ᠨᠡᠶᠢᠬᠡᠮ ᠤᠨ ᠶᠠᠪᠤᠳᠠᠯ ᠤᠨ ᠭᠠᠵᠠᠷ ᠦᠢᠯᠡᠴᠢᠯᠡᠬᠡᠨ ᠤ ᠪᠠᠶᠢᠭᠤᠯᠤᠮᠵᠢ ᠪᠠᠨ ᠰᠢᠭᠰᠢᠨ ᠪᠠᠶᠢᠴᠠᠭᠠᠪᠠ
ᠨᠡᠶᠢᠲᠡᠯᠡᠭᠰᠡᠨ ᠴᠠᠭ᠄
2021/5/8
      ︽5.1︾ ᠤ ᠠᠮᠠᠷᠠᠯᠳᠠ ᠶᠢᠨ ᠠᠩᠬᠠᠨ ᠤ ᠡᠳᠤᠷ ᠨᠡᠶᠢᠬᠡᠮ ᠤᠨ ᠶᠠᠪᠤᠳᠠᠯ ᠤᠨ ᠭᠠᠵᠠᠷ ᠤᠨ ᠬᠢᠨ ᠲᠢᠩᠬᠢᠮ  ᠤᠨ ᠨᠠᠮ ᠤᠨ ᠤᠳᠤᠷᠢᠳᠬᠤ ᠲᠤᠭᠤᠶᠢᠯᠠᠩ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠵᠤ ᠂ ᠤᠳᠠᠰᠤ᠂ ᠸᠢᠴᠠᠲ᠂ ᠸᠢᠳᠢᠤ᠋ ᠪᠠᠷ ᠨᠡᠶᠢᠳᠡ ᠶᠢᠨ ᠤᠡᠭᠭᠤᠨ᠂ ᠲᠤᠰᠠᠯᠠᠮᠵᠢ ᠶᠢᠨ ᠦᠷᠳᠡᠭᠡ᠂ ᠮᠡᠳᠡᠷᠡᠯ ᠤᠨ ᠡᠷᠡᠬᠦᠯ ᠬᠠᠮᠠᠭᠠᠯᠠᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠠᠶᠠᠷ ᠤᠨ ᠡᠳᠤᠷ ᠤᠨ ᠬᠤᠭᠤᠴᠠᠭᠠᠨ ᠳᠤ ᠵᠢᠵᠢᠬᠦᠷᠯᠡᠬᠦ᠂ ᠭᠠᠯ  ᠤᠨ ᠠᠶᠤᠯ ᠢ ᠰᠡᠷᠬᠡᠶᠢᠯᠡᠬᠦ᠂ ᠬᠢᠵᠢᠭ ᠢ ᠰᠡᠷᠬᠡᠶᠢᠯᠡᠬᠦ ᠵᠡᠷᠬᠡ ᠠᠵᠢᠯ ᠢ ᠰᠢᠭᠰᠢᠨ ᠪᠠᠶᠢᠴᠠᠭᠠᠪᠠ᠃    ᠬᠦᠬᠡᠬᠤᠳᠠ ᠶᠢᠨ ᠽᠢ ᠠᠨ ᠶᠤᠸᠠᠨ ᠬᠦᠷᠢᠶᠡᠯᠡᠩ ᠨᠢ ᠪᠠᠶᠠᠷ ᠤᠨ ᠡᠳᠤᠷ ᠤᠨ ᠬᠤᠭᠤᠴᠠᠭᠠᠨ ᠳᠤ ᠬᠡᠰᠡᠭ ᠬᠤᠳᠠ ᠶᠢᠨ ᠠᠷᠠᠳ ᠤᠨ ᠰᠠᠳᠤᠨ ᠲᠦᠷᠤᠯ ᠤᠨ ᠢᠶᠠᠨ ᠬᠡᠬᠦᠷ ᠤᠡᠭᠭᠤᠨ ᠢ ᠲᠠᠬᠢᠬᠤ ᠪᠠᠶᠢᠳᠠᠯ ᠳᠤ ᠴᠢᠭᠯᠡᠬᠦᠯᠤᠨ ᠡᠯ᠎ᠡ ᠱᠠᠳᠤᠨ ᠤ ᠱᠠᠭᠠᠷᠳᠠᠯᠭ᠎ᠠ ᠶᠤᠰᠤᠭᠠᠷ ᠠᠶᠤᠯᠬᠦᠢ ᠦᠢᠯᠡᠳᠪᠤᠷᠢᠯᠡᠯ ᠢ ᠴᠢᠩᠭᠠᠳᠬᠠᠬᠤ ᠶᠢᠨ ᠬᠠᠮᠳᠤ ᠬᠢᠵᠢᠭ ᠢ ᠰᠡᠷᠬᠡᠶᠢᠯᠡᠬᠦ ᠶᠢ ᠤᠬᠳᠤ ᠰᠤᠯᠠᠷᠠᠭᠤᠯᠤᠯ ᠦᠬᠡᠢ ᠠᠳᠬᠤᠵᠠᠢ᠃ ᠵᠢᠵᠢᠬᠦᠷᠯᠡᠭᠴᠢ ᠨᠢ ᠠᠵᠢᠯ ᠤᠨ ᠪᠠᠶᠢᠷᠢ ᠪᠠᠨ ᠪᠠᠳᠤ ᠰᠠᠬᠢᠵᠤ᠂ ᠺᠤᠳ᠋ ᠰᠢᠷᠪᠢᠨ᠂ ᠪᠡᠶ᠎ᠡ ᠶᠢᠨ ᠲᠤᠯᠠᠭᠠᠨ ᠢ ᠨᠢ ᠬᠡᠮᠵᠢᠵᠤ᠂ ᠲᠠᠬᠢᠯᠭ᠎ᠠ ᠲᠠᠶᠢᠯᠭ᠎ᠠ ᠶᠢᠨ ᠠᠵᠢᠯ ᠡᠮᠬᠢ ᠵᠢᠷᠤᠮᠳᠠᠢ ᠶᠠᠪᠤᠬᠳᠠᠵᠠᠢ᠃
ᠽᠢ ᠠᠨ ᠶᠤᠸᠠᠨ ᠬᠦᠷᠢᠶᠡᠯᠡᠩ ᠤᠨ  ᠤᠷᠤᠴᠠᠨ ᠲᠡᠬᠡᠷ᠎ᠡ ᠪᠡᠶ᠎ᠡ ᠶᠢᠨ ᠲᠤᠯᠠᠭᠠᠨ ᠢ ᠴᠢᠩᠭ᠎ᠠ ᠪᠠᠶᠢᠴᠠᠭᠠᠵᠤ ᠪᠠᠶᠢᠭ᠎ᠠ ᠨᠢ    ᠬᠢᠨᠭ᠍ᠭᠠᠨ  ᠠᠶᠢᠮᠠᠭ ᠤᠨ ᠲᠤᠰᠠᠯᠠᠮᠵᠢ ᠶᠢᠨ ᠦᠷᠳᠡᠭᠡ ᠤᠷᠢᠳᠴᠢᠯᠠᠨ ᠨᠢᠬᠡᠳᠤᠯᠳᠡᠢ ᠲᠤᠬᠢᠷᠠᠭᠤᠯᠵᠤ᠂ ︽5.1︾ ᠬᠤᠭᠤᠴᠠᠭᠠᠨ ᠶᠢ ᠵᠢᠵᠢᠬᠦᠷᠯᠡᠬᠦ ᠪᠠ ᠤᠳᠤᠷᠢᠳᠤᠯᠭ᠎ᠠ ᠲᠠᠭᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠡᠳᠤᠷ ᠪᠦᠷᠢ ᠭᠤᠷᠪᠠᠨ ᠠᠵᠢᠯᠳᠠᠨ ᠪᠠ ᠬᠤᠶᠠᠷ ᠬᠠᠷᠠᠭᠤᠯ 24 ᠴᠠᠭ ᠢᠶᠠᠷ ᠠᠵᠢᠯ ᠤᠨ ᠪᠠᠶᠢᠷᠢ ᠪᠠᠨ ᠰᠠᠬᠢᠬᠤ ᠶᠢ ᠪᠠᠷᠢᠮᠳᠠᠯᠠᠵᠤ᠂ ᠦᠷᠳᠡᠬᠡᠨ ᠤ ᠤᠰᠤ᠂ ᠴᠠᠬᠢᠯᠭᠠᠨ᠂ ᠭᠠᠯ ᠤᠨ ᠠᠶᠤᠯ ᠢ ᠰᠡᠷᠬᠡᠶᠢᠯᠡᠬᠦ ᠶᠢ ᠪᠦᠬᠦ ᠲᠠᠯ᠎ᠠ ᠪᠠᠷ ᠪᠠᠶᠢᠴᠠᠭᠠᠨ᠂ ᠠᠮᠠᠷᠠᠯᠳᠠ ᠶᠢᠨ ᠡᠳᠤᠷ ᠤᠨ ᠠᠶᠤᠯᠬᠦᠢ ᠶᠢ ᠪᠠᠳᠤᠯᠠᠪᠠ᠃       ᠬᠦᠯᠤᠨ ᠪᠤᠶᠢᠷ ᠤᠨ ᠶᠠᠬᠰᠢ ᠬᠤᠳᠠ ᠶᠢᠨ ᠲᠤᠰᠠᠯᠠᠮᠵᠢ ᠶᠢᠨ ᠦᠷᠳᠡᠭᠡ ᠲᠠᠪᠤᠨ ᠰᠠᠷ᠎ᠠ ᠶᠢᠨ ᠨᠢᠬᠡᠨ ᠤ ᠡᠳᠤᠷ ᠦᠷᠳᠡᠬᠡᠨ ᠤ ᠲᠠᠷᠤᠭ᠎ᠠ ᠸᠠᠩ ᠪᠤᠤ ᠵᠢᠵᠢᠬᠦᠷᠯᠡᠵᠤ᠂ ᠭᠤᠷᠪᠠᠨ ᠠᠵᠢᠯᠳᠠᠨ ᠨᠢ ᠦᠷᠳᠡᠬᠡᠨ ᠳᠤ ᠵᠢᠵᠢᠬᠦᠷᠯᠡᠵᠤ᠂ ᠲᠤᠰᠠᠯᠠᠮᠵᠢ ᠬᠦᠷᠳᠡᠭᠰᠡᠳ ᠤᠨ ᠪᠠᠶ᠎ᠡ ᠶᠢᠨ ᠲᠤᠯᠠᠭᠠᠨ ᠢ ᠪᠠᠶᠢᠴᠠᠭᠠᠪᠠ᠃ ᠵᠡᠬᠡᠯᠢ ᠴᠠᠬᠳᠠᠬᠤ ᠡᠬᠦᠷᠬᠡ ᠶᠢ ᠸᠠᠩ ᠪᠤᠤ᠂ ᠳ᠋ᠦᠡᠭ ᠸᠧᠨ ᠯᠦᠡᠭ ᠬᠠᠷᠢᠭᠤᠴᠠᠨ᠂ ᠲᠡᠨᠤᠬᠦᠴᠢᠯᠡᠨ ᠭᠤᠶᠢᠷᠠᠨᠴᠢᠯᠠᠬᠴᠢᠳ ᠢ ᠴᠠᠭ ᠲᠠᠷᠤᠢ ᠳᠤ ᠨᠢ ᠲᠤᠰᠠᠯᠠᠵᠠᠢ᠃
ᠶᠠᠬᠰᠢ ᠬᠤᠳᠠ ᠶᠢᠨ ᠲᠤᠰᠠᠯᠠᠮᠵᠢ ᠶᠢᠨ ᠦᠷᠳᠡᠬᠡᠨ ᠤ ᠠᠵᠢᠯᠳᠠᠳ ᠪᠠᠶᠢᠴᠠᠭᠠᠬᠤ ᠦᠷᠳᠡᠬᠡᠨ ᠳᠤ ᠪᠠᠨ ᠲᠤᠰᠠᠯᠠᠮᠵᠢ ᠬᠦᠷᠳᠡᠭᠰᠡᠳ ᠤᠨ ᠪᠡᠶ᠎ᠡ ᠶᠢᠨ  ᠪᠠᠶᠢᠳᠠᠯ ᠢ ᠪᠠᠶᠢᠴᠠᠭᠠᠵᠤ ᠪᠠᠶᠢᠭ᠎ᠠ ᠨᠢ  
ᠲᠤᠰᠠᠯᠠᠮᠵᠢ ᠶᠢᠨ ᠦᠷᠳᠡᠬᠡᠨ ᠤ ᠠᠵᠢᠯᠳᠠᠳ ᠦᠷᠳᠡᠬᠡᠨ ᠤ ᠪᠠᠨ ᠭᠠᠯ ᠢ ᠰᠡᠷᠬᠡᠶᠢᠯᠡᠬᠦ ᠲᠦᠬᠦᠬᠡᠷᠤᠮᠵᠢ ᠪᠠᠨ ᠪᠠᠶᠢᠴᠠᠭᠠᠨ᠎ᠠ   ᠤᠯᠠᠭᠠᠨᠬᠠᠳᠠ  ᠬᠤᠳᠠ ᠶᠢᠨ ᠠᠨ ᠳ᠋ᠢᠩ ᠡᠮᠨᠡᠯᠬᠡ ᠶᠢᠨ ᠬᠤᠷᠢᠶᠠᠨ ᠤ ᠠᠵᠢᠯᠳᠠᠳ ᠵᠢᠵᠢᠬᠦᠷᠯᠡᠬᠦ ᠲᠦᠷᠢᠮ ᠢ ᠴᠢᠩᠭ᠎ᠠ ᠬᠡᠷᠡᠭᠵᠢᠬᠦᠯᠤᠨ᠂ ᠡᠪᠡᠳᠴᠢᠳᠠᠨ ᠳᠤ ᠬᠡᠪ ᠤᠨ ᠪᠠᠶᠢᠴᠠᠭᠠᠯᠳᠠ ᠬᠢᠵᠤ ᠪᠠᠶᠢᠨ᠎ᠠ᠃ ᠠᠵᠢᠯᠳᠠᠳ ᠡᠮᠨᠡᠯᠬᠡ ᠳᠤ ᠰᠠᠭᠤᠵᠤ ᠪᠠᠶᠢᠭ᠎ᠠ ᠡᠪᠡᠳᠴᠢᠳᠡᠳ ᠢ ᠵᠤᠬᠢᠶᠠᠨ ᠪᠠᠶᠢᠭᠤᠯᠤᠨ ᠨᠠᠭᠠᠳᠤᠮ ᠲᠤᠬᠯᠠᠭᠠᠮ ᠳᠤ ᠤᠷᠤᠯᠴᠠᠭᠤᠯᠵᠤ ᠪᠠᠶᠢᠭ᠎ᠠ  ᠨᠢ᠃ ᠠᠮᠠᠷᠠᠯᠳᠠ ᠶᠢᠨ ᠠᠩᠬᠠᠨ ᠤ ᠡᠳᠤᠷ ᠡᠮᠨᠡᠯᠬᠡ ᠶᠢᠨ ᠠᠵᠢᠯ ᠡᠮᠬᠢ ᠴᠡᠭᠴᠡᠳᠡᠢ ᠶᠠᠪᠤᠬᠳᠠᠵᠠᠢ᠃
   ᠤᠯᠠᠭᠠᠨᠴᠠᠪ  ᠬᠤᠳᠠ ᠶᠢᠨ ᠮᠡᠳᠡᠷᠡᠯ ᠤᠨ ᠡᠷᠡᠬᠦᠯ ᠬᠠᠮᠠᠭᠠᠯᠠᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠵᠢᠯᠳᠠᠳ ᠡᠪᠡᠳᠴᠢᠳᠡᠳ ᠲᠤ ᠡᠳᠤᠷ ᠪᠦᠷᠢ ᠶᠢ ᠤᠤᠭᠤᠬᠤ ᠡᠮ ᠲᠠᠩ ᠢ ᠨᠢ ᠴᠠᠭ ᠲᠤ ᠨᠢ ᠪᠡᠯᠡᠳᠬᠡᠨ ᠦᠭᠴᠤ᠂ ᠬᠤᠭᠤᠯᠠᠨ ᠤ ᠲᠠᠷᠠᠭ᠎ᠠ ᠭᠤᠸ᠋ᠨ ᠵᠢᠮᠢᠰ ᠨᠡᠮᠡᠭᠰᠡᠨ ᠪᠦᠬᠡᠳ ᠡᠪᠡᠳᠴᠢᠳᠡᠨ ᠢ ᠵᠤᠬᠢᠶᠠᠨ ᠪᠠᠶᠢᠭᠤᠯᠵᠤ ᠲᠤᠬᠯᠠᠵᠤ ᠪᠠᠶᠢᠭ᠎ᠠ ᠨᠢ᠃  
ᠠᠵᠢᠯᠳᠠᠳ ᠡᠪᠡᠳᠴᠢᠳᠠᠳ ᠢ ᠵᠤᠬᠢᠶᠠᠨ ᠪᠠᠶᠢᠭᠤᠯᠵᠤ ᠲᠤᠬᠯᠠᠯᠳᠠ ᠰᠤᠨᠢᠷᠬᠠᠭᠤᠯᠵᠤ ᠪᠤᠢ   ᠰᠢᠭᠰᠢᠨ ᠪᠠᠶᠢᠴᠠᠭᠠᠬᠳᠠᠭᠰᠠᠨ ᠬᠡᠳᠤᠨ ᠦᠢᠯᠡᠴᠢᠯᠡᠬᠡᠨ ᠤ ᠪᠠᠶᠢᠭᠤᠯᠤᠮᠵᠢ ᠨᠢ ᠤᠷᠤᠵᠤ ᠭᠠᠷᠤᠬᠰᠠᠳ ᠤᠨ ᠠᠮᠠᠪᠴᠢ ᠵᠡᠬᠦᠬᠦ᠂ ᠪᠡᠶ᠎ᠡ ᠶᠢᠨ ᠲᠤᠯᠠᠭᠠᠨ ᠢᠶᠠᠨ ᠬᠡᠮᠵᠢᠬᠦ ᠵᠡᠷᠬᠡ ᠬᠢᠵᠢᠭ ᠢ ᠰᠡᠷᠬᠡᠶᠢᠯᠡᠬᠦ ᠠᠯᠬᠤᠮ ᠲᠠᠷᠠᠭ᠎ᠠ ᠪᠠᠷ ᠴᠢᠩᠭ᠎ᠠ ᠱᠠᠭᠠᠷᠳᠠᠵᠤ᠂ ᠠᠮᠠᠷᠠᠯᠳᠠ ᠶᠢᠨ ᠬᠤᠭᠤᠴᠠᠭᠠᠨ ᠤ ᠵᠢᠵᠢᠬᠦᠷᠯᠡᠬᠦ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠰᠤ᠂ ᠴᠠᠬᠢᠯᠭᠠᠨ ᠬᠡᠢ ᠵᠡᠷᠬᠡ ᠪᠡᠯᠡᠳᠬᠡᠯ ᠲᠦᠬᠦᠬᠡᠷᠤᠮᠵᠢ ᠶᠢᠨ ᠴᠢᠩᠭ᠎ᠠ ᠪᠠᠶᠢᠴᠠᠭᠠᠨ᠂ ᠠᠶᠤᠯᠬᠦᠢ ᠦᠢᠯᠡᠳᠪᠤᠷᠢᠯᠡᠯ ᠪᠠ ᠬᠢᠵᠢᠭ ᠢ ᠰᠡᠷᠬᠡᠶᠢᠯᠡᠬᠦ ᠠᠵᠢᠯ ᠢ ᠪᠦᠬᠦ ᠲᠠᠯ᠎ᠠ ᠪᠠᠷ ᠪᠠᠳᠤᠯᠠᠵᠤ ᠴᠢᠳᠠᠪᠠ᠃   ︽5.1︾ ᠤ ᠡᠳᠤᠷ ᠡᠯ᠎ᠡ ᠠᠶᠢᠮᠠᠭ ᠬᠤᠳᠠ ᠶᠢᠨ ᠠᠰᠠᠷᠠᠮᠵᠢ ᠶᠢᠨ ᠰᠠᠯᠠᠭ᠎ᠠ ᠤᠨ ᠮᠡᠳᠡᠬᠦᠯᠦᠭᠰᠡᠨ ᠠᠮᠠᠷᠠᠯᠳᠠ  ᠶᠢᠨ ᠡᠳᠤᠷ ᠤᠨ ᠵᠢᠵᠢᠬᠦᠷᠯᠡᠭᠰᠡᠨ ᠪᠠᠶᠢᠳᠠᠯ ᠠᠴᠠ ᠦᠵᠡᠪᠡᠯ ᠪᠦᠬᠦ ᠤᠷᠤᠨ ᠤ ᠨᠡᠶᠢᠬᠡᠮ ᠤᠨ ᠶᠠᠪᠤᠳᠠᠯ ᠤᠨ ᠬᠦᠷᠢᠶ᠎ᠡ ᠴᠠᠷᠠᠭ᠎ᠠ ᠶᠢᠨ ᠦᠢᠯᠡᠴᠢᠯᠡᠬᠡᠨ ᠤ ᠪᠠᠶᠢᠭᠤᠯᠤᠮᠵᠢ ᠶᠢᠨ ᠦᠢᠯᠡᠴᠢᠯᠡᠭᠡ ᠬᠡᠪ ᠶᠤᠰᠤᠭᠠᠷ ᠪᠤᠢ᠃
 
ᠢᠷᠡᠯᠲᠡ᠄ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号