ᠯᠢ ᠺᠧ ᠴᠢᠶᠠᠩ ᠭᠧᠷᠮᠠᠨ ᠤ ᠶᠡᠷᠦᠩᠬᠡᠢ ᠰᠠᠶᠢᠳ ᠮᠤᠺᠧᠷ ᠲᠠᠢ ᠬᠠᠮᠲᠤ ᠠᠷᠪᠠᠳᠤᠭᠠᠷ ᠬᠤᠭᠤᠴᠠᠭᠠᠨ ᠤ ᠳᠤᠮᠳᠠᠳᠤ ᠭᠧᠷᠮᠠᠨ ᠤ ᠠᠵᠤ ᠠᠬᠤᠢ ᠮᠡᠷᠭᠡᠵᠢᠯ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠳᠤ ᠣᠷᠣᠯᠴᠠᠭᠰᠠᠨ ᠬᠤᠶᠠᠷ ᠤᠯᠤᠰ ᠤᠨ ᠠᠵᠤ ᠠᠬᠤᠢ ᠶᠢᠨ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2021/5/7
     ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ ᠭᠧᠷᠮᠠᠨ ᠤ ᠶᠡᠷᠦᠩᠬᠡᠢ ᠰᠠᠶᠢᠳ ᠮᠤᠺᠧᠷ ᠲᠠᠢ ᠬᠠᠮᠲᠤ ᠪᠠᠷ ᠵᠢᠷᠭᠤᠳᠤᠭᠠᠷ ᠡᠭᠡᠯᠵᠢ ᠶᠢᠨ ᠳᠤᠮᠳᠠᠳᠤ ᠭᠧᠷᠮᠠᠨ ᠤ ᠵᠠᠰᠠᠭ ᠤᠨ ᠣᠷᠳᠣᠨ ᠤ ᠵᠥᠪᠳᠡᠯᠴᠡᠭᠡ ᠶᠢ ᠡᠷᠬᠢᠯᠡᠬᠦ ᠬᠤᠭᠤᠴᠠᠭᠠᠨ ᠳᠤ᠂ ᠸᠢᠳᠢᠣ᠋ ᠶᠢᠨ ᠬᠡᠯᠪᠡᠷᠢ ᠪᠠᠷ ᠠᠷᠪᠠᠳᠤᠭᠠᠷ ᠬᠤᠭᠤᠴᠠᠭᠠᠨ ᠤ ᠳᠤᠮᠳᠠᠳᠤ ᠭᠧᠷᠮᠠᠨ ᠤ ᠠᠵᠤ ᠠᠬᠤᠢ ᠮᠡᠷᠭᠡᠵᠢᠯ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠳᠤ ᠣᠷᠣᠯᠴᠠᠭᠰᠠᠨ ᠬᠤᠶᠠᠷ ᠤᠯᠤᠰ ᠤᠨ ᠠᠵᠤ ᠠᠬᠤᠢ ᠶᠢᠨ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠪᠠ᠃ ᠬᠤᠶᠠᠷ ᠤᠯᠤᠰ ᠤᠨ ᠶᠡᠷᠦᠩᠬᠡᠢ ᠰᠠᠶᠢᠳ ᠳᠤᠮᠳᠠᠳᠤ ᠤᠯᠤᠰ ᠤᠨ ᠪᠠᠢ ᠳ᠋ᠦ᠋᠂ ᠨᠠᠨ ᠹᠠᠩ ᠴᠠᠬᠢᠯᠭᠠᠨ ᠲᠣᠣᠷ᠂ ᠰᠠᠨ ᠰᠢᠶᠠ ᠪᠦᠯᠦᠭᠯᠡᠯ ᠪᠣᠯᠤᠨ ᠭᠧᠷᠮᠠᠨ ᠤ ᠲᠠᠯ᠎ᠠ ᠶᠢᠨ ᠰᠢ ᠮᠧᠨ ᠽᠢ᠂ ᠺᠧ ᠯᠧ ᠱᠸᠦ᠂ ᠪᠦᠦ ᠮᠠ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠶᠠᠷᠢᠶ᠎ᠠ ᠶᠢ ᠰᠣᠨᠣᠰᠤᠭᠰᠠᠨ ᠪᠥᠭᠡᠳ ᠲᠡᠳᠡᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠭᠧᠷᠮᠠᠨ ᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠲᠠᠰᠤᠷᠠᠯᠳᠡ ᠦᠭᠡᠢ ᠭᠦᠨᠵᠡᠭᠡᠶᠢᠷᠡᠵᠦ ᠪᠠᠶᠢᠨ᠎ᠠ᠃ ᠨᠢᠳᠤᠨᠤᠨ ᠬᠢᠵᠢᠭ ᠤᠨ ᠪᠠᠶᠢᠳᠠᠯ ᠤᠨ ᠲᠠᠭᠠᠷᠢᠯᠳᠠ ᠳᠤ ᠤᠴᠠᠷᠠᠭᠰᠠᠨ ᠪᠣᠯᠪᠠᠴᠤ᠂ ᠬᠤᠶᠠᠷ ᠤᠯᠤᠰ ᠤᠨ ᠠᠷᠠᠯᠵᠢᠶᠠᠨ ᠤ ᠬᠡᠮᠵᠢᠶ᠎ᠡ ᠮᠥᠨ ᠬᠦ ᠤᠷᠤᠰᠬᠠᠯ ᠰᠥᠷᠥᠨ ᠨᠡᠮᠡᠭᠳᠡᠵᠦ᠂ ᠡᠨᠡ ᠵᠢᠯ ᠤᠨ ᠨᠢᠭᠡᠳᠦᠭᠡᠷ ᠤᠯᠠᠷᠢᠯ ᠳᠤ ᠨᠡᠩ ᠴᠤ ᠠᠳᠠᠯᠢ ᠬᠤᠭᠤᠴᠠᠭᠠᠨ ᠤ ᠬᠢ ᠠᠴᠠ 41.5% ᠪᠠᠷ ᠨᠡᠮᠡᠭᠳᠡᠵᠦ᠂ ᠳᠤᠮᠳᠠᠳᠤ ᠭᠧᠷᠮᠠᠨ ᠤ ᠬᠠᠮᠲᠤᠷᠠᠯᠴᠠᠭ᠎ᠠ ᠶᠢᠨ ᠥᠨᠳᠥᠷ ᠲᠦᠪᠰᠢᠨ ᠪᠠ ᠯᠤᠲᠤ ᠶᠡᠭᠡ ᠲᠠᠯᠳᠠ ᠬᠦᠴᠦᠨ ᠢ ᠭᠦᠢᠴᠡᠳ ᠢᠯᠡᠷᠡᠭᠦᠯᠵᠡᠢ᠃ ᠣᠳᠣᠬᠠᠨ ᠳᠤ ᠳᠤᠮᠳᠠᠳᠤ ᠤᠯᠤᠰ ᠲᠤ ᠪᠠᠶᠢᠭ᠎ᠠ ᠭᠧᠷᠮᠠᠨ ᠤ 7000 ᠭᠠᠷᠤᠢ ᠠᠵᠤ ᠠᠬᠤᠶᠢᠯᠠᠯ ᠪᠣᠯᠤᠨ ᠭᠧᠷᠮᠠᠨ ᠳᠤ ᠪᠠᠶᠢᠭ᠎ᠠ ᠳᠤᠮᠳᠠᠳᠤ ᠤᠯᠤᠰ ᠤᠨ 2000 ᠭᠠᠷᠤᠢ ᠠᠵᠤ ᠠᠬᠤᠶᠢᠯᠠᠯ ᠨᠢ ᠨᠢᠭᠡᠨᠲᠡ ᠬᠤᠶᠠᠷ ᠤᠯᠤᠰ ᠤᠨ ᠬᠠᠮᠲᠤᠷᠠᠯᠴᠠᠭᠠᠨ ᠤ ︽ᠭᠤᠣᠯ ᠬᠦᠴᠦᠨ︾ ᠪᠣᠯᠤᠭᠰᠠᠨ ᠪᠠᠶᠢᠨ᠎ᠠ ᠭᠡᠵᠡᠢ᠃      ᠯᠢ ᠺᠧ ᠴᠢᠶᠠᠩ ᠵᠢᠭᠠᠬᠤ ᠳᠤ ᠪᠠᠨ᠂ ᠣᠳᠣᠬᠠᠨ ᠤ ᠪᠠᠶᠢᠳᠠᠯ ᠳᠣᠣᠷ᠎ᠠ᠂ ᠬᠤᠶᠠᠷ ᠲᠠᠯ᠎ᠠ ᠪᠠᠷ ᠢᠶᠠᠨ ᠬᠢᠵᠢᠭ ᠤᠨ ᠪᠠᠶᠢᠳᠠᠯ ᠢ ᠡᠰᠡᠷᠭᠦᠴᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠢᠵᠢᠭ ᠢ ᠴᠢᠩᠭ᠎ᠠ ᠰᠡᠷᠭᠡᠶᠢᠯᠡᠭᠰᠡᠨ ᠤᠷᠢᠲᠠᠯ ᠳᠣᠣᠷ᠎ᠠ ᠬᠥᠮᠦᠰ ᠤᠨ ᠬᠠᠷᠢᠯᠴᠠᠭ᠎ᠠ ᠶᠠᠪᠤᠯᠴᠠᠭ᠎ᠠ ᠳᠤ ᠤᠯᠠᠮ ᠴᠢᠨᠠᠭᠰᠢᠳᠠ ᠲᠦᠬᠦᠮ ᠦᠵᠡᠭᠦᠯᠬᠦ ᠶᠢ ᠬᠦᠰᠡᠵᠦ ᠪᠠᠶᠢᠨ᠎ᠠ᠃ ᠸᠠᠺᠼᠢᠨ ᠪᠠ ᠣᠯᠠᠨ ᠤᠯᠤᠰ ᠤᠨ ᠡᠷᠡᠭᠦᠯ ᠮᠡᠨᠳᠦ ᠶᠢᠨ ᠺᠣᠳ᠋ ᠢ ᠬᠠᠷᠢᠯᠴᠠᠨ ᠮᠡᠳᠡᠷᠡᠬᠦ ᠶᠢ ᠢᠳᠡᠪᠬᠢᠲᠡᠶ ᠰᠦᠪᠡᠭᠴᠢᠯᠡᠵᠦ᠂ ᠠᠵᠤ ᠠᠬᠤᠶᠢᠯᠠᠯ ᠤᠨ ᠬᠡᠪ ᠤᠨ ᠡᠵᠡᠩᠨᠡᠯᠲᠡ ᠶᠢ ᠦᠨᠡᠨ ᠬᠦ ᠪᠠᠲᠤᠯᠠᠬᠤ᠂ ᠪᠥᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠬᠤ᠂ ᠳᠡᠯᠡᠬᠡᠶ ᠶᠢᠨ ᠠᠵᠤ ᠠᠬᠤᠶ ᠶᠢᠨ ᠰᠡᠷᠭᠦᠯᠲᠡ ᠶᠢ ᠳᠡᠮᠵᠢᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃      ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠳᠤᠮᠳᠠᠳᠤ ᠤᠯᠤᠰ ᠦᠷᠭᠦᠯᠵᠢᠯᠡᠨ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠵᠢᠭᠰᠠᠨ᠂ ᠳᠡᠯᠡᠬᠡᠶᠢᠵᠢᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠬᠤ ᠪᠠᠷ ᠴᠢᠷᠮᠠᠶᠢᠵᠤ᠂ ᠳᠣᠲᠣᠭᠠᠳᠤ ᠭᠠᠳᠠᠭᠠᠳᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠳᠤ ᠠᠳᠠᠯᠢᠬᠠᠨ ᠬᠠᠨᠳᠤᠵᠤ᠂ ᠭᠧᠷᠮᠠᠨ ᠢ ᠪᠠᠭᠲᠠᠭᠠᠭᠰᠠᠨ ᠡᠯ᠎ᠡ ᠤᠯᠤᠰ ᠤᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠤᠨ ᠦᠢᠯᠡᠰ ᠪᠤᠰᠬᠠᠵᠤ᠂ ᠬᠠᠷᠢᠯᠴᠠᠨ ᠠᠰᠢᠭᠲᠠᠢ ᠪᠠᠶᠢᠬᠤ᠂ ᠬᠠᠮᠲᠤ ᠪᠠᠷ ᠠᠰᠢᠭ ᠬᠦᠷᠳᠡᠬᠦ ᠶᠢ ᠨᠡᠩ ᠰᠠᠶᠢᠲᠤᠷ ᠪᠡᠶᠡᠯᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠡᠢ᠃      ᠮᠤᠺᠧᠷ ᠢᠯᠡᠷᠬᠡᠶᠢᠯᠡᠬᠦ ᠳᠤ ᠪᠠᠨ᠂ ᠭᠧᠷᠮᠠᠨ ᠳᠤᠮᠳᠠᠳᠤ ᠶᠢᠨ ᠦᠢᠯᠡᠳᠬᠡᠯ ᠤᠨ ᠦᠢᠯᠡᠰ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠲᠦᠢᠯ ᠤᠨ ᠨᠢᠭᠲᠠ ᠪᠣᠯᠵᠤ᠂ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠬᠤ ᠶᠢ ᠬᠦᠰᠡᠵᠦ ᠪᠠᠶᠢᠨ᠎ᠠ᠃ ᠭᠧᠷᠮᠠᠨ ᠤ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠬᠢᠨ ᠲᠠᠢ ᠬᠠᠷᠢᠯᠴᠠᠨ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠᠨ ᠥᠷᠭᠡᠳᠬᠡᠬᠦ᠂ ᠧᠦ᠋ᠷᠣᠫᠠ ᠳᠤᠮᠳᠠᠳᠤ ᠶᠢᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠤᠨ ᠡᠷᠲᠡ ᠡᠳᠦᠷ ᠬᠦᠴᠦᠨ ᠲᠠᠢ ᠪᠣᠯᠬᠤ ᠶᠢ ᠠᠬᠢᠭᠤᠯᠬᠤ ᠵᠡᠷᠭᠡ ᠠᠰᠠᠭᠤᠳᠠᠯ ᠤᠨ ᠲᠤᠬᠠᠢ ᠣᠶᠢᠯᠠᠭᠠᠯᠴᠠᠭ᠎ᠠ ᠨᠡᠪᠲᠡᠷᠡᠯᠴᠡᠭᠡ ᠪᠠᠨ ᠪᠠᠲᠤᠯᠠᠵᠤ᠂ ᠸᠠᠺᠼᠢᠨ ᠢ ᠬᠠᠷᠢᠯᠴᠠᠨ ᠮᠠᠭᠠᠳᠯᠠᠨ ᠲᠣᠭᠲᠠᠭᠠᠬᠤ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠡᠯ᠎ᠡ ᠬᠦᠷᠢᠶ᠎ᠡ ᠣᠨᠴᠠᠭᠠᠶᠢᠯᠠᠨ ᠠᠵᠤ ᠠᠬᠤᠢ ᠶᠢᠨ ᠡᠲᠡᠭᠡᠳ ᠤᠨ ᠬᠥᠮᠦᠰ ᠤᠨ ᠬᠡᠪ ᠤᠨ ᠶᠠᠪᠤᠯᠴᠠᠭ᠎ᠠ ᠶᠢ ᠪᠠᠲᠤᠯᠠᠨ᠎ᠠ᠃ ᠳᠤᠮᠳᠠᠳᠤ ᠤᠯᠤᠰ ᠤᠨ ᠠᠵᠤ ᠠᠬᠤᠶᠢᠯᠠᠯ ᠤᠨ ᠭᠧᠷᠮᠠᠨ ᠳᠤ ᠣᠴᠢᠵᠤ ᠪᠡᠯᠡ ᠣᠷᠣᠭᠤᠯᠬᠤ ᠶᠢ ᠪᠠᠶᠠᠷᠯᠠᠨ ᠤᠭᠲᠤᠵᠤ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃      ᠸᠠᠩ ᠢ᠂ ᠡᡁᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号