| ᠤᠳᠤᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠦ ᠭᠤᠷᠪᠠᠳᠤᠭᠠᠷ | ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠳᠠ ᠶᠢᠨ ᠭᠤᠤᠯ ᠪᠠᠶᠢᠳᠠᠯ ᠤᠨ ᠬᠠᠷᠢᠭᠤ | ᠮᠡᠳᠡᠬᠦᠯᠦᠯᠳᠠ ᠶᠢ ᠰᠤᠨᠤᠰᠴᠦ ︽ᠳᠤᠮᠳᠠᠳᠤ ᠤᠯᠤᠰ ᠤᠨ ᠡᠪ ᠬᠠᠮᠳᠦ ᠨᠠᠮ ᠤᠨ ᠵᠤᠬᠢᠶᠠᠨ ᠪᠠᠶᠢᠭᠤᠯᠤᠯᠳᠠ ᠶᠢᠨ | ᠠᠵᠢᠯ ᠤᠨ ᠲᠦᠷᠢᠮ︾ ᠢ ᠬᠢᠨᠡᠨ ᠵᠦᠪᠯᠡᠪᠡ | ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ | ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ 4 ᠰᠠᠷ᠎ᠠ ᠶᠢᠨ 30 ᠤ ᠡᠳᠦᠷ ᠬᠤᠷᠠᠯ | ᠬᠤᠷᠠᠯᠳᠤᠭᠤᠯᠵᠦ᠂ ᠤᠳᠤᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ | ᠰᠤᠳᠤᠯᠪᠠ︔ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠳᠠ ᠶᠢᠨ | ᠭᠤᠤᠯ ᠪᠠᠶᠢᠳᠠᠯ ᠤᠨ ᠬᠠᠷᠢᠭᠤ ᠮᠡᠳᠡᠬᠦᠯᠦᠯᠳᠠ ᠶᠢ ᠰᠤᠨᠤᠰᠪᠠ︔ ︽ᠳᠤᠮᠳᠠᠳᠤ ᠤᠯᠤᠰ ᠤᠨ ᠡᠪ ᠬᠠᠮᠳᠦ ᠨᠠᠮ ᠤᠨ | ᠵᠤᠬᠢᠶᠠᠨ ᠪᠠᠶᠢᠭᠤᠯᠤᠯᠳᠠ ᠶᠢᠨ ᠠᠵᠢᠯ ᠤᠨ ᠲᠦᠷᠢᠮ︾ ᠢ ᠬᠢᠨᠡᠨ ᠵᠦᠪᠯᠡᠪᠡ᠃ ᠨᠠᠮ ᠤᠨ ᠲᠦᠪ ᠬᠤᠷᠢᠶᠠᠨ ᠤ | ᠶᠡᠷᠦᠩᠭᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ᠃ | ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ | ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠡᠯ᠎ᠠ ᠭᠠᠵᠠᠷ ᠤᠷᠤᠨ ᠡᠯ᠎ᠠ ᠰᠠᠯᠠᠭ᠎ᠠ | ᠮᠦᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢᠨ | ᠠᠵᠢᠯ ᠢ ᠨᠢᠭᠡᠳᠦᠯᠳᠠᠢ ᠲᠦᠯᠦᠪᠵᠢᠬᠦᠯᠦᠨ ᠠᠬᠢᠭᠤᠯᠵᠦ᠂ ᠬᠤᠷᠸ᠎ᠠ ᠲᠦᠷᠦ ᠶᠢᠨ ᠪᠤᠳᠤᠯᠭ᠎ᠠ ᠶᠢ ᠡᠷᠴᠢᠮᠳᠠᠢ | ᠭᠡᠷᠡᠭᠵᠢᠬᠦᠯᠦᠨ᠂ ᠮᠠᠨ ᠤ ᠤᠯᠤᠰ ᠤᠨ ᠠᠵᠤ ᠠᠬᠤᠢ ᠶᠢᠨ ᠰᠡᠷᠬᠦᠯᠳᠠ ᠮᠡᠳᠡᠭᠳᠡᠮ᠎ᠠ ᠦᠷ᠎ᠠ ᠪᠦᠲᠦᠮᠵᠢ ᠤᠯᠬᠤ ᠶᠢ | ᠠᠬᠢᠭᠤᠯᠵᠦ᠂ ᠠᠵᠤ ᠠᠬᠤᠢ ᠶᠢᠨ ᠡᠷᠬᠢᠯᠳᠡ ᠰᠠᠶᠢᠨ ᠰᠠᠶᠢᠬᠠᠨ ᠡᠬᠢᠯᠡᠯᠳᠠ ᠲᠠᠢ ᠪᠤᠯᠵᠤ᠂ ᠴᠢᠨᠠᠷ ᠰᠠᠶᠢᠳᠠᠢ | ᠬᠦᠭᠵᠢᠯᠳᠠ ᠰᠢᠨ᠎ᠠ ᠦᠷ᠎ᠠ ᠪᠦᠳᠦᠮᠵᠢ ᠤᠯᠵᠠᠢ ᠭᠡᠵᠦ ᠦᠵᠡᠪᠡ᠃ | ᠬᠤᠷᠠᠯ ᠠᠴᠠ᠂ ᠲᠦᠷᠦᠬᠦᠦ ᠤᠯᠠᠷᠢᠯ ᠤᠨ ᠠᠵᠤ ᠠᠬᠤᠢ ᠶᠢᠨ ᠲᠤᠭ᠎ᠠ ᠪᠠᠷᠢᠮᠳᠠ ᠶᠢ ᠬᠤᠪᠢᠰᠤᠩᠭᠤᠢ ᠪᠠᠷ | ᠦᠵᠡᠬᠦ ᠭᠡᠷᠡᠭᠲᠡᠢ᠂ ᠤᠳᠤᠬᠠᠨ ᠤ ᠠᠵᠤ ᠠᠬᠤᠢ ᠶᠢᠨ ᠰᠡᠷᠬᠦᠯᠳᠠ ᠲᠡᠩᠴᠡᠬᠦᠷᠢ ᠦᠭᠡᠢ᠂ ᠰᠠᠭᠤᠷᠢ ᠲᠤᠭᠳᠠᠭᠤᠨ | ᠪᠤᠰᠤ ᠪᠠᠶᠢᠨ᠎ᠠ᠃ ᠨᠡᠮᠡᠭᠳᠡᠯ ᠢ ᠲᠤᠬᠳᠠᠪᠤᠷᠢᠵᠢᠭᠤᠯᠬᠤ ᠳᠠᠷᠤᠯᠳᠠ ᠨᠡᠯᠢᠶᠡᠳ ᠪᠠᠭ᠎ᠠ ᠪᠠᠶᠢᠬᠤ ᠴᠤᠩᠬᠤᠪᠴᠢ ᠶᠢᠨ | ᠬᠤᠭᠤᠴᠠᠭ᠎ᠠ ᠶᠢ ᠰᠠᠶᠢᠳᠤᠷ ᠠᠰᠢᠬᠯᠠᠨ᠂ ᠠᠵᠤ ᠠᠬᠤᠢ ᠶᠢᠨ ᠲᠤᠭᠳᠠᠭᠤᠨ ᠤ ᠳᠤᠮᠳᠠ ᠰᠠᠶᠢᠵᠢᠷᠠᠬᠤ ᠶᠢ ᠠᠬᠢᠭᠤᠯᠵᠦ᠂ | ᠰᠡᠳᠬᠢᠯ ᠢᠶᠠᠨ ᠲᠦᠪᠯᠡᠷᠡᠬᠦᠯᠦᠨ ᠬᠦᠴᠦ ᠪᠠᠨ ᠬᠠᠮᠳᠤᠳᠬᠠᠵᠦ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ | ᠴᠢᠨᠠᠷᠳᠠᠢ ᠦᠭᠡᠷᠡᠴᠢᠯᠡᠯᠳᠠ ᠶᠢ ᠬᠦᠨᠵᠡᠭᠡᠶᠢᠷᠡᠬᠦᠯᠦᠨ᠂ ᠤᠯᠤᠰ ᠤᠨ ᠳᠤᠳᠤᠭᠠᠳᠦ ᠶᠢᠨ ᠶᠡᠭᠡ ᠤᠷᠴᠢᠯ᠂ ᠤᠯᠤᠰ ᠤᠨ | ᠳᠤᠳᠤᠭᠠᠳᠦ ᠭᠠᠳᠠᠭᠠᠳᠦ ᠶᠢᠨ ᠬᠤᠤᠰ ᠤᠷᠴᠢᠯ ᠤᠨ ᠲᠦᠭᠵᠢᠷᠡᠯ ᠢ ᠨᠡᠪᠳᠡᠷᠡᠬᠦᠯᠵᠦ᠂ ︽ᠠᠷᠪᠡᠨ ᠲᠦᠷᠪᠡᠳᠦᠭᠡᠷ | ᠲᠠᠪᠤᠨ ᠵᠢᠯ︾ ᠤᠨ ᠬᠤᠭᠤᠴᠠᠭᠠᠨ ᠤ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠠ ᠳᠤ ᠳᠠᠭᠠᠭᠠᠮᠠᠭᠠᠢ | ᠬᠦᠳᠡᠯᠭᠡᠬᠦ ᠬᠦᠴᠦᠨ ᠬᠠᠩᠭᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃ | ᠬᠤᠷᠠᠯ ᠠᠴᠠ᠂ ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ | ᠪᠠᠷᠢᠮᠳᠠᠯᠠᠵᠦ᠂ ᠰᠢᠨ᠎ᠠ ᠬᠦᠭᠵᠢᠯᠳᠠ ᠶᠢᠨ ᠱᠠᠳᠤ ᠶᠢ ᠤᠨᠤᠪᠴᠢᠳᠠᠢ ᠡᠵᠡᠮᠳᠡᠨ᠂ ᠰᠢᠨ᠎ᠠ ᠬᠦᠭᠵᠢᠯᠳᠠ ᠶᠢᠨ | ᠤᠢᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢᠨ᠎ᠠ ᠬᠦᠭᠵᠢᠯᠳᠠ ᠶᠢᠨ ᠪᠠᠶᠢᠷᠢᠰᠢᠯ ᠢ ᠱᠠᠯᠠᠪᠳᠠᠨ | ᠪᠠᠶᠢᠭᠤᠯᠵᠦ᠂ ᠴᠢᠨᠠᠷ ᠰᠠᠶᠢᠳᠠᠢ ᠬᠦᠭᠵᠢᠯᠳᠠ ᠶᠢ ᠬᠦᠴᠦᠯᠡᠨ ᠠᠬᠢᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠢᠮᠠᠭᠳᠠ ᠬᠢᠨᠠᠭᠤᠷ ᠪᠤᠯᠭᠤᠮᠵᠢᠳᠠᠢ ᠲᠤᠭᠤᠰᠢᠳᠠᠢ ᠰᠠᠶᠢᠳᠤᠷ ᠠᠳᠬᠤᠬᠤ ᠭᠡᠷᠡᠭᠲᠡᠢ᠃ ᠬᠤᠷᠸ᠎ᠠ | ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠠ ᠨᠢ ᠭᠡᠷᠡᠭᠵᠢᠬᠦᠯᠵᠦ᠂ ᠬᠤᠷᠸ᠎ᠠ ᠲᠦᠷᠦ ᠶᠢᠨ ᠪᠤᠳᠤᠯᠭ᠎ᠠ ᠶᠢᠨ | ᠵᠠᠯᠭᠠᠯᠳᠤᠬᠤ ᠴᠢᠨᠠᠷ᠂ ᠲᠤᠭᠳᠠᠭᠤᠨ ᠴᠢᠨᠠᠷ᠂ ᠦᠷᠬᠦᠯᠵᠢᠯᠡᠬᠦ ᠴᠢᠨᠠᠷ ᠢ ᠪᠠᠳᠤᠯᠠᠨ᠂ ᠪᠠᠴᠢᠮ ᠡᠷᠬᠢᠯᠳᠠ ᠭᠠᠷᠭᠠᠬᠤ | ᠦᠭᠡᠢ ᠪᠠᠷ ᠴᠠᠭ ᠭᠡᠮᠵᠢᠶ᠎ᠠ ᠦᠷ᠎ᠠ ᠪᠦᠳᠦᠮᠵᠢ ᠶᠢ ᠰᠠᠶᠢᠳᠤᠷ ᠡᠵᠡᠮᠳᠡᠵᠦ᠂ ᠦᠨᠳᠦᠰᠦ ᠶᠢ ᠪᠠᠬᠢᠵᠢᠬᠦᠯᠦᠨ ᠰᠠᠭᠤᠷᠢ ᠶᠢ | ᠪᠠᠳᠤᠳᠬᠠᠵᠦ᠂ ᠵᠢᠱᠢᠯᠳᠠ ᠶᠢ ᠲᠤᠭᠳᠠᠪᠤᠷᠢᠵᠢᠭᠤᠯᠤᠨ᠂ ᠠᠵᠤ ᠠᠬᠤᠢ ᠶᠢᠨ ᠡᠷᠬᠢᠯᠳᠡ ᠶᠢᠨ ᠵᠤᠬᠢᠰᠳᠠᠢ ᠤᠷᠤᠨ | ᠵᠠᠢ ᠳᠤ ᠪᠠᠶᠢᠬᠤ ᠶᠢ ᠪᠠᠳᠤᠯᠠᠵᠦ᠂ ᠠᠵᠤ ᠠᠬᠤᠢ ᠶᠢ ᠰᠡᠷᠬᠦᠯᠳᠠ ᠶᠢᠨ ᠳᠤᠮᠳᠠ ᠨᠡᠩ ᠦᠨᠳᠦᠷ ᠲᠦᠪᠰᠢᠨ ᠲᠠᠢ | ᠲᠡᠩᠴᠡᠬᠦᠷᠢᠰᠢᠭᠦᠯᠬᠦ ᠭᠡᠷᠡᠭᠲᠡᠢ᠃ ᠢᠳᠡᠪᠬᠢᠳᠠᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢ ᠨᠠᠷᠢᠯᠢᠭ ᠪᠣᠳᠠᠲᠠᠢ | ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ | ᠰᠠᠬᠢᠵᠤ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ ᠳᠤ ᠦᠵᠡᠭᠦᠯᠬᠦ ᠬᠥᠰᠢᠭᠦᠷᠭᠡ ᠶᠢᠨ ᠦᠢᠯᠡᠳᠦᠯ ᠢ | ᠪᠠᠳᠠᠷᠠᠭᠤᠯᠬᠤ ᠬᠡᠷᠡᠭᠲᠡᠢ᠃ ᠯᠠᠪᠳᠠᠭᠤᠨ ᠵᠣᠭᠤᠰᠣᠨ ᠤ ᠲᠦᠷᠦ ᠶᠢᠨ ᠪᠤᠳᠤᠯᠭ᠎ᠠ ᠶᠢᠨ ᠵᠦᠢ ᠵᠣᠬᠢᠰᠲᠠᠢ ᠭᠦᠢᠴᠡᠳ | ᠬᠦᠳᠡᠯᠦᠩᠭᠦᠢ ᠴᠢᠨᠠᠷ ᠢ ᠪᠠᠲᠤᠯᠠᠵᠤ᠂ ᠪᠣᠳᠠᠲᠤ ᠴᠣᠭᠴᠠ ᠶᠢᠨ ᠠᠵᠤ ᠠᠬᠤᠢ᠂ ᠭᠤᠣᠯᠳᠠᠯᠭ᠎ᠠ ᠲᠠᠢ ᠬᠦᠷᠢᠶ᠎ᠡ᠂ | ᠪᠠᠭᠤᠷᠠᠢ ᠭᠤᠭᠴᠤᠭ᠎ᠠ ᠳᠤ ᠦᠵᠡᠭᠦᠯᠬᠦ ᠳᠡᠮᠵᠢᠯᠭᠡ ᠪᠠᠨ ᠴᠢᠩᠭᠠᠳᠬᠠᠬᠤ ᠬᠡᠷᠡᠭᠲᠡᠢ᠃ ᠠᠷᠠᠳ ᠤᠨ ᠵᠣᠭᠤᠰᠣᠨ ᠤ | ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ | ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠳᠠᠢ ᠭᠡᠵᠤ ᠱᠠᠭᠠᠷᠳᠠᠵᠠᠢ᠃ | ᠬᠤᠷᠠᠯ ᠠᠴᠠ᠂ ᠠᠵᠤ ᠦᠢᠯᠡᠰ ᠤᠨ ᠰᠢᠯᠢᠳᠡᠭᠵᠢᠨ ᠲᠠᠰ ᠳᠡᠪᠰᠢᠭᠦ ᠶᠢ ᠬᠥᠲᠥᠯᠥᠨ ᠳᠠᠭᠠᠭᠤᠯᠵᠤ᠂ | ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠵᠤ᠂ | ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢ ᠢᠳᠡᠪᠬᠢᠲᠡᠶ ᠬᠥᠭᠵᠢᠭᠦᠯᠤᠨ᠂ ᠠᠵᠤ ᠦᠢᠯᠡᠰ ᠤᠨ | ᠲᠣᠭᠠᠴᠢᠯᠠᠯᠲᠠ ᠶᠢ ᠲᠦᠷᠭᠡᠳᠬᠡᠬᠦ ᠬᠡᠷᠡᠭᠲᠡᠶ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ ᠤᠷᠬᠢᠯ | ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ | ᠰᠢᠨ᠎ᠡ ᠡᠨᠧᠷᠭᠢ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠤᠯᠤᠰ ᠤᠨ ᠳᠣᠲᠣᠭᠠᠳᠤ ᠶᠢᠨ ᠬᠡᠷᠡᠭᠴᠡᠭᠡ ᠲᠦᠷᠭᠡᠨ | ᠰᠡᠷᠭᠦᠬᠦ ᠶᠢ ᠠᠬᠢᠭᠤᠯᠵᠤ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠪᠠ ᠠᠷᠠᠳ ᠤᠨ ᠪᠡᠯᠡ ᠣᠷᠣᠭᠤᠯᠤᠯᠲᠠ | ᠲᠦᠷᠭᠡᠨ ᠰᠡᠷᠭᠦᠬᠦ ᠶᠢ ᠠᠬᠢᠭᠤᠯᠤᠨ᠂ ᠤᠯᠤᠰ ᠤᠨ ᠴᠢᠬᠤᠯᠠ ᠶᠡᠭᠡ ᠲᠦᠷᠦᠯ ᠵᠦᠢᠯ ᠳᠤ ᠬᠡᠷᠡᠭᠯᠡᠬᠦ ᠭᠠᠵᠠᠷ ᠵᠡᠷᠭᠡ | ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ | ᠠᠵᠢᠯᠯᠠᠭᠠᠨ ᠤ ᠬᠥᠲᠥᠯᠪᠦᠷᠢ ᠶᠢ ᠲᠣᠭᠲᠠᠭᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠨᠡᠶᠢᠳᠡᠮ | ᠨᠡᠮᠡᠭᠳᠡᠬᠦ ᠪᠠᠷ ᠳᠣᠲᠣᠭᠠᠳᠤ ᠬᠡᠷᠡᠭᠴᠡᠭᠡ ᠶᠢ ᠦᠷᠭᠦᠯᠵᠢᠯᠡᠨ ᠥᠷᠭᠡᠳᠬᠡᠬᠦ ᠶᠢ ᠲᠤᠯᠭᠠᠭᠤᠷᠢᠯᠠᠬᠤ ᠬᠡᠷᠡᠭᠲᠡᠢ᠃ | ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠭᠦᠨᠵᠡᠭᠡᠶ ᠬᠡᠷᠡᠭᠵᠢᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠣᠷᠴᠢᠨ ᠢ ᠰᠢᠯᠢᠳᠡᠭᠵᠢᠭᠦᠯᠤᠨ᠂ ᠡᠯ᠎ᠡ ᠲᠥᠷᠥᠯ ᠤᠨ | ᠥᠨᠳᠥᠷ ᠲᠦᠪᠰᠢᠨ ᠪᠥᠬᠦᠶ ᠨᠡᠭᠡᠭᠡᠯᠲᠡ ᠶᠢᠨ ᠲᠠᠪᠴᠠᠩ ᠢ ᠲᠦᠷᠭᠡᠳᠬᠡᠨ ᠪᠠᠶᠢᠭᠤᠯᠵᠤ᠂ ︽ᠨᠢᠭᠡ ᠪᠦᠰᠡ ᠨᠢᠭᠡ ᠵᠠᠮ | ︾ ᠢ ᠬᠠᠮᠲᠤ ᠪᠠᠷ ᠪᠥᠲᠥᠭᠡᠨ ᠪᠠᠶᠢᠭᠤᠯᠬᠤ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠠᠵᠤ | ᠠᠬᠤᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠣᠷᠣᠨ ᠨᠤᠲᠤᠭ ᠤᠨ ᠨᠠᠮ | ᠵᠠᠰᠠᠭ ᠤᠨ ᠭᠤᠣᠯ ᠤᠳᠤᠷᠢᠳᠤᠯᠭ᠎ᠠ ᠬᠠᠷᠢᠭᠤᠴᠠᠵᠦ ᠪᠠᠶᠢᠭ᠎ᠠ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠲᠠᠪᠴᠠᠩᠳᠦ ᠠᠵᠤ ᠠᠬᠤᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠡᠷᠬᠡ ᠲᠡᠭᠰᠢ ᠪᠠᠷ ᠦᠷᠢᠰᠦᠯᠳᠦᠬᠦ ᠶᠢ ᠠᠬᠢᠭᠤᠯᠬᠤ ᠬᠡᠷᠡᠭᠲᠡᠢ᠃ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ | ᠲᠥᠷᠥ ᠶᠢᠨ ᠪᠣᠳᠣᠯᠭ᠎ᠠ ᠶᠢ ᠴᠢᠩᠭᠠᠳᠬᠠᠨ᠂ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠤᠶᠤᠳᠠᠳ ᠵᠡᠷᠭᠡ | ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤᠮᠳᠠ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠮᠢᠳᠤᠷᠠᠯ ᠢ | ᠦᠷᠭᠦᠯᠵᠢᠯᠡᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ | ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠭᠡᠷ ᠪᠠᠶᠢᠰᠢᠩ ᠪᠤᠯ ᠰᠠᠭᠤᠬᠤ ᠳᠤ | ᠵᠤᠷᠢᠭᠤᠯᠤᠭᠰᠠᠨ ᠶᠤᠮ᠂ ᠬᠠᠷᠢᠨ ᠰᠠᠷᠢᠭᠠᠯᠠᠬᠤ ᠳᠤ ᠵᠤᠷᠢᠭᠤᠯᠤᠭᠰᠠᠨ ᠪᠢᠰᠢ ᠭᠡᠬᠦ ᠪᠠᠶᠢᠷᠢ ᠲᠣᠭᠲᠠᠭᠠᠯᠲᠠ ᠶᠢ | ᠪᠠᠷᠢᠮᠲᠠᠯᠠᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠ ᠬᠠᠮᠲᠤ ᠶᠢᠨ ᠦᠮᠴᠢᠯᠡᠯ ᠤᠨ | ᠡᠷᠬᠡᠳᠦ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠰᠤᠷᠭᠠᠭᠤᠯᠢ ᠶᠢᠨ ᠲᠣᠭᠤᠷᠢᠭ ᠤᠨ ᠭᠡᠷ ᠵᠡᠷᠭᠡ | ᠨᠡᠷ᠎ᠡ ᠪᠠᠷ ᠤᠷᠤᠨ ᠰᠠᠭᠤᠴᠠ ᠶᠢᠨ ᠦᠨ᠎ᠡ ᠶᠢ ᠦᠰᠭᠡᠬᠦ ᠶᠢ ᠰᠡᠷᠭᠡᠶᠢᠯᠡᠬᠦ ᠬᠡᠷᠡᠭᠲᠡᠢ᠃ ᠠᠶᠤᠯᠭᠦᠶ ᠦᠢᠯᠡᠳᠪᠦᠷᠢᠯᠡᠯ ᠢ | ᠴᠥᠬᠦᠷᠡᠰᠢ ᠦᠭᠡᠢ ᠰᠠᠶᠢᠲᠤᠷ ᠠᠳᠬᠤᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ | ᠢᠮᠠᠭᠲᠠ ᠴᠢᠩᠭᠠᠯᠠᠨ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠲᠤᠳᠤᠭᠠᠳᠤ ᠳᠠᠭᠠᠨ | ᠲᠠᠬᠢᠨ ᠳᠡᠯᠭᠡᠷᠡᠬᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠸᠠᠺᠼᠢᠨ ᠲᠠᠷᠢᠬᠤ ᠠᠵᠢᠯ ᠢ ᠰᠠᠶᠢᠲᠤᠷ ᠠᠳᠬᠤᠨ᠂ | ᠬᠢᠵᠢᠭ ᠤᠨ ᠪᠠᠶᠢᠳᠠᠯ ᠢ ᠤᠯᠠᠨ ᠤᠯᠤᠰ ᠢᠶᠠᠷ ᠢᠶᠠᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ | ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠬᠤᠷᠠᠯ ᠠᠴᠠ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠤᠯᠤᠰ ᠤᠨ ᠭᠠᠵᠠᠷ ᠰᠢᠷᠣᠶ ᠶᠢᠨ | ᠪᠠᠶᠢᠴᠠᠭᠠᠯᠲᠠ ᠪᠣᠯ ᠣᠶᠢᠷ᠎ᠠ ᠶᠢᠨ ᠵᠢᠯ ᠠᠴᠠ ᠨᠠᠭᠠᠰᠢ ᠥᠷᠨᠢᠭᠦᠯᠦᠭᠰᠡᠨ ᠨᠢᠭᠡ ᠤᠳᠠᠭᠠᠨ ᠤ ᠴᠢᠬᠤᠯᠠ ᠶᠡᠭᠡ | ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠪᠣᠯᠤᠨ᠎ᠠ᠂ ᠪᠠᠰᠠ ᠴᠤ ᠨᠠᠮ ᠪᠤᠯᠤᠨ ᠲᠥᠷᠥ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭ᠎ᠠ ᠨᠢᠭᠡᠳᠦᠯᠲᠡᠶ ᠥᠷᠨᠢᠭᠦᠯᠦᠭᠰᠡᠨ ᠪᠠᠶᠢᠭᠠᠯᠢ ᠶᠢᠨ ᠡᠬᠢ ᠪᠠᠶᠠᠯᠢᠭ ᠤᠨ | ᠰᠠᠭᠤᠷᠢ ᠪᠠᠶᠢᠴᠠᠭᠠᠯᠲᠠ ᠪᠣᠯᠤᠨ᠎ᠠ᠂ ᠪᠠᠶᠢᠴᠠᠭᠠᠯᠲᠠ ᠳᠤ ᠲᠤᠰᠬᠠᠭᠰᠠᠨ ᠠᠰᠠᠭᠤᠳᠠᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠂ ᠭᠦᠨᠵᠡᠭᠡᠶ ᠵᠠᠳᠠᠯᠵᠤ᠂ ᠴᠢᠭᠯᠡᠭᠦᠯᠦᠯᠲᠦ ᠴᠢᠨᠠᠷᠲᠠᠶ ᠠᠷᠭ᠎ᠠ ᠬᠡᠮᠵᠢᠶ᠎ᠡ ᠠᠪᠴᠤ ᠦᠨᠡᠨ ᠬᠦ | ᠰᠢᠢᠳᠪᠦᠷᠢᠯᠡᠬᠦ ᠬᠡᠷᠡᠭᠲᠡᠶ ᠬᠡᠵᠤ ᠵᠢᠭᠠᠵᠤ ᠭᠠᠷᠭᠠᠪᠠ᠃ | ᠬᠤᠷᠠᠯ ᠠᠴᠠ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠪᠠᠷᠢᠮᠲᠠᠯᠠᠵᠤ᠂ ᠬᠥᠳᠡᠭᠡ | ᠲᠣᠰᠬᠤᠨ ᠤ ᠬᠡᠷᠡᠭᠯᠡᠬᠦ ᠭᠠᠵᠠᠷ ᠤᠨ ᠪᠠᠶᠢᠷᠢᠰᠢᠯ ᠢ ᠰᠢᠯᠢᠳᠡᠭᠵᠢᠭᠦᠯᠦᠨ ᠲᠣᠬᠢᠷᠠᠭᠤᠯᠵᠤ᠂ ᠡᠯ᠎ᠡ ᠭᠠᠵᠠᠷ ᠤᠨ ᠲᠠᠷᠢᠶᠠᠨ | ᠭᠠᠵᠠᠷ ᠤᠨ ᠬᠡᠮᠵᠢᠶ᠎ᠡ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠲᠣᠭᠲᠠᠭᠠᠵᠤ᠂ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠵᠢᠷᠤᠮᠵᠢᠭᠤᠯᠤᠨ᠂ ᠣᠷᠳᠣ | ᠬᠤᠭᠤᠴᠠᠭ᠎ᠠ ᠪᠠᠷ ᠲᠣᠭᠲᠠᠭᠤᠨ ᠢᠶᠠᠷ ᠠᠰᠢᠬᠯᠠᠵᠤ ᠪᠣᠯᠬᠤ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢ ᠳᠠᠭᠢᠵᠤ | ᠪᠠᠭᠠᠰᠬᠠᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ | ᠪᠣᠯᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ | ᠡᠭᠦᠷᠭᠡᠯᠡᠬᠦ ᠶᠢ ᠬᠡᠷᠡᠭᠵᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ | ᠪᠤᠶᠤ ᠲᠠᠷᠢᠶᠠᠨ ᠭᠠᠵᠠᠷ ᠤᠨ ᠬᠡᠷᠡᠭᠴᠡᠭᠡ ᠶᠢ ᠬᠤᠪᠢᠷᠠᠭᠤᠯᠤᠭᠰᠠᠨ ᠡᠯ᠎ᠡ ᠵᠦᠢᠯ ᠤᠨ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠬᠦ ᠠᠴᠠ ᠭᠠᠷᠳᠠᠨ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ | ᠬᠤᠷᠢᠬᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠢᠩᠭ᠎ᠠ ᠬᠠᠮᠢᠶᠠᠷᠤᠨ ᠡᠵᠡᠮᠳᠡᠵᠦ᠂ ᠲᠠᠷᠢᠶᠠᠨ ᠭᠠᠵᠠᠷ ᠢ | ᠬᠠᠮᠠᠭᠠᠯᠠᠬᠤ ᠲᠠᠯ᠎ᠠ ᠪᠠᠷ ᠵᠠᠷᠯᠢᠭ ᠪᠠᠶᠢᠭᠠᠳ ᠬᠡᠷᠡᠭᠵᠢᠭᠦᠯᠬᠦ ᠥᠬᠡᠶ᠂ ᠴᠠᠭᠠᠵᠠ ᠪᠠᠶᠢᠭᠠᠳ ᠵᠤᠬᠰᠤᠬᠤ ᠦᠬᠡᠢ᠂ | ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠰᠢᠰᠲ᠋ᠧᠮᠳᠦ ᠦᠵᠡᠯᠲᠡ ᠶᠢ ᠪᠠᠷᠢᠮᠲᠠᠯᠠᠵᠤ᠂ ᠦᠵᠦ ᠲᠥᠯᠥᠪᠵᠢᠭᠦᠯᠭᠡ ᠶᠢ ᠴᠢᠩᠭᠠᠳᠬᠠᠨ᠂ ᠲᠤᠬᠠᠢ ᠶᠢᠨ ᠭᠠᠵᠠᠷ ᠤᠨ | ᠪᠠᠶᠢᠳᠠᠯ ᠳᠤᠨᠢ ᠲᠤᠬᠢᠷᠠᠭᠤᠯᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ | ᠬᠡᠷᠡᠭᠲᠡᠢ᠃ ᠠᠷᠪᠢᠯᠠᠬᠤ ᠡᠷᠴᠢᠮᠵᠢᠭᠦᠯᠬᠦ ᠶᠢ ᠪᠠᠷᠢᠮᠲᠠᠯᠠᠵᠤ᠂ ᠰᠢᠨ᠎ᠡ ᠪᠠᠷ ᠨᠡᠮᠡᠭᠳᠡᠬᠦ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠡᠪᠴᠢᠶ᠎ᠡ ᠶᠢ ᠵᠣᠬᠢᠰᠲᠠᠢ ᠲᠣᠭᠲᠠᠭᠠᠨ᠂ ᠭᠠᠵᠠᠷ ᠰᠢᠷᠣᠢ ᠶᠢ ᠨᠡᠭᠡᠭᠡᠨ ᠠᠰᠢᠬᠯᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠦᠯᠡᠳᠡᠭᠡᠯ ᠭᠠᠵᠠᠷ ᠢ ᠨᠡᠭᠡᠭᠡᠨ ᠠᠰᠢᠬᠯᠠᠬᠤ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠣᠷᠳᠣᠨ ᠬᠦᠳᠤᠯᠤᠨ | ᠵᠢᠯᠤᠭᠤᠳᠴᠤ ᠵᠠᠬ᠎ᠠ ᠳᠡᠯᠭᠡᠭᠦᠷ ᠤᠷᠤᠯᠴᠠᠬᠰᠠᠨ ᠬᠤᠲᠠ ᠪᠠᠯᠭᠠᠰᠤᠨ ᠤ ᠳᠤᠤᠷ᠎ᠠ ᠦᠷ᠎ᠡ ᠠᠰᠢᠭ ᠢᠶᠠᠷ ᠬᠡᠷᠡᠭᠯᠡᠬᠦ | ᠭᠠᠵᠠᠷ ᠢ ᠳᠠᠬᠢᠨ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠶ᠃ | ᠭᠠᠵᠠᠷ ᠰᠢᠷᠣᠶ ᠬᠡᠷᠡᠭᠯᠡᠬᠦ ᠪᠠᠷᠢᠮᠵᠢᠶ᠎ᠠ ᠪᠣᠯᠤᠨ ᠭᠠᠵᠠᠷ ᠰᠢᠷᠤᠢ ᠶᠢ ᠠᠷᠪᠢᠴᠢ ᠭᠠᠮᠳᠠᠢ ᠡᠷᠴᠢᠮᠵᠢᠬᠦᠯᠤᠨ ᠬᠡᠷᠡᠭᠯᠡᠬᠦ | ᠦᠨᠡᠯᠡᠯᠲᠡ ᠶᠢ ᠴᠢᠩᠭᠠᠳᠬᠠᠵᠤ᠂ ᠭᠠᠵᠠᠷ ᠰᠢᠷᠤᠢ ᠶᠢ ᠠᠷᠪᠢᠯᠠᠬᠤ ᠵᠠᠭᠪᠤᠷ ᠢ ᠶᠡᠭᠡ ᠪᠠᠷ ᠳᠡᠯᠭᠡᠷᠡᠭᠦᠯᠬᠦ ᠬᠡᠷᠡᠭᠲᠡᠶ᠃ | ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ ᠬᠡᠷᠡᠭᠯᠡᠬᠦ ᠶᠢ ᠴᠢᠩᠭᠠᠳᠬᠠᠵᠤ᠂ ᠡᠨᠡ ᠬᠦ ᠰᠠᠭᠤᠷᠢᠨ | ᠳᠡᠭᠡᠷ᠎ᠡ ᠭᠠᠵᠠᠷ ᠰᠢᠷᠤᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠠᠬᠤᠢ ᠶᠢᠨ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ | ᠪᠠᠶᠠᠯᠢᠭ ᠢ ᠠᠰᠢᠬᠯᠠᠬᠤ ᠬᠢᠵᠠᠭᠠᠷ ᠱᠤᠭᠤᠮ ᠢ ᠲᠤᠬᠢᠷᠠᠭᠤᠯᠬᠤ ᠶᠢᠨ ᠬᠠᠮᠳᠦ ᠤᠯᠠᠮ ᠨᠢᠭᠡ ᠠᠯᠬᠤᠮ ᠲᠣᠳᠣᠷᠬᠠᠢ | ᠪᠣᠯᠭᠠᠬᠤ ᠬᠡᠷᠡᠭᠲᠡᠢ᠃ ᠤᠯᠤᠰ ᠤᠨ ᠡᠬᠢ ᠪᠠᠶᠠᠯᠢᠭ ᠤᠨ ᠪᠠᠶᠢᠳᠠᠯ ᠤᠨ ᠲᠤᠬᠠᠢ ᠤᠬᠠᠭᠤᠯᠭ᠎ᠠ ᠬᠥᠮᠦᠵᠢᠯ ᠢ ᠭᠦᠨᠵᠡᠭᠡᠢ | ᠥᠷᠨᠢᠭᠦᠯᠵᠦ᠂ ᠨᠡᠶᠢᠭᠡᠮ ᠳᠠᠶᠠᠭᠠᠷ ᠲᠤ ᠡᠬᠢ ᠪᠠᠶᠠᠯᠢᠭ ᠢ ᠠᠷᠪᠢᠯᠠᠨ ᠠᠰᠢᠠᠠᠯᠠᠬᠤ ᠤᠬᠠᠮᠰᠠᠷ ᠢ ᠪᠠᠲᠤ ᠴᠤᠭᠴᠠᠯᠠᠬᠤ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠢᠭᠲᠠ ᠴᠢᠩᠭ᠎ᠠ ᠵᠣᠬᠢᠶᠠᠨ ᠪᠠᠶᠢᠭᠤᠯᠤᠯᠲᠠ ᠪᠣᠯ ᠨᠠᠮ ᠤᠨ ᠢᠷᠠᠭᠤ ᠠᠯᠳᠠᠷᠲᠤ ᠤᠯᠠᠮᠵᠢᠯᠠᠯ | ᠪᠠ ᠥᠪᠡᠷᠮᠢᠴᠡ ᠳᠠᠪᠠᠭᠤᠯᠢᠭ ᠮᠥᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ | ᠪᠠᠶᠢᠭᠤᠯᠤᠯᠳᠠ ᠶᠢᠨ ᠠᠵᠢᠯ ᠤᠨ ᠲᠦᠷᠢᠮ︾ ᠢ ᠲᠣᠭᠲᠠᠭᠠᠨ ᠨᠡᠶᠢᠲᠡᠯᠡᠭᠰᠡᠨ ᠨᠢ ᠵᠣᠬᠢᠶᠠᠨ ᠪᠠᠶᠢᠭᠤᠯᠤᠯᠲᠠ ᠶᠢᠨ | ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ᠂ ᠰᠢᠨ᠎ᠡ ᠴᠠᠭ | ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠶ ᠲᠤᠭᠤᠰᠢᠯᠠᠭᠤᠯᠬᠤ᠂ ᠵᠣᠬᠢᠶᠠᠨ | ᠪᠠᠶᠢᠭᠤᠯᠤᠯᠲᠠ ᠶᠢᠨ ᠠᠵᠢᠯ ᠤᠨ ᠳᠦᠷᠢᠮᠵᠢᠯᠲᠡ ᠵᠢᠷᠤᠮᠵᠢᠯᠲᠠ ᠰᠢᠨᠵᠢᠯᠡᠬᠦ ᠤᠬᠠᠭᠠᠨᠴᠢᠯᠠᠯᠲᠠ ᠶᠢ ᠠᠬᠢᠭᠤᠯᠬᠤ᠂ | ᠵᠣᠬᠢᠶᠠᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ ᠭᠡᠵᠦ ᠵᠢᠭᠠᠵᠦ ᠭᠠᠷᠭᠠᠪᠠ᠃ | ᠬᠤᠷᠠᠯ ᠠᠴᠠ᠂ ᠰᠢᠨ᠎ᠡ ᠴᠠᠭ ᠦᠶ᠎ᠡ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠳᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠱᠤᠭᠤᠮ ᠨᠢ ᠤᠯᠤᠰ | ᠲᠦᠷᠦ ᠶᠢᠨ ᠱᠤᠭᠤᠮ ᠳᠤ ᠦᠢᠯᠡᠴᠢᠯᠡᠭᠦ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠵᠣᠬᠢᠶᠠᠨ | ᠪᠠᠶᠢᠭᠤᠯᠤᠯᠲᠠ ᠶᠢᠨ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠨᠠᠮ ᠤᠨ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠲᠥᠪᠯᠡᠷᠡᠩᠭᠦᠢ ᠨᠢᠭᠡᠳᠦᠯᠲᠡᠢ | ᠵᠣᠬᠢᠶᠠᠨ ᠪᠠᠶᠢᠭᠤᠯᠤᠯᠲᠠ ᠶᠢᠨ ᠲᠦᠷᠢᠮ ᠢ ᠪᠦᠷᠢᠨᠰᠢᠬᠦᠯᠤᠨ ᠬᠠᠮᠠᠭᠠᠯᠠᠵᠤ᠂ ᠳᠡᠭᠡᠳᠦ ᠲᠤᠤᠷᠠᠳᠤ ᠱᠠᠳᠤ ᠶᠢ | ᠬᠤᠯᠪᠤᠭᠰᠠᠨ᠂ ᠬᠡᠷᠡᠭᠵᠢᠭᠦᠯᠦᠯᠲᠡ ᠡᠷᠴᠢᠮᠳᠠᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠤᠨ᠂ | ᠨᠠᠮ ᠤᠨ ᠤᠯᠤᠰ ᠲᠦᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠦᠳᠦᠯᠦᠨ ᠳᠠᠭᠠᠭᠤᠯᠬᠤ ᠬᠦᠴᠦᠨ᠂ | ᠤᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢ ᠲᠠᠰᠤᠷᠠᠯᠳᠠ ᠦᠭᠡᠢ | ᠴᠢᠩᠭᠠᠳᠬᠠᠬᠤ ᠬᠡᠷᠡᠭᠲᠡᠢ᠃ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠲᠤᠭᠤᠰᠢᠯᠠᠭᠤᠯᠵᠤ᠂ ᠰᠠᠶᠢᠨ ᠺᠠᠳ᠋ᠷ ᠤᠨ | ᠪᠠᠷᠢᠮᠵᠢᠶ᠎ᠠ ᠶᠢ ᠪᠠᠷᠢᠮᠲᠠᠯᠠᠨ᠂ ᠮᠣᠷᠠᠯ ᠴᠢᠳᠠᠪᠤᠷᠢ ᠶᠢ ᠬᠤᠣᠰᠯᠠᠭᠤᠯᠬᠤ᠂ ᠮᠣᠷᠠᠯ ᠢ ᠲᠡᠷᠢᠭᠦᠨ ᠳᠤ ᠲᠠᠯᠪᠢᠬᠤ᠂ ᠲᠠᠪᠤᠨ | ᠲᠢᠪ ᠲᠦᠷᠪᠡᠨ ᠲᠠᠯᠠᠢ ᠶᠢᠨ ᠡᠷᠳᠡᠮᠲᠡᠨ ᠮᠡᠷᠭᠡᠳ ᠢ ᠬᠡᠷᠡᠭᠯᠡᠬᠦ ᠶᠢ ᠪᠠᠷᠢᠮᠲᠠᠯᠠᠵᠤ᠂ ᠬᠥᠮᠦᠨ ᠢ ᠵᠦᠪ ᠰᠤᠩᠭᠤᠵᠤ | ᠬᠡᠷᠡᠭᠯᠡᠬᠦ ᠤᠳᠤᠷᠢᠳᠤᠮᠵᠢ ᠶᠢ ᠪᠠᠷᠢᠮᠲᠠᠯᠠᠨ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠲᠠᠢ ᠥᠨᠳᠥᠷ | ᠬᠡᠪ ᠪᠤᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ᠃ ᠨᠠᠮ ᠠᠴᠠ | ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠲᠤᠭᠤᠰᠢᠯᠠᠭᠤᠯᠵᠤ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ | ᠨᠡᠭᠡᠭᠡᠯᠲᠡᠲᠤ ᠪᠠᠭᠲᠠᠭᠠᠮᠵᠢᠲᠠᠢ᠂ ᠠᠵᠢᠯᠯᠠᠭ᠎ᠠ ᠨᠢ ᠥᠨᠳᠥᠷ ᠪᠦᠲᠦᠮᠵᠢᠲᠡᠢ ᠴᠢᠳᠠᠪᠤᠷᠢᠲᠠᠨ ᠤ ᠬᠥᠭᠵᠢᠯᠲᠡ | ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠤᠯᠤᠰ ᠢᠶᠠᠨ ᠬᠠᠶᠢᠷᠠᠯᠠᠵᠤ ᠡᠷᠡᠮᠡᠬᠡᠶᠢᠯᠡᠨ ᠲᠡᠮᠡᠴᠡᠬᠦ ᠪᠠᠷ ᠵᠣᠷᠢᠭ | ᠰᠢᠭᠤᠳᠤᠭᠰᠠᠨ᠂ ᠵᠣᠷᠢᠭᠲᠠᠢ ᠪᠠᠷ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠰᠢᠯᠢᠳᠡᠭ ᠴᠢᠳᠠᠪᠤᠷᠢᠲᠠᠨ ᠤ | ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠵᠣᠬᠢᠶᠠᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠤᠳᠤᠷᠢᠳᠬᠤ ᠬᠠᠷᠢᠭᠤᠴᠠᠯᠭ᠎ᠠ ᠶᠢ | ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠰᠢᠰᠲ᠋ᠧᠮ ᠲᠠᠢ ᠲᠥᠯᠥᠪᠵᠢᠭᠦᠯᠬᠦ᠂ ᠨᠢᠭᠡᠳᠦᠯᠲᠡᠶ ᠲᠥᠯᠥᠪᠵᠢᠭᠦᠯᠦᠨ | ᠵᠣᠬᠢᠴᠠᠭᠤᠯᠬᠤ᠂ ᠪᠤᠭᠤᠮᠳᠠ ᠶᠢ ᠰᠠᠬᠢᠨ ᠴᠢᠭᠯᠡᠯ ᠢ ᠲᠤᠭᠳᠠᠭᠠᠬᠤ ᠶᠢ ᠴᠢᠩᠭᠠᠳᠬᠠᠨ᠂ ᠵᠣᠬᠢᠶᠠᠨ ᠪᠠᠶᠢᠭᠤᠯᠤᠯᠲᠠ ᠶᠢ | ᠴᠢᠩᠭᠠᠳᠬᠠᠬᠤ᠂ ᠤᠳᠤᠷᠢᠳᠬᠤ ᠪᠠᠭ ᠢ ᠠᠳᠬᠤᠬᠤ᠂ ᠡᠩᠨᠡᠭᠡ ᠶᠢ ᠳᠠᠭᠠᠭᠤᠯᠬᠤ᠂ ᠴᠢᠳᠠᠪᠤᠷᠢᠲᠠᠨ ᠢ ᠬᠥᠮᠦᠵᠢᠭᠦᠯᠬᠦ | ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠠᠵᠢᠯ ᠳᠤ ᠰᠠᠶᠢᠨ ᠰᠠᠶᠢᠬᠠᠨ | ᠨᠥᠬᠦᠴᠡᠯ ᠡᠭᠦᠳᠴᠦ᠂ ᠰᠠᠶᠢᠨ ᠰᠠᠶᠢᠬᠠᠨ ᠣᠷᠴᠢᠨ ᠡᠭᠦᠳᠴᠤ ᠦᠭᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |