ᠦᠪᠦᠷ ᠮᠤᠩᠭᠤᠯ ᠤᠨ  ᠵᠠᠰᠠᠭ ᠤᠨ ᠶᠠᠪᠤᠳᠠᠯ ᠤᠨ ᠦᠢᠯᠡᠴᠢᠯᠡᠭᠡ ︽ᠬᠤᠷᠳᠤ ᠪᠠᠨ ᠨᠡᠮᠡᠵᠤ︾᠂ ᠨᠢᠭᠡ ᠰᠦᠯᠵᠢᠶ᠎ᠡ ᠪᠠᠷ ᠬᠦᠢᠴᠡᠳᠬᠡᠬᠦ᠂ ᠭᠠᠷ ᠤᠳᠠᠰᠤ ᠪᠠᠷ ᠬᠦᠢᠴᠡᠳᠬᠡᠬᠦ᠂ ᠨᠢᠭᠡ ᠤᠳᠠᠭ᠎ᠠ ᠳᠤ ᠬᠦᠢᠴᠡᠳᠬᠡᠬᠦ᠂ ᠬᠠᠪᠰᠤᠷᠤᠨ ᠭᠦᠢᠴᠡᠳᠬᠡᠬᠦ ᠶᠢ ᠪᠡᠶᠡᠯᠡᠬᠦᠯᠪᠡ
ᠨᠡᠶᠢᠲᠡᠯᠡᠭᠰᠡᠨ ᠴᠠᠭ᠄
2021/6/1
    ︽ᠦᠩᠭᠡᠷᠡᠭᠰᠡᠨ ᠳᠤ 50 ᠲᠡᠭᠰᠢ ᠲᠦᠷᠪᠡᠯᠵᠢᠨ ᠮᠧᠲᠷ ᠤᠨ ᠵᠢᠵᠢᠭ ᠬᠤᠭᠤᠯᠠᠨ ᠭᠡᠷ ᠠᠵᠢᠯᠯᠠᠭᠤᠯᠬᠤ ᠪᠠᠷ ᠡᠷᠡᠮᠡᠯᠵᠡᠯᠡᠬᠦ ᠳᠤ 7 ᠰᠠᠯᠠᠭ᠎ᠠ ᠮᠦᠴᠢᠷ ᠢᠶᠠᠷ ᠭᠦᠶᠦᠵᠦ᠂ 30 ᠢᠯᠡᠭᠦᠦ ᠬᠤᠪᠢ ᠪᠢᠴᠢᠭ ᠮᠠᠲ᠋ᠧᠷᠢᠶᠠᠯ ᠲᠤᠰᠢᠶᠠᠳᠠᠭ ᠪᠠᠶᠢᠯ᠎ᠠ᠃ ᠤᠳᠤ ᠨᠡᠶᠢᠯᠡᠭᠦᠯᠦᠭᠡᠳ ︿ᠨᠢᠭᠡ ᠶᠠᠪᠤᠳᠠᠯ﹀ ᠪᠤᠯᠭᠠᠭᠰᠠᠨ ᠠᠴᠠ ᠬᠤᠶᠢᠰᠢ᠂ ᠨᠢᠭᠡ ᠯᠡ ᠴᠤᠩᠬᠤᠨ ᠳᠡᠭᠡᠷ᠎ᠡ ᠬᠦᠷᠴᠦ᠂ ᠨᠢᠭᠡ ᠬᠤᠪᠢ ᠮᠠᠲ᠋ᠧᠷᠢᠶᠠᠯ ᠲᠤᠰᠢᠶᠠᠭᠠᠳ᠂ ᠭᠠᠭᠴᠠ ᠯᠡ ᠤᠳᠠᠭ᠎ᠠ ᠳᠤ ᠠᠵᠢᠯ ᠢᠶᠠᠨ ᠳᠠᠭᠤᠰᠬᠠᠴᠢᠬᠠᠨ᠎ᠠ︾     5 ᠰᠠᠷ᠎ᠠ ᠶᠢᠨ 28 ᠤ ᠡᠳᠦᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠭᠡᠷ ᠠᠴᠠ ᠡᠷᠬᠢᠯᠡᠭᠰᠡᠨ ︽ᠪᠢ ᠤᠯᠠᠨ ᠲᠦᠮᠡᠨ ᠳᠤ ᠪᠤᠳᠠᠳᠠᠢ ᠶᠠᠪᠤᠳᠠᠯ ᠬᠢᠵᠤ ᠦᠭᠭᠦᠨ᠎ᠡ︾ ᠬᠡᠮᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠨᠢᠭᠤᠷᠳᠠᠨ ᠵᠤᠯᠭᠠᠬᠤ ᠬᠤᠷᠠᠯ ᠠᠴᠠ ᠰᠤᠷᠪᠤᠯᠵᠢᠯᠠᠭᠴᠢ ᠶᠢᠨ ᠤᠶᠢᠯᠠᠭᠠᠭᠰᠠᠨ ᠢᠶᠠᠷ᠂ ᠤᠷᠤᠨ ᠠᠴᠠ ᠠᠷᠠᠳ ᠲᠦᠮᠡᠨ ᠪᠤᠯᠤᠨ ᠠᠵᠤ ᠠᠬᠤᠶᠢᠯᠠᠯ ᠤᠨ ᠬᠢᠨ ᠤ ᠨᠡᠶᠢᠳᠡᠮ ᠠᠩᠬᠠᠷᠴᠤ᠂ ᠬᠡᠷᠡᠭᠴᠡᠭᠡ ᠲᠦᠪᠯᠡᠷᠡᠭᠰᠡᠨ ᠤᠷᠤᠨ ᠬᠡᠪᠴᠢᠶᠡᠨ ᠳᠤ ᠰᠦᠯᠵᠢᠶᠡᠨ ᠳᠡᠭᠡᠷ᠎ᠡ ᠪᠠ ᠠᠯᠪᠠᠯᠠᠬᠤ ᠭᠠᠵᠠᠷ ᠭᠡᠬᠦ ᠬᠤᠶᠠᠷ ᠱᠤᠭᠤᠮ ᠢᠶᠠᠷ ᠬᠦᠴᠦᠯᠡᠵᠦ᠂ ᠰᠦᠯᠵᠢᠶᠡᠨ ᠳᠡᠭᠡᠷ᠎ᠡ ᠭᠤᠤᠯᠳᠠᠭᠤ   ︽ᠨᠢᠭᠡ ᠰᠦᠯᠵᠢᠶ᠎ᠡ ᠪᠠᠷ ᠬᠦᠢᠴᠡᠳᠬᠡᠬᠦ᠂ ᠭᠠᠷ ᠤᠳᠠᠰᠤ ᠪᠠᠷ ᠬᠦᠢᠴᠡᠳᠬᠡᠬᠦ︾ ᠶᠢ ᠭᠤᠤᠯᠳᠠᠯᠭ᠎ᠠ ᠲᠠᠢ ᠰᠤᠷᠲᠠᠯᠴᠢᠯᠠᠵᠤ ᠂  ᠠᠯᠪᠠᠯᠠᠬᠤ ᠭᠠᠵᠠᠷ ᠲᠤ ᠭᠤᠤᠯᠳᠠᠭᠤ ︽ᠨᠢᠭᠡ ᠤᠳᠠᠭ᠎ᠠ ᠳᠤ ᠬᠦᠢᠴᠡᠳᠬᠡᠬᠦ᠂ ᠬᠠᠪᠰᠤᠷᠤᠨ ᠭᠦᠢᠴᠡᠳᠬᠡᠬᠦ︾ ᠶᠢ ᠰᠤᠷᠲᠠᠯᠴᠢᠯᠠᠨ ᠦᠷᠨᠢᠭᠦᠯᠵᠦ᠂ ᠵᠠᠰᠠᠭ ᠤᠨ ᠶᠠᠪᠤᠳᠠᠯ ᠳᠤ ᠬᠠᠯᠠᠭᠤᠨ ᠰᠡᠳᠬᠢᠯ ᠢᠶᠠᠷ ᠲᠦᠷᠭᠡᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ᠂ ᠠᠷᠠᠳ ᠢᠷᠭᠡᠳ ᠢ ᠨᠡᠩ ᠰᠡᠳᠬᠢᠯ ᠬᠠᠨᠤᠮᠵᠢᠲᠠᠢ ᠪᠤᠯᠭᠠᠵᠠᠢ᠃    ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶᠠᠨ ᠤ ᠳᠠᠷᠤᠭ᠎ᠠ ᠪᠤᠤ ᠵᠢᠶᠠᠨ ᠵᠦᠩ ᠤᠨ ᠲᠠᠨᠢᠯᠴᠠᠭᠤᠯᠤᠭᠰᠠᠨ ᠢᠶᠠᠷ᠂ ︽ᠳᠦᠷᠪᠡ ᠶᠢ ᠬᠢᠬᠦ︾ ᠠᠵᠢᠯ ᠤᠳᠤᠬᠠᠨ ᠳᠤ ᠨᠢᠭᠡᠨᠲᠡ ᠠᠩᠬ᠎ᠠ ᠠᠯᠬᠤᠮ ᠤᠨ ᠦᠷ᠎ᠡ ᠪᠦᠲᠦᠮᠵᠢ ᠲᠠᠢ ᠪᠤᠯᠤᠭᠰᠠᠨ᠃ ᠪᠤᠳᠠᠲᠠᠢ ᠪᠠᠷ ᠬᠡᠯᠡᠪᠡᠯ᠂ ︽ᠨᠢᠭᠡ ᠰᠦᠯᠵᠢᠶ᠎ᠡ ᠪᠠᠷ ᠬᠦᠢᠴᠡᠳᠬᠡᠬᠦ︾ ᠲᠠᠯ᠎ᠠ ᠪᠠᠷ ︽ᠨᠢᠭᠡ ᠰᠦᠯᠵᠢᠶ᠎ᠡ ᠪᠠᠷ ᠪᠦᠬᠦᠨ ᠢ ᠬᠦᠢᠴᠡᠳᠬᠡᠬᠦ︾ ᠦᠭᠡᠷᠡᠴᠢᠯᠡᠯᠲᠡ ᠳᠠᠰᠤᠷᠠᠯᠲᠠ ᠦᠭᠡᠢ ᠭᠦᠨᠵᠡᠭᠡᠶᠢᠷᠡᠵᠦ᠂ ᠦᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ᠤ ᠭᠤᠷᠪᠠᠨ ᠳᠡᠰ ᠤᠨ ᠭᠤᠯᠳᠦ ᠴᠢᠭᠯᠡᠯ ᠤᠨ ᠰᠦᠯᠵᠢᠶᠡᠨ ᠤ ᠪᠦᠷᠬᠦᠴᠡ ᠨᠢᠭᠡᠨᠲᠡ 100% ᠳᠤ ᠬᠦᠷᠴᠦ᠂  ᠰᠢᠶᠠᠩ ᠪᠠᠯᠭᠠᠰᠤᠨ ᠳᠤ ᠨᠡᠪᠲᠡᠷᠡᠭᠰᠡᠨ ᠨᠤᠷᠮ᠎ᠠ ᠨᠢ ᠴᠦ 96% ᠳᠤ ᠲᠤᠯᠵᠤ᠂ ᠦᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ᠤ 3800 ᠢᠯᠡᠭᠦᠦ ᠰᠠᠯᠠᠭ᠎ᠠ ᠮᠦᠴᠢᠷ᠂ ᠵᠢᠴᠢ 1600 ᠢᠯᠡᠭᠦᠦ ᠰᠤᠮᠤ ᠪᠠᠯᠭᠠᠰᠤ᠂ ᠭᠠᠴᠠᠭ᠎ᠠ ᠲᠤᠰᠬᠤᠨ ᠤ ᠬᠡᠷᠡᠭ ᠶᠠᠪᠤᠳᠠᠯ ᠪᠦᠬᠦᠨ ᠢᠶᠠᠷ ᠢᠶᠠᠨ  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠲᠢᠩᠭᠢᠮ ᠳᠤ ᠤᠷᠤᠵᠤ᠂ ᠵᠦᠪᠰᠢᠶᠡᠷᠡᠯ ᠤᠨ ᠨᠤᠷᠮ᠎ᠠ ᠨᠢ ᠶᠡᠭᠡ ᠪᠠᠷ ᠳᠡᠭᠡᠭᠰᠢᠯᠡᠵᠡᠢ᠃     ︽ᠭᠠᠷ ᠤᠳᠠᠰᠤ ᠪᠠᠷ ᠬᠦᠢᠴᠡᠳᠬᠡᠬᠦ︾ ᠲᠠᠯ᠎ᠠ ᠪᠠᠷ᠂ ︽ᠮᠧᠩ ᠰᠤ᠋ ᠪᠠᠨ︾ APP ᠪᠤᠯ ᠪᠦᠬᠦ ᠤᠷᠤᠨ ᠳᠤ ᠨᠢᠭᠡᠳᠦᠯᠲᠡᠢ ᠬᠡᠷᠡᠭᠯᠡᠵᠦ ᠪᠠᠶᠢᠭ᠎ᠠ ᠵᠠᠰᠠᠭ ᠤᠨ ᠦᠢᠯᠡᠴᠢᠯᠡᠭᠡᠨ ᠤ ᠰᠢᠯᠵᠢᠭᠡ ᠲᠠᠪᠴᠠᠩ ᠮᠦᠨ᠃ 12 ᠠᠶᠢᠮᠠᠭ ᠬᠤᠲᠠ᠂ 103 ᠬᠤᠰᠢᠭᠤ ᠰᠢᠶᠠᠨ  ︵ᠬᠤᠲᠠ᠂ ᠲᠤᠭᠤᠷᠢᠭ︶ ᠳᠤ ᠨᠢᠭᠡᠳᠦᠯᠲᠡᠢ ᠪᠠᠷ ᠭᠠᠷ ᠤᠳᠠᠰᠤᠨ ᠳᠡᠭᠡᠷ᠎ᠡ ︽ᠦᠢᠯᠡᠴᠢᠯᠡᠬᠦ ᠴᠤᠩᠬᠤ︾ ᠭᠠᠷᠭᠠᠵᠠᠢ᠃ ᠤᠳᠤᠬᠠᠨ ᠳᠤ᠂ ᠪᠦᠬᠦ ᠤᠷᠤᠨ ᠤ 803 ᠵᠦᠢᠯ ᠤᠨ ᠦᠪᠡᠷᠮᠢᠴᠡ ᠬᠡᠷᠡᠭᠯᠡᠭᠡ ᠵᠠᠯᠭᠠᠭᠳᠠᠵᠤ᠂ ᠡᠷᠡᠭᠦᠯ ᠮᠡᠨᠳᠦ ᠶᠢᠨ ᠺᠠᠷᠲ᠂ ᠨᠡᠶᠢᠭᠡᠮ ᠤᠨ ᠪᠠᠲᠤᠯᠠᠭᠠᠨ ᠤ ᠺᠠᠷᠲ᠂  ᠵᠢᠯᠤᠭᠤᠴᠢ ᠶᠢᠨ ᠦᠨᠡᠮᠯᠡᠬᠦ ᠵᠡᠷᠭᠡ 200 ᠢᠯᠡᠭᠦᠦ ᠲᠦᠷᠦᠯ ᠤᠨ ᠴᠠᠬᠢᠮ ᠦᠨᠡᠮᠯᠡᠬᠦ ᠶᠢ ᠡᠷᠢᠵᠦ ᠬᠠᠶᠢᠬᠤ ᠪᠠ ᠭᠤᠶᠤᠴᠢᠯᠠᠵᠤ ᠪᠤᠯᠤᠨ᠎ᠠ ᠃ ᠦᠨᠡᠨ ᠨᠡᠷ᠎ᠡ ᠪᠠᠷ ᠢᠶᠠᠨ ᠲᠠᠩᠰᠠᠯᠠᠭᠤᠯᠤᠭᠰᠠᠨ ᠬᠦᠮᠦᠨ 1350 ᠢᠯᠡᠭᠦᠦ ᠲᠦᠮᠡ ᠳᠤ ᠬᠦᠷᠴᠦ᠂ ᠨᠡᠶᠢᠲᠡ ᠤᠩᠰᠢᠭᠰᠠᠨ ᠲᠤᠭ᠎ᠠ ᠨᠢ 8700 ᠲᠦᠮᠡ ᠶᠢ ᠳᠠᠪᠠᠵᠤ᠂  ᠨᠡᠶᠢᠭᠡᠮ ᠤᠨ ᠪᠠᠲᠤᠯᠠᠭᠠᠨ ᠤ ᠲᠦᠯᠦᠪᠦᠷᠢ ᠲᠤᠰᠢᠶᠠᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠬᠠᠶᠢᠬᠤ᠂ ᠭᠡᠷ ᠬᠦᠷᠦᠩᠭᠡ ᠶᠢᠨ ᠲᠠᠩᠰᠠᠯᠠᠯᠲᠠ ᠵᠡᠷᠭᠡ ᠴᠢᠳᠠᠮᠵᠢ ᠶᠢ ᠨᠢᠭᠡᠨᠲᠡ ᠪᠡᠶᠡᠯᠡᠭᠦᠯᠵᠡᠢ᠃    ︽ᠨᠢᠭᠡ ᠤᠳᠠᠭ᠎ᠠ ᠳᠤ ᠰᠢᠢᠳᠪᠤᠷᠢᠯᠡᠬᠦ︾ ᠲᠠᠯ᠎ᠠ ᠪᠠᠷ᠂ ᠰᠠᠯᠠᠭ᠎ᠠ ᠮᠦᠴᠢᠷ ᠤᠨ ᠬᠢᠨ ᠭᠦᠶᠦᠬᠦ᠂ ᠨᠡᠶᠢᠯᠡᠭᠦᠯᠦᠨ ᠵᠦᠪᠰᠢᠶᠡᠷᠡᠬᠦ᠂ ᠭᠤᠭᠴᠤᠭ᠎ᠠ ᠶᠢ ᠬᠠᠰᠤᠬᠤ᠂ ᠪᠢᠴᠢᠭ ᠮᠠᠲ᠋ᠧᠷᠢᠶᠠᠯ ᠢ ᠪᠠᠭᠠᠰᠬᠠᠬᠤ ᠵᠡᠷᠭᠡ ᠤᠯᠠᠨ ᠲᠦᠷᠦᠯ ᠤᠨ ᠠᠷᠭ᠎ᠠ ᠠᠪᠴᠠᠯ ᠢ ᠬᠡᠷᠡᠭᠯᠡᠬᠦ ᠪᠠᠷ ᠳᠠᠮᠵᠢᠨ᠂ ᠠᠷᠠᠳ ᠢᠷᠭᠡᠳ ᠢ ᠳᠠᠬᠢᠨ ᠳᠠᠪᠲᠠᠨ ᠭᠦᠶᠦᠯᠭᠡᠬᠦ ᠦᠭᠡᠢ᠂ ᠨᠠᠭᠠᠰᠢ ᠴᠠᠭᠠᠰᠢ ᠭᠦᠶᠦᠯᠭᠡᠬᠦ ᠦᠭᠡᠢ ᠪᠤᠯᠵᠠᠢ᠃ ᠤᠳᠤᠬᠠᠨ ᠳᠤ᠂ ᠪᠦᠬᠦ ᠤᠷᠤᠨ ᠤ ᠡᠯ᠎ᠡ ᠳᠡᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠳᠤ ︽ ᠨᠢᠭᠡ ᠤᠳᠠᠭ᠎ᠠ ᠳᠤ ᠬᠦᠢᠴᠡᠳᠬᠡᠬᠦ︾ ᠮᠠᠲ᠋ᠧᠷᠢᠶᠠᠯ ᠬᠤᠷᠢᠶᠠᠬᠤ ᠴᠤᠩᠬᠤ ᠨᠡᠶᠢᠲᠡ 347  ᠭᠠᠷᠭᠠᠵᠤ᠂ ︽ᠨᠢᠭᠡ ᠶᠠᠪᠤᠳᠠᠯ︾ ᠤᠨ ᠶᠠᠪᠤᠴᠠ᠂ 9000 ᠢᠯᠡᠭᠦᠦ ᠬᠤᠪᠢ ᠠᠵᠢᠯ ᠤᠨ ᠵᠢᠯᠤᠭᠤᠳᠤᠮᠵᠢ ᠶᠢ ᠡᠮᠬᠢᠯᠡᠨ ᠰᠢᠯᠢᠳᠡᠭᠵᠢᠭᠦᠯᠵᠦ᠂ ᠦᠪᠡᠷᠲᠡᠭᠡᠨ ᠵᠠᠰᠠᠬᠤ ᠤᠷᠤᠨ ᠠᠴᠠ 103 ᠬᠡᠷᠡᠭ ᠶᠠᠪᠤᠳᠠᠯ ᠢ ᠨᠢᠭᠡᠲᠦᠯᠲᠡᠢ ᠡᠮᠬᠢᠯᠡᠨ ᠭᠠᠷᠭᠠᠵᠤ᠂ ᠪᠦᠯᠦᠭ ᠤᠳᠠᠭ᠎ᠠ ᠬᠤᠪᠢᠶᠠᠨ ᠪᠦᠬᠦ ᠤᠷᠤᠨ ᠤ ᠬᠡᠪᠴᠢᠶᠡᠨ ᠳᠤ ᠬᠡᠷᠡᠭᠵᠢᠭᠦᠯᠬᠦ ᠪᠤᠯᠤᠨ᠎ᠠ᠃     ︽ᠬᠠᠪᠰᠤᠷᠤᠨ ᠭᠦᠢᠴᠡᠳᠬᠡᠬᠦ︾ ᠲᠠᠯ᠎ᠠ ᠪᠠᠷ᠂ ᠪᠦᠬᠦ ᠤᠷᠤᠨ ᠳᠤ 209  ︽ᠬᠠᠪᠰᠤᠷᠤᠨ  ᠭᠦᠢᠴᠡᠳᠬᠡᠬᠦ︾ ᠴᠤᠩᠬᠤ ᠭᠠᠷᠭᠠᠵᠤ᠂ ᠮᠡᠷᠭᠡᠵᠢᠯ ᠤᠨ  600 ᠢᠯᠡᠭᠦᠦ ᠬᠠᠪᠰᠤᠷᠤᠨ ᠭᠦᠢᠴᠡᠳᠬᠡᠭᠴᠢ ᠶᠢ ᠲᠤᠬᠢᠷᠠᠭᠤᠯᠵᠤ᠂ 800 ᠢᠯᠡᠭᠦᠦ ᠲᠦᠰᠦᠯ  ᠤᠨ ᠲᠦᠷᠭᠡᠨ ᠪᠠᠲᠤᠯᠠᠬᠤ ᠳᠤ ᠨᠢ ᠲᠤᠰᠠᠯᠠᠵᠤ᠂ ᠦᠭᠡᠷᠡᠴᠢᠯᠡᠯᠲᠡ ᠶᠢᠨ ᠦᠷ᠎ᠡ ᠪᠦᠲᠦᠮᠵᠢ ᠨᠢ ᠠᠭᠠᠵᠢᠮ ᠢᠶᠠᠷ ᠢᠯᠡᠷᠡᠵᠦ ᠡᠬᠢᠯᠡᠵᠡᠢ᠃      ᠪᠤᠤ ᠵᠢᠶᠠᠨ ᠵᠦᠩ ᠤᠨ ᠬᠡᠯᠡᠬᠦ ᠪᠠᠷ᠂ ᠳᠠᠷᠠᠭᠠᠴᠢ ᠶᠢᠨ ᠠᠯᠬᠤᠮ ᠳᠤ᠂ ᠮᠠᠨ ᠤ ᠤᠷᠤᠨ ᠰᠦᠯᠵᠢᠶᠡᠨ ᠳᠡᠭᠡᠷ᠎ᠡ ᠦᠢᠯᠡᠴᠢᠯᠡᠬᠦ ᠬᠡᠷᠡᠭᠯᠡᠭᠡ ᠶᠢ ᠭᠤᠤᠯᠳᠠᠯᠭ᠎ᠠ ᠲᠠᠢ ᠠᠳᠬᠤᠵᠤ᠂ ᠪᠦᠬᠦ ᠤᠷᠤᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ 2.0 ᠬᠡᠪᠯᠡᠯ ᠢ ᠡᠷᠴᠢᠮᠲᠡᠢ ᠲᠦᠰᠦᠪᠯᠡᠵᠦ᠂ ᠨᠢᠬᠡ ᠰᠦᠯᠵᠢᠶ᠎ᠡ ᠪᠠᠷ ᠵᠦᠪᠰᠢᠶᠡᠷᠡᠬᠦ᠂ ᠬᠠᠮᠵᠢᠯᠴᠠᠨ ᠬᠦᠢᠴᠡᠳᠬᠡᠬᠦ᠂ ᠶᠡᠷᠦᠩᠬᠡᠶᠢᠯᠡᠭᠰᠡᠨ ᠬᠠᠮᠢᠶᠠᠷᠤᠯᠲᠠ ᠶᠢ ᠨᠢᠭᠡ ᠴᠤᠭᠴᠠᠵᠢᠭᠤᠯᠤᠭᠰᠠᠨ  ᠵᠠᠰᠠᠭ ᠤᠨ ᠶᠠᠪᠤᠳᠠᠯ ᠤᠨ ᠰᠦᠯᠵᠢᠶᠡᠨ ᠳᠡᠭᠡᠷᠡᠬᠢ ᠦᠢᠯᠡᠴᠢᠯᠡᠭᠡᠨ  ᠤ ᠰᠢᠰᠲ᠋ᠧᠮ ᠢ ᠪᠤᠢ ᠪᠤᠯᠭᠠᠨ᠎ᠠ᠃     ︽ᠮᠧᠩ ᠰᠤ᠋ ᠪᠠᠨ︾ APP ᠲᠠᠪᠴᠠᠩ ᠤᠨ ᠴᠢᠳᠠᠮᠵᠢ ᠶᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠵᠤ ᠠᠬᠤᠶᠢᠯᠠᠯ᠂ ᠠᠷᠠᠳ ᠢᠷᠭᠡᠳ ᠤᠨ ᠬᠡᠷᠡᠭ ᠶᠠᠪᠤᠳᠠᠯ ᠰᠢᠢᠳᠪᠦᠷᠢᠯᠡᠬᠦ ᠳᠤ ᠪᠡᠶᠡᠴᠢᠯᠡᠨ ᠤᠷᠤᠯᠴᠠᠬᠤ ᠬᠡᠮᠵᠢᠶ᠎ᠡ ᠶᠢ ᠦᠨᠳᠦᠷᠲᠡᠭᠡᠨ᠂  ︽ᠮᠧᠩ ᠰᠤ᠋ ᠪᠠᠨ︾ APP ᠶᠢ ᠠᠵᠤ ᠠᠬᠤᠶᠢᠯᠠᠯ᠂ ᠠᠷᠠᠳ ᠢᠷᠡᠭᠡᠳ ᠤᠨ ᠦᠵᠡᠬᠦ ᠳᠤᠷᠠᠲᠠᠢ᠂ ᠬᠡᠷᠡᠭᠯᠡᠬᠦ ᠳᠤᠷᠠᠲᠠᠢ᠂ ᠪᠠᠶᠢᠩᠭᠤ ᠦᠵᠡᠵᠦ ᠪᠠᠶᠢᠩᠭᠤ ᠬᠡᠷᠡᠭᠯᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠭᠡ ᠲᠠᠪᠴᠠᠩ ᠪᠤᠯᠭᠠᠬᠤ ᠪᠠᠷ ᠴᠢᠷᠮᠠᠶᠢᠨ᠎ᠠ᠃        ︽ ᠨᠢᠭᠡ ᠤᠳᠠᠭ᠎ᠠ ᠳᠤ ᠬᠦᠢᠴᠡᠳᠬᠡᠬᠦ︾ ᠬᠡᠷᠡᠭ ᠶᠠᠪᠤᠳᠠᠯ ᠤᠨ ᠭᠤᠶᠤᠴᠢᠯᠠᠬᠤ ᠮᠠᠲ᠋ᠧᠷᠢᠶᠠᠯ᠂ ᠬᠦᠢᠴᠡᠳᠬᠡᠬᠦ ᠴᠠᠭ ᠤᠨ ᠬᠢᠵᠠᠭᠠᠷ ᠪᠤᠯᠤᠨ ᠬᠦᠰᠦᠨᠦᠭ ᠢ ᠤᠯᠠᠮ ᠨᠢᠭᠡ ᠠᠯᠬᠤᠮ ᠪᠠᠭᠠᠰᠬᠠᠵᠤ᠂ ︽ᠪᠦᠷᠢᠨ ᠢᠵᠢ ᠬᠦᠰᠦᠨᠦᠭ ᠬᠠᠭᠤᠳᠠᠰᠤ︾ ᠶᠢ ᠬᠡᠷᠡᠭᠵᠢᠭᠦᠯᠬᠦ  ᠰᠠᠭᠤᠷᠢᠯᠠᠵᠤ ︽ᠨᠢᠭᠡ ᠬᠦᠰᠦᠨᠦᠭ︾ ᠢ ᠰᠦᠪᠡᠭᠴᠢᠯᠡᠨ ᠬᠡᠷᠡᠭᠵᠢᠭᠦᠯᠵᠦ᠂ ᠵᠦᠪᠰᠢᠶᠡᠷᠡᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ ︽ᠬᠠᠪᠰᠣᠷᠤᠨ ᠭᠦᠢᠴᠡᠳᠬᠡᠬᠦ︾ ᠶᠢᠨ ᠵᠦᠪᠳᠡᠯᠴᠡᠨ ᠬᠠᠮᠳᠤᠷᠠᠨ ᠰᠢᠭᠦᠬᠦ ᠳᠦᠷᠢᠮ ᠢ ᠤᠯᠠᠮ ᠪᠦᠷᠢᠵᠢᠭᠦᠯᠵᠦ᠂ ᠦᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ᠬᠤᠯᠪᠤᠭᠠᠯᠠᠭᠰᠠᠨ ᠪᠠᠶᠢᠭᠤᠯᠤᠯ ᠢ ᠪᠦᠲᠦᠮᠵᠢᠲᠡᠢ ᠪᠠᠷ ᠪᠠᠶᠢᠭᠤᠯᠤᠨ᠂ ︽ᠠᠵᠤ ᠠᠬᠤᠶᠢᠯᠠᠯ ᠭᠦᠶᠦᠬᠦ︾ ᠠᠴᠠ ︽ᠵᠠᠰᠠᠭ ᠤᠨ ᠤᠷᠳᠤᠨ ᠭᠦᠶᠦᠬᠦ︾ ᠶᠢ ᠦᠨᠡᠨ ᠬᠦ ᠪᠡᠶᠡᠯᠡᠭᠦᠯᠦᠨ᠎ᠡ᠃                                                          
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号