ᠪᠤᠭᠤᠳᠤ ᠬᠤᠳᠠ᠄ ᠨᠡᠶᠢᠬᠡᠮ ᠤᠨ ᠲᠤᠰᠠᠯᠠᠮᠵᠢ ᠶᠢᠨ ᠪᠠᠷᠢᠮᠵᠢᠶ᠎ᠡ ᠶᠢ ᠲᠡᠭᠡᠭᠰᠢᠯᠡᠬᠦᠯᠦᠭᠰᠡᠨ ᠪᠡᠯᠨ ᠮᠦᠡᠭᠭᠦ  ᠶᠢ ᠨᠦᠬᠦᠵᠤ ᠲᠠᠷᠬᠠᠭᠠᠬᠤ ᠠᠵᠢᠯ ᠢ ᠲᠠᠭᠤᠰᠬᠠᠪᠠ
ᠨᠡᠶᠢᠲᠡᠯᠡᠭᠰᠡᠨ ᠴᠠᠭ᠄
2021/6/10
 5 ᠳ᠋ᠤᠭᠠᠷ ᠰᠠᠷ᠎ᠠ ᠶᠢᠨ ᠰᠡᠬᠦᠯᠴᠢ ᠪᠤᠯᠳᠠᠯ᠎ᠠ ᠪᠤᠭᠤᠳᠤ ᠬᠤᠳᠠ ᠨᠡᠶᠢᠬᠡᠮ ᠤᠨ ᠲᠤᠰᠠᠯᠠᠮᠵᠢ ᠶᠢᠨ ᠪᠠᠷᠢᠮᠵᠢᠶ᠎ᠡ ᠶᠢ ᠲᠡᠭᠡᠭᠰᠢᠯᠡᠬᠦᠯᠦᠭᠰᠡᠨ ᠪᠡᠯᠨ ᠮᠦᠡᠭᠭᠦ ᠶᠢ ᠨᠦᠬᠦᠵᠤ ᠲᠠᠷᠬᠠᠭᠠᠬᠤ ᠠᠵᠢᠯ ᠢ ᠪᠦᠬᠦ ᠲᠠᠯ᠎ᠠ ᠪᠠᠷ ᠪᠡᠶᠡᠯᠡᠬᠦᠯᠵᠤ᠂ 32877 ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢ ᠬᠦᠷᠳᠡᠭᠴᠢ ᠳᠤ ᠪᠠᠷᠢᠮᠵᠢᠶ᠎ᠠ ᠶᠢ ᠲᠡᠭᠡᠭᠰᠢᠯᠡᠬᠦᠯᠦᠭᠰᠡᠨ ᠪᠡᠯᠨ ᠮᠦᠡᠭᠭᠦ 546 ᠲᠦᠮᠡᠨ ᠲᠦᠬᠦᠷᠢᠭ ᠨᠦᠬᠦᠨ ᠲᠠᠷᠬᠠᠭᠠᠵᠤ᠂ 3849 ᠤᠨᠴᠨ ᠬᠦᠴᠢᠷᠳᠡᠯᠳᠡᠢ ᠲᠡᠳᠬᠦᠨ ᠲᠡᠵᠢᠭᠡᠭᠳᠡᠵᠤ ᠪᠠᠶᠢᠭ᠎ᠠ ᠬᠦᠮᠦᠰ ᠲᠤ ᠪᠠᠷᠢᠮᠵᠢᠶ᠎ᠠ ᠶᠢ ᠲᠡᠭᠡᠭᠰᠢᠯᠡᠬᠦᠯᠦᠭᠰᠡᠨ ᠪᠡᠯᠨ ᠮᠦᠡᠭᠭᠦ 122 ᠲᠦᠮᠡᠨ ᠲᠦᠬᠦᠷᠢᠭ ᠢ ᠨᠦᠬᠦᠵᠤ ᠦᠭᠪᠡ᠃ ᠡᠨᠡ ᠤᠳᠠᠭ᠎ᠠ ᠬᠤᠳᠠ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠶᠢ 45 ᠲᠦᠬᠦᠷᠢᠭ ᠲᠡᠭᠡᠭᠰᠢᠯᠡᠬᠦᠯᠵᠤ᠂ ᠬᠦᠮᠦᠨ ᠪᠤᠯᠭᠠᠨ ᠰᠠᠷ᠎ᠠ ᠪᠦᠷᠢ 795 ᠲᠦᠬᠦᠷᠢᠭ ᠬᠦᠷᠴᠡᠢ᠃ ᠲᠠᠷᠢᠶᠠᠯᠠᠬᠤ ᠮᠠᠯᠵᠢᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ  ᠶᠢᠨ ᠪᠠᠷᠢᠮᠵᠢᠶ᠎ᠠ ᠶᠢ 400 ᠲᠦᠬᠦᠷᠢᠭ ᠲᠡᠭᠡᠭᠰᠢᠯᠡᠬᠦᠯᠵᠤ᠂ ᠬᠦᠮᠦᠨ ᠪᠤᠯᠭᠠᠨ ᠵᠢᠯ ᠳᠤ ᠪᠠᠨ 7044 ᠲᠦᠬᠦᠷᠢᠭ ᠪᠤᠯᠵᠠᠢ᠃ ᠬᠤᠳᠠ ᠪᠠᠯᠭᠠᠰᠤᠨ ᠤ ᠤᠨᠴᠨ ᠬᠦᠴᠢᠷᠳᠡᠯᠳᠡᠢ ᠬᠦᠮᠦᠰ ᠤᠨ ᠪᠠᠳᠤᠯᠠᠭ᠎ᠠ ᠶᠢᠨ ᠪᠠᠷᠢᠮᠵᠢᠶ᠎ᠠ ᠶᠢᠨ 95 ᠲᠦᠬᠦᠷᠢᠭ ᠲᠡᠭᠡᠭᠰᠢᠯᠡᠬᠦᠯᠵᠤ᠂ ᠬᠦᠮᠦᠨ ᠪᠤᠯᠭᠠᠨ ᠰᠠᠷ᠎ᠠ ᠳᠤ 1695 ᠲᠦᠬᠦᠷᠢᠭ ᠪᠤᠯᠵᠤ᠂ ᠲᠠᠷᠢᠶᠠᠯᠠᠬᠤ ᠮᠠᠯᠵᠢᠬᠤ ᠤᠷᠤᠨ ᠤ ᠤᠨᠴᠨ ᠬᠦᠴᠢᠷᠳᠡᠯᠳᠡᠢ ᠬᠦᠮᠦᠰ ᠤᠨ ᠪᠠᠳᠤᠯᠠᠭ᠎ᠠ ᠶᠢᠨ ᠪᠠᠷᠢᠮᠵᠢᠶ᠎ᠠ ᠶᠢ 600 ᠲᠦᠬᠦᠷᠢᠭ ᠲᠡᠭᠡᠭᠰᠢᠯᠡᠬᠦᠯᠵᠤ᠂ ᠬᠦᠮᠦᠨ ᠪᠦᠷᠢ ᠵᠢᠯ ᠳᠤ ᠪᠠᠨ 10600 ᠲᠦᠬᠦᠷᠢᠭ ᠪᠤᠯᠭᠠᠵᠠᠢ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号