| ᠦᠪᠡᠷᠲᠡᠭᠡᠨ ᠵᠠᠰᠠᠬᠤ ᠤᠷᠤᠨ ᠤ ᠠᠵᠢᠯᠴᠢᠨ ᠤ ᠶᠡᠷᠦᠩᠬᠡᠢ ᠡᠪᠯᠡᠯ ᠤᠨ6 ᠰᠠᠷ᠎ᠠ ᠶᠢᠨ11 ᠤ ᠡᠳᠦᠷ | ᠬᠤᠷᠠᠯᠳᠤᠭᠰᠠᠨ ᠪᠦᠬᠦ ᠤᠷᠤᠨ ᠤ ᠠᠵᠢᠯᠴᠢᠨ ᠤ ᠡᠪᠯᠡᠯ ᠤᠨ ᠬᠤᠲᠠ ᠪᠠᠯᠭᠠᠰᠤᠨ ᠤ ᠬᠦᠴᠢᠷᠳᠡᠯ ᠲᠠᠢ ᠠᠵᠢᠯᠲᠠᠨ | ᠠᠵᠢᠯᠴᠢᠨ ᠤ ᠬᠦᠴᠢᠷᠳᠡᠯ ᠠᠴᠠ ᠠᠩᠭᠢᠵᠢᠷᠠᠭᠤᠯᠬᠤ ᠠᠵᠢᠯ ᠤᠨ ᠶᠠᠷᠢᠯᠴᠠᠬᠤ ᠬᠤᠷᠠᠯ ᠠᠴᠠ ᠤᠶᠢᠯᠭᠠᠭᠰᠠᠨ ᠨᠢ᠂ | ᠪᠦᠬᠦ ᠤᠷᠤᠨ ᠤ ᠡᠯ᠎ᠡ ᠱᠠᠲᠤᠨ ᠤ ᠠᠵᠢᠯᠴᠢᠨ ᠤ ᠡᠪᠯᠡᠯ 5 ᠵᠢᠯ ᠭᠠᠷᠤᠢ ᠶᠢᠨ ᠲᠠᠰᠤᠷᠠᠯᠲᠠ ᠦᠭᠡᠢ ᠴᠢᠷᠮᠠᠶᠢᠯᠭ᠎ᠠ ᠪᠠᠷ | ᠳᠠᠮᠵᠢᠨ᠂ ᠮᠠᠨ ᠤ ᠤᠷᠤᠨ ᠤ ᠬᠤᠲᠠ ᠪᠠᠯᠭᠠᠰᠤᠨ ᠤ ᠬᠦᠴᠢᠷᠳᠡᠯ ᠲᠠᠢ ᠠᠵᠢᠯᠲᠠᠨ ᠠᠵᠢᠯᠴᠢᠨ ᠤ ᠬᠦᠴᠢᠷᠳᠡᠯ ᠠᠴᠠ | ᠠᠩᠵᠢᠷᠠᠭᠤᠯᠬᠤ ᠠᠵᠢᠯ ᠤᠨ ᠡᠭᠦᠷᠭᠡ ᠶᠢ ᠲᠤᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ 2017 ᠤᠨ ᠤ | ᠡᠴᠦᠰ ᠠᠴᠠ ᠨᠠᠭᠠᠰᠢᠬᠢ 56171 ᠡᠷᠦᠬᠡ ᠬᠦᠴᠢᠷᠳᠡᠯ ᠲᠠᠢ ᠠᠵᠢᠯᠲᠠᠨ ᠠᠵᠢᠯᠴᠢᠨ ᠢ ᠬᠠᠪᠰᠤᠷᠠᠨ | ᠬᠦᠴᠢᠷᠳᠡᠯ ᠠᠴᠠ ᠨᠢ ᠠᠩᠭᠢᠵᠢᠷᠠᠭᠤᠯᠪᠠ᠃ | ᠤᠶᠢᠯᠭᠠᠭᠰᠠᠨ ᠢᠶᠠᠷ᠂ 2018 ᠤᠨ ᠠᠴᠠ ᠨᠠᠭᠠᠰᠢ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ | ᠬᠢᠭᠡᠳ ᠦᠪᠡᠷᠲᠡᠭᠡᠨ ᠵᠠᠰᠠᠬᠤ ᠤᠷᠤᠨ ᠤ ᠠᠵᠢᠯᠴᠢᠨ ᠤ ᠶᠡᠷᠦᠩᠬᠡᠢ ᠡᠪᠯᠡᠯ ᠠᠷᠪᠠᠨ ᠨᠢᠭᠡᠳᠦᠭᠡᠷ ᠤᠳᠠᠭᠠᠨ ᠤ | ᠬᠠᠮᠲᠤᠷᠠᠭᠰᠠᠨ ᠬᠤᠷᠠᠯ ᠬᠤᠷᠠᠯᠳᠦᠭᠤᠯᠵᠤ ︽ᠬᠤᠲᠠ ᠪᠠᠯᠭᠠᠰᠤᠨ ᠤ ᠬᠦᠴᠢᠷᠳᠡᠯ ᠲᠠᠢ ᠠᠵᠢᠯᠲᠠᠨ ᠠᠵᠢᠯᠴᠢᠨ ᠤ | ᠬᠦᠴᠢᠷᠳᠡᠯ ᠠᠴᠠ ᠠᠩᠵᠢᠷᠠᠭᠤᠯᠬᠤ ᠠᠵᠢᠯ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ | ᠢ ᠨᠡᠶᠢᠲᠡᠯᠡᠵᠤ᠂ ︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠤᠷᠳᠤᠨ ᠤ ᠭᠤᠤᠯᠯᠠᠨ ᠤᠳᠤᠷᠢᠳᠬᠤ᠂ | ᠠᠵᠢᠯᠴᠢᠨ ᠤ ᠡᠪᠯᠡᠯ ᠲᠤᠯᠤᠭᠠᠶᠢᠯᠠᠬᠤ᠂ ᠰᠠᠯᠠᠭ᠎ᠠ ᠮᠦᠴᠢᠷ ᠬᠠᠷᠢᠭᠤᠴᠠᠬᠤ᠂ ᠨᠡᠶᠢᠭᠡᠮ ᠨᠡᠶᠢᠲᠡ ᠪᠠᠷ ᠢᠶᠠᠨ | ᠤᠷᠤᠯᠴᠠᠬᠤ︾ ᠠᠵᠢᠯ ᠤᠨ ᠲᠤᠬᠳᠠᠯᠴᠠᠭ᠎ᠠ ᠶᠢ ᠪᠠᠶᠢᠭᠤᠯᠪᠠ᠃ | ᠦᠪᠡᠷᠳᠡᠬᠡᠨ ᠵᠠᠰᠠᠬᠤ ᠤᠷᠤᠨ ᠤ ᠠᠵᠢᠯᠴᠢᠨ ᠤ ᠶᠡᠷᠦᠩᠬᠡᠢ ᠡᠪᠯᠡᠯ ᠡᠴᠠᠦᠪᠡᠷᠲᠡᠭᠡᠨ ᠵᠠᠰᠠᠬᠤ ᠤᠷᠤᠨ ᠤ | ᠠᠷᠠᠳ ᠤᠨ ᠶᠠᠪᠤᠳᠠᠯ ᠤᠨ ᠲᠢᠩᠬᠢᠮ ᠲᠠᠢ ᠬᠠᠮᠲᠤᠷᠤᠨ ᠲᠤᠭ᠎ᠠ ᠪᠠᠷᠢᠮᠲᠠ ᠶᠢᠨ ᠬᠠᠷᠢᠴᠠᠭᠤᠯᠤᠯ ᠪᠠ ᠮᠡᠳᠡᠭᠡ | ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠢ ᠪᠠᠶᠢᠭᠤᠯᠵᠤ᠂ ᠤᠷᠢᠳ ᠬᠤᠵᠢᠳ 9424 ᠡᠷᠦᠬᠡ ᠪᠦᠬᠦ ᠤᠯᠤᠰ ᠤᠨ | ᠳᠡᠰ ᠤᠨ᠂ ᠦᠪᠡᠷᠲᠡᠭᠡᠨ ᠵᠠᠰᠠᠬᠤ ᠤᠷᠤᠨ ᠤ ᠳᠡᠰ ᠤᠨ ᠬᠦᠴᠢᠷᠳᠡᠯ ᠲᠠᠢ ᠠᠵᠢᠯᠲᠠᠨ ᠠᠵᠢᠯᠴᠢᠨ ᠳᠤ ᠲᠤᠭ᠎ᠠ | ᠪᠠᠷᠢᠮᠲᠠ ᠶᠢᠨ ᠬᠠᠷᠢᠴᠠᠭᠤᠯᠤᠯ ᠬᠢᠪᠡ︔ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠯᠦᠭᠡ ᠬᠦᠴᠢᠷᠳᠡᠯ ᠲᠠᠢ ᠠᠵᠢᠯᠲᠠᠨ ᠠᠵᠢᠯᠴᠢᠨ ᠤ ᠲᠤᠭ᠎ᠠ | ᠪᠠᠷᠢᠮᠲᠠ ᠶᠢ ᠢᠳᠡᠪᠬᠢᠲᠠᠢ ᠪᠠᠷ ᠵᠠᠯᠭᠠᠭᠤᠯᠵᠤ᠂ ᠤᠷᠤᠨ ᠰᠠᠭᠤᠴᠠ ᠶᠢᠨ ᠪᠠᠳᠤᠯᠠᠭ᠎ᠠ ᠶᠢᠨ ᠨᠦᠬᠦᠴᠡᠯ ᠳᠤ ᠨᠡᠶᠢᠴᠡᠬᠦ | ᠬᠤᠲᠠ ᠪᠠᠯᠭᠠᠰᠤ ᠶᠢᠨ ᠬᠦᠴᠢᠷᠳᠡᠯ ᠲᠠᠢ ᠠᠵᠢᠯᠲᠠᠨ ᠠᠵᠢᠯᠴᠢᠨ ᠤ ᠠᠵᠢᠯ ᠤᠯᠭᠤᠯᠲᠠ ᠳᠤ ᠲᠤᠰᠠᠯᠠᠮᠵᠢ | ᠦᠵᠡᠭᠦᠯᠬᠦ ᠶᠢ ᠴᠢᠩᠭᠠᠳᠬᠠᠵᠤ᠂ ᠬᠤᠲᠠ ᠪᠠᠯᠭᠠᠰᠤ ᠶᠢᠨ ᠬᠦᠴᠢᠷᠳᠡᠯ ᠲᠠᠢ ᠠᠵᠢᠯᠲᠠᠨ ᠠᠵᠢᠯᠴᠢᠨ ᠤ ᠭᠡᠷ ᠪᠦᠯᠢ ᠳᠤ | ᠬᠢ ᠠᠵᠢᠯ ᠤᠯᠬᠤ ᠳᠤ ᠬᠦᠴᠢᠷᠲᠡᠢ ᠪᠦᠷᠢᠯᠳᠦᠨ ᠢ ᠭᠤᠤᠯᠳᠠᠯᠭ᠎ᠠ ᠲᠠᠢ ᠪᠠᠷ ᠦᠪᠡᠷᠲᠡᠭᠡᠨ ᠵᠠᠰᠠᠬᠤ ᠤᠷᠤᠨ ᠤ | ᠰᠤᠷᠭᠠᠨ ᠬᠦᠮᠦᠵᠢᠯ ᠲᠢᠩᠬᠢᠮ ᠲᠠᠢ ᠬᠠᠮᠲᠤᠷᠠᠨ ᠤᠯᠤᠰ ᠪᠠ ᠦᠪᠡᠷᠲᠡᠭᠡᠨ ᠵᠠᠰᠠᠬᠤ ᠤᠷᠤᠨ ᠤ ᠱᠠᠲᠤᠨ ᠤ ᠳᠠᠩᠰᠠ | ᠡᠪᠬᠡᠮᠡᠯ ᠪᠠᠶᠢᠭᠤᠯᠬᠤ ᠳᠤ ᠬᠦᠴᠢᠷᠳᠡᠯ ᠲᠠᠢ ᠠᠵᠢᠯᠲᠠᠨ ᠠᠵᠢᠯᠴᠢᠨ ᠤ ᠭᠡᠷ ᠪᠦᠯᠢ ᠶᠢᠨ ᠦᠷ᠎ᠡ ᠬᠡᠤᠬᠡᠳ ᠢ ᠪᠦᠬᠦᠨ ᠢ | ︽ ᠤᠨᠴᠠᠭᠠᠢ ᠬᠦᠴᠢᠷᠳᠡᠯ ᠲᠠᠢ︾ ᠳᠡᠰ ᠲᠤ ᠤᠷᠤᠭᠤᠯᠵᠤ᠂ ᠬᠠᠮᠢᠶ᠎ᠠ ᠪᠦᠬᠦᠢ ᠰᠤᠷᠤᠭᠴᠢ ᠢ ᠵᠤᠭᠤᠰ ᠢᠶᠠᠷ | ᠲᠤᠰᠠᠯᠠᠬᠤ ᠲᠦᠷᠦ ᠶᠢᠨ ᠪᠤᠳᠤᠯᠭ᠎ᠠ ᠶᠢ ᠲᠤᠭᠲᠠᠭᠠᠯ ᠶᠤᠰᠤ ᠪᠠᠷ ᠨᠠᠶᠢᠳᠠᠪᠤᠷᠢᠵᠢᠭᠤᠯᠤᠨ᠎ᠠ︔ ᠦᠪᠡᠷᠲᠡᠭᠡᠨ ᠵᠠᠰᠠᠬᠤ | ᠤᠷᠤᠨ ᠤ ᠡᠳ᠋ ᠤᠨ ᠵᠠᠰᠠᠭ ᠤᠨ ᠲᠢᠩᠬᠢᠮ ᠵᠡᠷᠭᠡ ᠡᠯ᠎ᠡ ᠲᠠᠯ᠎ᠠ ᠶᠢᠨ ᠬᠢᠨ ᠢ ᠵᠤᠬᠢᠴᠠᠭᠤᠯᠤᠨ ᠨᠡᠶᠢᠲᠡ6.71 | ᠳ᠋ᠦᠩᠰᠢᠭᠤᠷ ᠲᠦᠭᠦᠷᠢᠭ ᠤᠨ ᠬᠠᠪᠰᠤᠷᠤᠨ ᠳᠡᠳᠬᠦᠬᠦ ᠪᠡᠯᠡ ᠮᠦᠩᠭᠦ ᠤᠷᠤᠭᠤᠯᠪᠠ᠃ | ᠦᠪᠡᠷᠲᠡᠭᠡᠨ ᠵᠠᠰᠠᠬᠤ ᠤᠷᠤᠨ ᠤ ᠠᠵᠢᠯᠴᠢᠨ ᠤ ᠶᠡᠷᠦᠩᠬᠡᠢ ᠡᠪᠯᠡᠯ ᠠᠴᠠ ᠤᠷᠢᠳ ᠬᠤᠵᠢᠳ ᠬᠦᠴᠢᠷᠳᠡᠯ ᠲᠠᠢ | ᠠᠵᠢᠯᠲᠠᠨ ᠠᠵᠢᠯᠴᠢᠨ ᠤ ᠬᠦᠴᠢᠷᠳᠡᠯ ᠠᠴᠠ ᠠᠩᠭᠢᠵᠢᠷᠠᠭᠤᠯᠬᠤ ᠠᠵᠢᠯ ᠤᠨ ᠶᠡᠷᠦᠩᠬᠡᠢ ᠬᠡᠷᠡᠭᠵᠢᠭᠦᠯᠬᠦ ᠲᠦᠰᠦᠯ ᠪᠠ | 3 ᠵᠢᠯ ᠤᠨ ᠠᠵᠢᠯ ᠤᠨ ᠲᠦᠯᠦᠪᠵᠢᠭᠦᠯᠭᠡ ᠶᠢ ᠲᠤᠭᠲᠠᠭᠠᠭᠰᠠᠨ ᠪᠦᠭᠡᠳ ᠳᠠᠩᠰᠠ ᠡᠪᠬᠡᠮᠡᠯ ᠤᠨ ᠬᠠᠮᠢᠶᠠᠷᠤᠯᠲᠠ᠂ | ᠤᠬᠤᠷᠢᠨ ᠭᠠᠷᠬᠤ ᠲᠤᠭᠲᠠᠴᠠ᠂ ᠦᠷ᠎ᠡ ᠪᠦᠲᠦᠮᠵᠢ ᠶᠢᠨ ᠦᠨᠡᠯᠡᠯᠲᠡ ᠵᠡᠷᠭᠡ ᠶᠢᠨ ᠲᠤᠭᠤᠷᠢᠨ ᠳᠤ ᠤᠷᠢᠳ | ᠬᠤᠵᠢᠳ16 ᠵᠦᠢᠯ ᠤᠨ ᠳᠦᠷᠢᠮ ᠢ ᠨᠡᠶᠢᠳᠡᠯᠡᠪᠡ᠃ | ᠪᠦᠬᠦ ᠤᠷᠤᠨ ᠤ ᠡᠯ᠎ᠡ ᠱᠠᠳᠤᠨ ᠤ ᠪᠦᠬᠦ ᠤᠯᠤᠰ ᠤᠨ ᠪᠠ ᠦᠪᠡᠷᠲᠡᠭᠡᠨ ᠵᠠᠰᠠᠬᠤ ᠤᠷᠤᠨ ᠤ ᠳᠡᠰ ᠤᠨ | ᠬᠦᠴᠢᠷᠳᠡᠯ ᠲᠠᠢ ᠠᠵᠢᠯᠳᠠᠨ ᠠᠵᠢᠯᠴᠢᠨ ᠪᠤᠯᠤᠨ ︽ᠪᠠᠭᠤᠷᠠᠬᠤ ᠬᠤᠭᠤᠴᠠᠭ᠎ᠠ︾ ᠶᠢᠨ ᠬᠠᠮᠢᠶᠠᠷᠤᠯᠲᠠ ᠳᠤ | ᠤᠷᠤᠭᠤᠯᠤᠭᠰᠠᠨ ᠳᠠᠩᠰᠠ ᠡᠪᠬᠡᠮᠡᠯ ᠠᠴᠠ ᠭᠠᠷᠬᠤ ᠬᠦᠴᠢᠷᠳᠡᠯ ᠲᠢ ᠠᠵᠢᠯᠳᠠᠨ ᠠᠵᠢᠯᠴᠢᠨ ᠤ ︽ᠭᠤᠷᠪᠠᠨ | ᠲᠦᠷᠦᠯ ᠤᠨ ᠭᠤᠤᠯᠳᠠᠯᠭ᠎ᠠ ᠲᠠᠢ ᠬᠦᠮᠦᠰ︾ ᠢ ᠲᠦᠷᠦᠯ ᠬᠤᠪᠢᠶᠠᠨ ᠲᠦᠷᠦ ᠶᠢᠨ ᠪᠤᠳᠤᠯᠭ᠎ᠠ ᠬᠡᠷᠡᠭᠵᠢᠭᠦᠯᠬᠦ ᠶᠢ | ᠴᠢᠩᠬ᠎ᠠ ᠠᠩᠬᠠᠷᠴᠤ᠂ ᠨᠡᠶᠢᠲᠡ35356 ᠡᠷᠦᠬᠡ ᠬᠦᠴᠢᠷᠳᠡᠯ ᠲᠠᠢ ᠠᠵᠢᠯᠲᠠᠨ ᠠᠵᠢᠯᠴᠢᠨ ᠤ ᠭᠡᠷ ᠪᠦᠯᠢ ᠶᠢᠨ | ᠦᠷ᠎ᠡ ᠬᠡᠤᠬᠡᠳ ᠢ ᠬᠠᠪᠰᠤᠷᠤᠨ ᠠᠵᠢᠯ ᠤᠯᠭᠤᠪᠠ᠃ ᠪᠦᠬᠦ ᠤᠯᠤᠰ ᠤᠨ ᠳᠡᠰ ᠤᠨ ᠬᠦᠴᠢᠷᠳᠡᠯ ᠲᠠᠢ ᠠᠵᠢᠯᠳᠠᠨ | ᠠᠵᠢᠯᠴᠢᠨ ᠤ 5150 ᠡᠷᠦᠬᠡ ᠶᠢ ᠬᠦᠨᠳᠦ ᠡᠪᠡᠳᠴᠢᠨ ᠤ ᠳᠠᠭᠠᠳᠬᠠᠯ ᠪᠠ ᠡᠮ ᠡᠮᠨᠡᠯᠭᠡ ᠶᠢᠨ ᠠᠪᠤᠷᠠᠨ ᠳᠤᠰᠠᠯᠠᠬᠤ | ᠳᠠᠭᠠᠳᠬᠠᠯ ᠳᠤ ᠤᠷᠤᠭᠤᠯᠵᠤ᠂ 7512 ᠡᠷᠦᠬᠡ ᠶᠢ ᠨᠡᠶᠢᠭᠡᠮ ᠤᠨ ᠳᠠᠭᠠᠳᠬᠠᠯ ᠳᠤ ᠬᠠᠮᠤᠷᠤᠨ ᠤᠷᠤᠭᠤᠯᠵᠤ᠂ | ᠨᠡᠶᠢᠭᠡᠮ ᠤᠨ ᠠᠪᠤᠷᠠᠨ ᠳᠤᠰᠠᠯᠠᠯᠲᠠ ᠳᠤ 8380 ᠡᠷᠦᠬᠡ ᠶᠢ ᠤᠷᠤᠭᠤᠯᠵᠤ᠂ 948 ᠡᠷᠦᠬᠡ ᠤᠨᠴᠠ ᠬᠦᠴᠢᠷᠳᠡᠯ | ᠲᠠᠢ ᠠᠵᠢᠯᠳᠠᠨ ᠠᠵᠢᠯᠴᠢᠨ᠂ 2432 ᠡᠷᠦᠬᠡ ᠬᠠᠷᠢᠴᠠᠩᠭᠤᠢ ᠬᠦᠴᠢᠷᠳᠡᠯ ᠲᠠᠢ ᠠᠵᠢᠯᠲᠠᠨ ᠠᠵᠢᠯᠴᠢᠨ ᠢ ᠪᠦᠬᠦᠨ ᠢ | ᠪᠠᠶᠢᠩᠭᠤ ᠶᠢᠨ ᠴᠢᠨᠠᠷᠲᠠᠢ ᠬᠠᠪᠰᠤᠷᠤᠨ ᠳᠡᠳᠬᠦᠬᠦ ᠳᠤ ᠤᠷᠤᠭᠤᠯᠪᠠ᠃ ᠨᠦᠬᠦᠴᠡᠯ ᠳᠤ ᠨᠡᠶᠢᠴᠡᠬᠦ ᠬᠦᠴᠢᠷᠳᠡᠯ ᠠᠴᠠ | ᠠᠩᠵᠢᠷᠠᠭᠰᠠᠨ ᠬᠦᠴᠢᠷᠳᠡᠯ ᠲᠠᠢ ᠠᠵᠢᠯᠲᠠᠨ ᠠᠵᠢᠯᠴᠢᠨ ᠢ ᠪᠦᠬᠦᠨ ᠢ ︽ᠪᠠᠭᠤᠷᠠᠬᠤ ᠬᠤᠭᠤᠴᠠᠭ᠎ᠠ︾ ᠶᠢᠨ | ᠬᠠᠮᠢᠶᠠᠷᠤᠯᠲᠠ ᠳᠤ ᠤᠷᠤᠭᠤᠯᠪᠠ᠃ | ᠪᠦᠬᠦ ᠤᠷᠤᠨ ᠤ ᠡᠯ᠎ᠡ ᠱᠠᠲᠤᠨ ᠤ ᠠᠵᠢᠯᠴᠢᠨ ᠤ ᠡᠪᠯᠡᠯ᠂ ᠪᠦᠬᠦ ᠤᠷᠤᠨ ᠤ 140 ᠭᠠᠷᠤᠢ ᠠᠵᠢᠯᠲᠠᠨ | ᠠᠵᠢᠯᠴᠢᠨ ᠤ ᠦᠢᠯᠡᠴᠢᠯᠡᠭᠡᠨ ᠤ ᠲᠦᠪ ᠳᠤ ᠲᠦᠰᠢᠭᠯᠡᠨ5 ᠵᠢᠯ ᠤᠨ ᠲᠤᠷᠰᠢ ᠶᠠᠳᠠᠭᠤ ᠬᠦᠴᠢᠷᠳᠡᠯ ᠲᠠᠢ | ᠠᠵᠢᠯᠳᠠᠨ ᠠᠵᠢᠯᠴᠢᠨ ᠤ ᠭᠡᠷ ᠪᠦᠯᠢ ᠶᠢ ᠨᠡᠶᠢᠲᠡ ᠪᠠᠷᠤᠭ 38 ᠲᠦᠮᠡᠨ ᠡᠷᠦᠬᠡ ᠲᠤᠬᠤᠨᠢᠭᠤᠯᠵᠤ᠂ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠢ ᠪᠠᠷᠤᠭ 21 ᠲᠦᠮᠡᠨ ᠬᠦᠮᠦᠨ ᠤᠳᠠᠭ᠎ᠠ ᠬᠢᠵᠦ᠂ ᠰᠦᠯᠵᠢᠶᠡᠨ | ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯ ᠤᠯᠭᠤᠯᠲᠠ ᠶᠢᠨ ᠦᠢᠯᠡᠴᠢᠯᠡᠭᠡ ᠶᠢ 93.6 ᠲᠦᠮᠡᠨ | ᠬᠦᠮᠦᠨ ᠤᠳᠠᠭ᠎ᠠ ᠬᠢᠵᠦ᠂ ︽ᠠᠯᠳᠠᠨ ᠨᠠᠮᠤᠷ ᠰᠤᠷᠤᠯᠭ᠎ᠠ ᠶᠢ ᠳᠡᠳᠬᠦᠬᠦ ︾ ᠪᠠᠷ ᠠᠵᠢᠯᠳᠠᠨ ᠠᠵᠢᠯᠴᠢᠨ ᠤ ᠭᠡᠷ | ᠪᠦᠯᠢ ᠶᠢᠨ ᠦᠷ᠎ᠡ ᠬᠡᠤᠬᠡᠳ ᠢ ᠪᠠᠷᠤᠭ 3.7 ᠲᠦᠮᠡᠨ ᠬᠦᠮᠦᠨ ᠤᠳᠠᠭ᠎ᠠ ᠳᠡᠳᠭᠦᠪᠡ᠃ | | |