠳᠤ ᠤᠷᠤᠵᠤ᠂ 5 ᠳ᠋ᠤᠭᠠᠷ ᠰᠠᠷ᠎ᠠ ᠶᠢᠨ | 19 ᠤ ᠡᠳᠤᠷ ᠤᠨ ᠲᠠᠷᠢᠶᠠᠯᠠᠩ ᠤᠨ ᠪᠠᠶᠢᠳᠠᠯ ᠤᠨ ᠵᠤᠬᠢᠴᠠᠭᠤᠯᠭ᠎ᠠ ᠶᠢ ᠦᠨᠳᠤᠰᠤᠯᠡᠪᠡᠯ ᠮᠠᠨ ᠤ ᠤᠷᠤᠨ ᠤ | ᠲᠠᠷᠢᠬᠰᠠᠨ ᠲᠠᠷᠢᠮᠠᠯ ᠤᠨ ᠲᠠᠯᠠᠪᠠᠢ 8659 ᠲᠦᠮᠡᠨ ᠤ ᠬᠦᠷᠴᠤ᠂8024.6 ᠲᠦᠮᠡᠨ ᠮᠤ᠋ ᠠᠮᠤ ᠪᠤᠳᠠᠭᠠᠨ ᠤ | ᠲᠠᠷᠢᠮᠠᠯ ᠲᠠᠷᠢᠵᠤ᠂ ᠨᠢᠬᠡᠨᠳᠡ 3104.6 ᠲᠦᠮᠡᠨ ᠮᠤ᠋ ᠲᠠᠷᠢᠮᠠᠯ ᠴᠢᠬᠢᠯᠡᠵᠤ᠂ ᠨᠢᠬᠡ ᠬᠤᠶᠠᠳᠤᠭᠠᠷ ᠲᠦᠷᠤᠯ ᠤᠨ | ᠴᠢᠬᠢ 93.7% ᠶᠢ ᠡᠵᠡᠯᠡᠬᠡᠳ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠨ᠎ᠠ᠃ ᠴᠠᠭ | ᠠᠭᠤᠷ ᠤᠨ ᠰᠠᠯᠠᠭ᠎ᠠ ᠮᠦᠴᠢᠷ ᠤᠨ ᠬᠢᠨ ᠤ ᠲᠦᠰᠦᠪᠯᠡᠭᠰᠡᠨ ᠢᠶᠠᠷ᠂ 5 ᠳ᠋ᠤᠭᠠᠷ ᠰᠠᠷ᠎ᠠ ᠶᠢᠨ ᠲᠤᠮᠳᠠᠴᠢ ᠪᠠ | ᠰᠡᠬᠦᠯᠴᠢ ᠪᠠᠷ ᠠᠭᠠᠷ ᠤᠨ ᠲᠤᠯᠠᠭᠠᠨ ᠲᠡᠭᠡᠭᠰᠢᠯᠡᠬᠦ ᠶᠢ ᠲᠠᠭᠠᠯᠳᠤᠨ ᠪᠦᠬᠦ ᠤᠷᠤᠨ ᠤ ᠶᠡᠭᠡᠨᠭᠭᠢ ᠭᠠᠵᠠᠷ ᠲᠤ ᠭᠤᠷᠪᠠ | ᠤᠳᠠᠭ᠎ᠠ ᠬᠤᠷ᠎ᠠ ᠲᠤᠨᠤᠳᠠᠰᠤ ᠪᠠᠭᠤᠵᠤ᠂ ᠬᠠᠪᠤᠷ ᠤᠨ ᠲᠠᠷᠢᠶᠠᠯᠠᠩ ᠦᠢᠯᠡᠳᠪᠤᠷᠢᠯᠡᠯ ᠪᠤᠯᠤᠨ ᠲᠠᠷᠢᠮᠠᠯ ᠴᠢᠬᠢᠯᠡᠬᠦ ᠳᠤ | ᠠᠰᠢᠬᠳᠠᠢ ᠨᠦᠬᠦᠴᠡᠯ ᠬᠠᠨᠭ᠍ᠭᠠᠬᠤ ᠪᠤᠯᠤᠨ᠎ᠠ᠃ | ᠮᠠᠨ ᠤ ᠤᠷᠤᠨ ᠤ ᠲᠠᠷᠢᠶᠠᠯᠠᠩ ᠦᠢᠯᠡᠳᠪᠤᠷᠢᠯᠡᠯ ᠤᠨ ᠶᠡᠷᠤᠩᠭᠡᠢ ᠪᠠᠶᠢᠳᠠᠯ ᠶᠡᠭᠡ ᠰᠠᠶᠢᠨ ᠪᠠᠶᠢᠨ᠎ᠠ᠃ ᠲᠠᠷᠢᠶᠠᠯᠠᠩ | ᠤᠨ | ᠬᠡᠷᠡᠭᠰᠡᠯ ᠤᠨ ᠬᠠᠳᠠᠭᠠᠯᠠᠮᠵᠢ ᠨᠡᠯᠢᠶᠡᠳ ᠬᠦᠢᠴᠡᠳ ᠪᠠᠶᠢᠵᠤ᠂ ᠤᠳᠤᠬᠠᠨ ᠪᠤᠯᠳᠠᠯ᠎ᠠ ᠪᠦᠬᠦ ᠤᠷᠤᠨ ᠤ ᠡᠯ᠎ᠡ ᠭᠠᠵᠠᠷ | ᠤᠨ ᠡᠷᠳᠡᠨᠢ ᠰᠢᠰᠢ ᠵᠡᠷᠬᠡ ᠭᠤᠤᠯ ᠠᠮᠤ ᠪᠤᠳᠠᠭᠠᠨ ᠤ ᠲᠠᠷᠢᠮᠠᠯ ᠤᠨ ᠦᠷ᠎ᠡ ᠶᠢᠨ ᠢᠷᠡᠯᠳᠡ ᠶᠢᠨ ᠬᠠᠨᠭ᠍ᠭᠠᠯᠭ᠎ᠠ | ᠬᠦᠢᠴᠡᠳ᠂ ᠪᠤᠷᠳᠤᠭᠤᠷ ᠤᠨ ᠬᠠᠳᠠᠭᠠᠯᠠᠮᠵᠢ 165.2 ᠲᠦᠮᠡᠨ ᠲᠤᠨ᠂ ᠲᠠᠷᠢᠶᠠᠨ ᠤ ᠡᠮ 6902 ᠲᠤᠨ ᠬᠦᠷᠴᠤ | ᠂ ᠬᠠᠪᠤᠷ ᠤᠨ ᠲᠠᠷᠢᠶᠠᠯᠠᠭ᠎ᠠ ᠦᠢᠯᠡᠳᠪᠤᠷᠢᠯᠡᠯ ᠤᠨ ᠬᠡᠷᠡᠭᠴᠡᠭᠡ ᠶᠢ ᠬᠦᠷᠤᠯᠴᠡᠭᠡ ᠲᠠᠢ ᠬᠠᠨᠭ᠍ᠭᠠᠵᠤ ᠲᠡᠶᠢᠯᠬᠦ ᠪᠦᠬᠡᠳ | ᠰᠦᠯᠢᠶᠤᠤ ᠪᠦᠷᠬᠦᠬᠦᠯ ᠤᠨ ᠬᠠᠳᠠᠭᠠᠯᠠᠮᠵᠢ 6.8 ᠲᠦᠮᠡᠨ ᠲᠤᠨ ᠪᠠᠶᠢᠵᠤ ᠬᠠᠪᠤᠷ ᠤᠨ ᠲᠠᠷᠢᠶᠠᠯᠠᠭ᠎ᠠ ᠶᠢᠨ ᠶᠡᠷᠤᠩᠭᠡᠢ | ᠬᠡᠷᠡᠭᠴᠡᠭᠡ ᠶᠢᠨ 80% ᠠᠴᠠ ᠲᠡᠭᠡᠭᠰᠢ ᠶᠢ ᠡᠵᠡᠯᠡᠭᠰᠡᠨ ᠪᠠᠶᠢᠨ᠎ᠠ᠃ ᠲᠠᠷᠢᠶᠠᠯᠠᠩ ᠤᠨ ᠮᠠᠰᠢᠨ ᠪᠠ ᠰᠢᠨᠵᠢᠯᠡᠬᠦ | ᠮᠡᠷᠬᠡᠵᠢᠯ ᠤᠨ ᠦᠢᠯᠡᠴᠢᠯᠡᠭᠡ ᠶᠢᠨ ᠪᠡᠯᠡᠳᠬᠡᠯ ᠬᠦᠢᠴᠡᠳ᠂ ᠪᠦᠬᠦ ᠤᠷᠤᠨ ᠳᠤ ᠬᠠᠪᠤᠷ ᠤᠨ ᠲᠠᠷᠢᠶᠠᠯᠠᠭ᠎ᠠ | ᠦᠢᠯᠡᠳᠪᠤᠷᠢᠯᠡᠯ ᠳᠤ ᠬᠡᠷᠡᠭᠯᠡᠵᠤ ᠪᠤᠯᠬᠤ ᠲᠷᠠᠺᠲ᠋ᠤᠷ 102.2 ᠲᠦᠮᠨ᠂ ᠲᠦᠬᠦᠷᠵᠢᠭᠰᠡᠨ ᠲᠠᠷᠢᠶᠠᠯᠠᠩ ᠤᠨ ᠪᠠᠭᠠᠵᠢ | 150.4 ᠲᠦᠮᠨ ᠠᠴᠠ ᠲᠡᠭᠡᠭᠰᠢ ᠪᠠᠶᠢᠵᠤ᠂ ᠲᠠᠷᠢᠶᠠᠯᠠᠩ ᠤᠨ ᠮᠠᠰᠢᠨᠴᠢ᠂ ᠵᠠᠰᠠᠪᠤᠷᠢᠴᠢᠨ ᠳᠤ 4.28 ᠲᠦᠮᠡᠨ | ᠬᠦᠮᠦᠨ ᠤᠳᠠᠭ᠎ᠠ ᠪᠤᠯᠪᠠᠰᠤᠷᠠᠯ ᠬᠦᠷᠳᠡᠬᠡᠵᠤ᠂ 152.15 ᠲᠦᠮᠡᠨ ᠲᠠᠷᠢᠶᠠᠯᠠᠩ ᠤᠨ ᠮᠠᠰᠢᠨ ᠢ ᠵᠠᠰᠠᠨ ᠰᠡᠯᠪᠢᠬᠡᠳ᠂ | ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠶᠢ ᠪᠠᠳᠤᠯᠠᠭ᠎ᠠ ᠲᠠᠢ ᠬᠠᠨᠭ᠍ᠭᠠᠵᠤ ᠲᠡᠶᠢᠯᠤᠨ᠎ᠠ᠃ | | ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ 57 | ᠲᠦᠷᠤᠯ | ᠤᠨ ᠲᠠᠷᠢᠶᠠᠯᠠᠩ ᠮᠠᠯ ᠠᠵᠤ ᠠᠬᠤᠢ ᠶᠢᠨ ᠭᠤᠤᠯᠯᠠᠨ ᠲᠡᠯᠬᠡᠷᠡᠬᠦᠯᠬᠦ ᠮᠡᠷᠬᠡᠵᠢᠯ ᠢ ᠲᠦᠬᠡᠮᠡᠯᠵᠢᠬᠦᠯᠵᠤ᠂ ᠦᠪᠡᠷᠳᠡᠬᠡᠨ | ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠰᠦᠯᠵᠢᠶᠡᠨ ᠲᠡᠬᠡᠷ᠎ᠡ ︽ᠬᠠᠪᠤᠷ ᠤᠨ ᠲᠠᠷᠢᠶᠠᠯᠠᠭ᠎ᠠ ᠶᠢᠨ | ᠮᠦᠴᠨ — ᠲᠠᠷᠢᠶᠠᠯᠠᠩ ᠤᠨ ᠮᠡᠷᠬᠡᠵᠢᠯ ᠤᠨ ᠡᠬᠦᠯᠡᠨ ᠬᠢᠴᠢᠶᠡᠯ ᠤᠨ ᠲᠠᠩᠭᠢᠮ︾ ᠢᠨᠲ᠋ᠧᠷ ᠪᠤᠯᠪᠠᠰᠤᠷᠠᠯ ᠤᠨ | ᠲᠤᠰᠬᠠᠢ ᠪᠤᠯᠤᠩ ᠰᠡᠬᠦᠵᠤ᠂ ᠪᠤᠯᠪᠠᠰᠤᠷᠠᠯ ᠤᠨ ᠲᠤᠰᠬᠠᠢ ᠹᠢᠯᠢᠮ ᠲᠠᠪᠢᠭᠠᠳ ᠬᠤᠭᠤᠴᠠᠭ᠎ᠠ ᠪᠠᠯᠡᠳᠬᠡᠵᠤ᠂ ᠬᠠᠪᠤᠷ | ᠤᠨ ᠲᠠᠷᠢᠶᠠᠯᠠᠩ ᠦᠢᠯᠡᠳᠪᠤᠷᠢᠯᠡᠯ ᠳᠤ ᠴᠠᠭ ᠲᠠᠷᠤᠢ ᠳᠤ ᠨᠢ ᠮᠡᠷᠬᠡᠵᠢᠯ ᠤᠨ ᠦᠢᠯᠡᠴᠢᠯᠡᠭᠡ ᠬᠠᠨᠭ᠍ᠭᠠᠵᠤ ᠪᠠᠶᠢᠨ᠎ᠠ᠃ | ᠡᠬᠦᠨ ᠤ ᠬᠠᠮᠳᠤ ᠬᠦᠷᠤᠰᠤᠨ ᠤ ᠴᠢᠬᠢᠭ ᠤᠨ ᠪᠠᠶᠢᠳᠠᠯ ᠬᠠᠪᠤᠷ ᠤᠨ ᠲᠠᠷᠢᠶᠠᠯᠠᠭ᠎ᠠ ᠳᠤ ᠴᠦ ᠠᠰᠢᠬᠳᠠᠢ ᠪᠠᠶᠢᠨ᠎ᠠ᠃ | 3 ᠳ᠋ᠤᠭᠠᠷ ᠰᠠᠷ᠎ᠠ ᠶᠢᠨ ᠰᠡᠬᠦᠯᠴᠢ ᠠᠴᠠ ᠨᠠᠭᠠᠰᠢ ᠲᠠᠷᠢᠶᠠᠯᠠᠬᠤ ᠤᠷᠤᠨ ᠤ ᠬᠦᠷᠤᠰᠤᠨ ᠤ ᠴᠢᠬᠢᠭ ᠤᠨ ᠶᠡᠷᠤᠩᠭᠡᠢ | ᠪᠠᠶᠢᠳᠠᠯ ᠦᠡᠭᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠰᠠᠶᠢᠨ ᠪᠠᠶᠢᠵᠤ᠂ ᠬᠠᠪᠤᠷ ᠤᠨ ᠲᠠᠷᠢᠶᠠᠯᠠᠭ᠎ᠠ | ᠶᠢᠨ ᠠᠵᠢᠯ ᠳᠤ ᠮᠠᠰᠢ ᠠᠰᠢᠬᠳᠠᠢ ᠨᠦᠬᠦᠴᠡᠯ ᠪᠤᠯᠵᠤ ᠪᠠᠶᠢᠨ᠎ᠠ᠃ 5 ᠳ᠋ᠤᠭᠠᠷ ᠰᠠᠷ᠎ᠠ ᠶᠢᠨ ᠡᠬᠢᠨ ᠳᠤ ᠬᠦᠷᠦᠰᠤᠨ ᠤ | ᠴᠢᠬᠢᠭ ᠤᠨ ᠬᠡᠮᠵᠢᠶ᠎ᠡ ᠪᠠᠭ᠋ᠠᠨ ᠪᠠᠭᠤᠷᠠᠬᠰᠠᠨ ᠪᠤᠯᠪᠠᠴᠤ ᠮᠥᠨ ᠯᠨ ᠨᠢᠳᠤᠨᠤᠨ ᠵᠢᠯ ᠪᠠ ᠦᠡᠭᠭᠡᠷᠡᠭᠰᠡᠨ ᠵᠢᠯ ᠤᠨ | ᠠᠳᠠᠯᠢ ᠬᠤᠭᠤᠴᠠᠭᠠᠨ ᠤ ᠬᠢ ᠲᠠᠢ ᠤᠶᠢᠷᠠᠳᠴᠤ ᠪᠠᠶᠢᠨ᠎ᠠ᠃ | | ᠢᠷᠡᠯᠳᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ | ᠬᠢᠳᠡᠳ |