ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ  ᠤᠨ ᠲᠢᠩᠭᠢᠮ ᠤᠨ ᠪᠠᠶᠢᠭᠤᠯᠭ᠎ᠠ ᠶᠢᠨ ᠠᠵᠢᠯ  ᠤᠨ ᠦᠢᠯᠡᠴᠢᠯᠡᠬᠡᠨ ᠤ ᠲᠦᠪ ︽5.1︾ ᠤ ᠠᠮᠠᠷᠠᠯᠳᠠ ᠶᠢᠨ ᠬᠤᠭᠤᠴᠠᠭᠠᠨ ᠤ ᠡᠮᠤᠨᠡᠬᠢ ᠠᠮᠤᠷ ᠲᠦᠪᠰᠢᠨ ᠤ ᠪᠠᠶᠢᠴᠠᠭᠠᠯᠳᠠ ᠶᠢ ᠬᠦᠨᠵᠡᠬᠡᠢ ᠦᠷᠨᠢᠬᠦᠯᠪᠡ
ᠨᠡᠶᠢᠲᠡᠯᠡᠭᠰᠡᠨ ᠴᠠᠭ᠄
2021/5/8
       4 ᠳ᠋ᠤᠬᠡᠷ ᠰᠠᠷ᠎ᠠ ᠶᠢᠨ 29 ᠤ ᠡᠳᠣᠷ ᠤᠨ ᠦᠳᠡ ᠶᠢᠨ  ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ   ᠤᠨ ᠲᠢᠩᠭᠢᠮ ᠤᠨ ᠪᠠᠶᠢᠭᠤᠯᠭ᠎ᠠ ᠶᠢᠨ ᠠᠵᠢᠯ ᠤᠨ ᠦᠢᠯᠡᠴᠢᠯᠡᠬᠡᠨ ᠤ ᠲᠦᠪ ᠨᠢ ᠠᠷᠠᠳ ᠤᠨ ᠶᠠᠪᠤᠳᠠᠯ ᠤᠨ ᠪᠠᠶᠢᠭᠤᠯᠭ᠎ᠠ ᠪᠠ ᠵᠠᠰᠠᠭ ᠤᠨ ᠤᠷᠳᠤᠨ ᠤ ᠬᠤᠶᠢᠳᠤ ᠲᠤᠭᠤᠷᠢᠭ ᠲᠤ ᠰᠠᠭᠤᠵᠤ ᠪᠠᠶᠢᠭ᠎ᠠ ᠪᠠᠶᠢᠭᠤᠯᠭ᠎ᠠ  ᠳᠤ ᠶᠡᠷᠤᠩᠬᠡᠶᠢᠯᠡᠭᠰᠨᠨ ᠪᠠᠶᠢᠴᠠᠭᠠᠯᠳᠠ ᠬᠢᠵᠤ᠂ ᠠᠯᠪᠠᠨ ᠬᠡᠷ ᠤᠨ ᠠᠮᠤᠷ ᠲᠦᠪᠰᠢᠨ ᠢ ᠬᠠᠮᠠᠭᠠᠠᠯᠠᠬᠤ ᠠᠵᠢᠯ ᠬᠢᠵᠢᠭ ᠢ ᠰᠡᠷᠬᠡᠶᠢᠯᠡᠬᠦ ᠠᠵᠢᠯ᠂ ᠭᠠᠯ ᠢ ᠰᠡᠷᠬᠡᠶᠢᠯᠡᠬᠦ ᠠᠵᠢᠯ᠂ ᠠᠯᠪᠠᠨ ᠤ ᠲᠠᠷᠬᠡ ᠶᠢᠨ ᠠᠮᠤᠷ ᠲᠦᠪᠰᠢᠨ ᠤ ᠠᠰᠠᠭᠤᠳᠠᠯ ᠪᠠ ᠵᠢᠯᠤᠭᠤᠴᠢ ᠶᠢᠨ ᠠᠮᠤᠷ ᠲᠦᠪᠰᠢᠨ ᠤ ᠲᠤᠬᠠᠢ ᠬᠦᠮᠤᠵᠢᠯ ᠵᠡᠷᠬᠡ ᠠᠵᠢᠯ ᠢ ᠭᠤᠤᠯᠳᠠᠯᠭ᠎ᠠ ᠲᠠᠢ ᠪᠠᠶᠢᠴᠠᠭᠠᠵᠤ᠂ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠪᠤᠰᠤᠳ  ᠲᠤᠰᠠᠭᠠᠷ ᠪᠠᠶᠢᠭ᠎ᠠ ᠠᠯᠪᠠᠨ ᠬᠡᠷ ᠵᠡᠷᠬᠡ ᠰᠢᠭᠤᠳ ᠬᠠᠷᠢᠶ᠎ᠠ ᠪᠠᠶᠢᠭᠤᠯᠭ᠎ᠠ ᠶᠢ ᠪᠠᠶᠠᠷ ᠤᠨ ᠡᠳᠤᠷ ᠠᠴᠠ ᠡᠮᠦᠨᠡᠬᠢ ᠠᠮᠤᠷ ᠲᠦᠪᠰᠢᠨ ᠢ ᠪᠠᠳᠤᠯᠠᠬᠤ ᠡᠵᠢᠯ ᠢ ᠦᠪᠡᠷᠰᠡᠳ ᠢᠶᠠᠨ ᠪᠠᠶᠢᠴᠠᠭᠠᠬᠤ ᠶᠢ ᠱᠠᠭᠠᠷᠳᠠᠵᠤ᠂ ︽5.1︾ ᠤ ᠬᠤᠭᠤᠴᠠᠭᠠᠨ ᠤ ᠪᠠᠶᠢᠭᠤᠯᠭ᠎ᠠ ᠪᠠ ᠰᠢᠭᠤᠳ ᠬᠠᠷᠢᠶ᠎ᠠ ᠪᠠᠶᠢᠭᠤᠯᠭ᠎ᠠ  ᠶᠢᠨ ᠠᠯᠪᠠᠨ ᠬᠡᠷ ᠤᠨ ᠤᠷᠴᠢᠨ ᠲᠤᠭᠤᠷᠢᠨ ᠪᠤᠯᠤᠨ ᠠᠵᠢᠯᠳᠠᠳ ᠪᠠ ᠮᠠᠰᠢᠨ ᠲᠡᠷᠬᠡᠨ ᠤ ᠠᠮᠤᠷ ᠲᠦᠪᠰᠢᠨ ᠢ ᠪᠠᠳᠤᠯᠠᠵᠤ᠂ ᠨᠠᠮ ᠪᠠᠶᠢᠭᠤᠯᠤᠬᠳᠠᠬᠰᠠᠨ 100 ᠵᠢᠯ ᠤᠨ ᠤᠢ ᠶᠢ ᠪᠡᠯᠬᠡᠯᠡᠬᠦ ᠳᠤ ᠠᠮᠤᠷ ᠲᠦᠪᠰᠢᠨ᠂ ᠤᠬᠢ ᠰᠠᠶᠢᠨ ᠤᠷᠴᠢᠨ ᠲᠤᠭᠤᠷᠢᠨ ᠬᠠᠨᠭ᠍ᠭᠠᠬᠰᠠᠨ ᠪᠠᠶᠢᠨ᠎ᠠ᠃
 
ᠢᠷᠡᠯᠲᠡ᠄ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号