| ᠤᠶᠢᠷ᠎ᠠ ᠶᠢᠨ ᠵᠢᠯ ᠤᠳ ᠲᠤ ︽5.20︾ ᠂ ︽5.21︾ ᠤ ᠡᠳᠤᠷ ᠨᠢ ᠵᠠᠯᠠᠭᠤᠴᠤᠤᠨ ᠤᠨ ᠲᠤᠷ᠎ᠡ | ᠪᠠᠬ᠎ᠠ ᠵᠠᠢ ᠳᠠᠳᠠᠵᠤ᠂ ᠮᠠᠰᠢ ᠤᠯᠠᠨ ᠰᠢᠨ᠎ᠡ ᠬᠦᠮᠤᠰ ᠡᠳᠡᠭᠡᠷ ᠡᠳᠤᠷ ᠤᠳ ᠲᠤ ᠤᠷᠤᠭ ᠤᠨ ᠪᠠᠳᠤᠯᠠᠪᠤᠷᠢ | ᠢᠶᠠᠨ ᠠᠪᠴᠤ ᠪᠠᠶᠢᠨ᠎ᠠ᠃ ᠡᠨᠡ ᠵᠢᠯ ᠤᠨ ︽5.20︾ ᠂ ︽5.21︾ ᠤ ᠡᠳᠤᠷ᠂ ᠰᠢᠨ᠎ᠡ ᠬᠦᠮᠤᠰ ᠤᠨ | ᠡᠨᠡ ᠬᠦ ᠤᠨᠴᠠᠭᠠᠢ ᠡᠳᠤᠷ ᠲᠤᠩ ᠤᠷᠤᠭ ᠤᠨ ᠪᠠᠳᠤᠯᠠᠪᠤᠷᠢ ᠪᠠᠨ ᠤᠷᠤᠭᠰᠢᠳᠠᠢ ᠤᠯᠵᠦ ᠠᠪᠬᠤ ᠶᠢ ᠪᠠᠳᠤᠯᠠᠬᠤ | ᠶᠢᠨ ᠲᠦᠯᠤᠭᠡ ᠤᠯᠠᠭᠠᠨᠬᠠᠳᠠ ᠬᠤᠳᠠ ᠶᠢᠨ ᠤᠷᠤᠭ ᠲᠠᠩᠰᠠᠯᠠᠬᠤ ᠭᠠᠵᠠᠷ ᠤᠨ ᠬᠢᠨ ᠤᠯᠠᠨ ᠵᠤᠶᠢᠯ ᠤᠨ ᠠᠷᠭ᠎ᠠ | ᠭᠡᠮᠵᠢᠶ᠎ᠡ ᠠᠪᠴᠤ᠂ ᠰᠢᠯᠢᠳᠡᠭ ᠦᠢᠯᠡᠴᠢᠯᠡᠭᠡᠨ ᠦᠷᠨᠢᠬᠦᠯᠵᠤ᠂ ︽ᠪᠢ ᠤᠯᠠᠨ ᠲᠦᠮᠠᠨ ᠳᠤ ᠪᠤᠳᠠᠳᠤ ᠶᠠᠪᠤᠳᠠᠯ | ᠭᠢᠵᠤ ᠦᠭᠬᠦ︾ ᠦᠷ᠎ᠡ ᠠᠰᠢᠭ ᠢᠶᠠᠨ ᠲᠡᠭᠡᠭᠰᠢᠯᠡᠬᠦᠯᠵᠤ ᠪᠠᠶᠢᠨ᠎ᠠ᠃ | ᠨᠢᠬᠡ ᠂ ᠤᠷᠢᠤᠨ ᠢᠶᠠᠷ ᠪᠤᠯᠵᠤᠨ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠨᠢᠬᠡ ᠯᠨ ᠲᠤᠤᠷ᠎ᠠ ᠬᠦᠮᠤᠨ | ᠬᠠᠷ᠎ᠠ ᠪᠦᠭᠡᠮᠨᠡᠷᠡᠬᠦ ᠠᠴᠠ ᠪᠦᠳᠤᠮᠵᠢᠳᠠᠢ ᠵᠠᠶᠢᠯᠠᠰᠭᠢᠪᠡ᠃ ᠨᠢᠬᠡ ᠯᠨ ᠲᠤᠤᠷ᠎ᠠ ᠪᠦᠭᠡᠮᠨᠡᠷᠡᠨ ᠲᠠᠩᠰᠠᠯᠠᠬᠤ ᠠᠴᠠ | ᠰᠡᠷᠭᠡᠶᠢᠯᠡᠬᠦ ᠶᠢᠨ ᠲᠦᠯᠤᠭᠡ ᠡᠯ᠎ᠡ ᠤᠷᠤᠭ ᠲᠠᠩᠰᠠᠯᠠᠬᠤ ᠭᠠᠵᠠᠷ ᠤᠨ ᠬᠢᠨ ᠤᠳᠠᠰᠤ ᠪᠠᠷ ᠤᠷᠢᠤᠨ ᠢᠶᠠᠷ ᠪᠤᠯᠵᠤᠬᠤ | ᠂ ᠰᠦᠯᠵᠢᠶᠡᠨ ᠲᠡᠭᠡᠷ᠎ᠡ ᠤᠷᠢᠤᠨ ᠢᠶᠠᠷ ᠪᠤᠯᠵᠤᠬᠤ᠂ ᠸᠢᠴᠠᠲ ᠤᠨ ᠨᠠᠶᠢᠳᠠ ᠶᠢᠨ ᠲᠠᠪᠴᠠᠩ ᠲᠡᠭᠡᠷ᠎ᠠ ᠤᠷᠢᠤᠨ ᠢᠶᠠᠷ | ᠪᠤᠯᠵᠤᠬᠤ ᠵᠡᠷᠭᠡ ᠭᠡᠯᠪᠡᠷᠢ ᠪᠠᠷ ︽5.20︾ ᠂ ︽5.21︾ ᠡᠳᠤᠷ ᠤᠷᠤᠭ ᠲᠠᠩᠰᠠᠯᠠᠬᠤ ᠴᠠᠭ ᠬᠤᠭᠤᠴᠠᠭ᠎ᠠ | ᠪᠠ ᠬᠦᠮᠤᠨ ᠤ ᠲᠤᠭ᠎ᠠ ᠶᠢ ᠪᠤᠯᠵᠤᠨ ᠲᠤᠭᠳᠠᠭᠠᠵᠤ ᠰᠢᠨᠵᠢᠯᠡᠬᠦ ᠤᠬᠠᠭᠠᠨᠴᠢ ᠪᠠᠷ ᠲᠤᠭᠢᠷᠠᠭᠤᠯᠪᠡ᠃ ᠤᠷᠢᠤᠨ ᠢᠶᠠᠷ | ᠪᠤᠯᠵᠤᠨ ᠲᠠᠩᠰᠠᠯᠠᠭᠤᠯᠬᠤ ᠪᠠᠷ ᠡᠷᠡᠮᠡᠯᠵᠢᠡᠯᠡᠭᠰᠨᠨ ᠬᠦᠮᠤᠰ ᠲᠤ ᠤᠷᠤᠭ ᠲᠠᠩᠰᠠᠯᠭᠤᠯᠬᠤ ᠪᠠᠷ ᠡᠷᠡᠮᠡᠯᠵᠡᠯᠡᠬᠦ ᠨᠦᠬᠦᠴᠡᠯ | ᠂ ᠲᠠᠩᠰᠠᠯᠠᠬᠤ ᠵᠢᠷᠤᠮᠯᠠᠯ᠂ ᠪᠡᠯᠡᠳᠭᠡᠬᠦ ᠴᠢᠬᠤᠯᠠ ᠲᠠᠢ ᠮᠠᠲ᠋ᠧᠷᠢᠶᠠᠯ ᠵᠡᠷᠭᠡ ᠶᠢ ᠨᠢ ᠤᠷᠢᠳᠴᠢᠯᠠᠨ ᠲᠤᠰᠢᠶᠠᠨ | ᠦᠭᠴᠤ᠂ ᠤᠷᠤᠭ ᠲᠠᠩᠰᠠᠯᠠᠭᠤᠯᠬᠤ ᠪᠠᠷ ᠡᠷᠡᠮᠡᠯᠵᠡᠯᠡᠭᠰᠡᠨ ᠬᠦᠮᠤᠰ ᠤᠨ ᠲᠤᠬᠠᠢ ᠶᠢᠨ ᠭᠠᠵᠠᠷ ᠲᠤᠨᠢ ᠬᠦᠯᠢᠶᠡᠬᠦ | ᠴᠠᠭ ᠢ ᠲᠤᠩ ᠪᠠᠭᠠᠰᠬᠠᠵᠤ᠂ ᠲᠠᠩᠰᠠᠯᠠᠬᠤ ᠭᠠᠵᠠᠷ ᠬᠦᠮᠤᠨ ᠬᠠᠷ᠎ᠠ ᠪᠦᠭᠡᠮᠨᠡᠷᠡᠬᠦ ᠠᠴᠠ ᠵᠠᠶᠢᠯᠠᠰᠭᠢᠵᠤ᠂ ᠲᠤᠬᠠᠢ | ᠶᠢᠨ ᠭᠠᠵᠠᠷ ᠨᠢ ᠴᠠᠭ ᠢ ᠠᠮᠵᠢᠨ ᠲᠤᠬᠢᠷᠠᠭᠤᠯᠤᠯᠳᠠ ᠭᠢᠪᠡ᠃ | ᠬᠤᠶᠠᠷ᠂ ᠲᠤᠬᠠᠢ ᠶᠢᠨ ᠭᠠᠵᠠᠷ ᠤᠨ ᠡᠮᠭᠢ ᠵᠢᠷᠤᠮ ᠢ ᠴᠢᠩᠭᠠᠳᠬᠠᠵᠤ᠂ ᠬᠠᠷᠢᠯᠴᠠᠨ ᠬᠠᠯᠳᠠᠪᠤᠷᠢᠯᠠᠬᠤ ᠠᠴᠠ | ᠤᠷᠢᠳᠴᠢᠯᠠᠨ ᠰᠡᠷᠭᠡᠶᠢᠯᠡᠪᠡ᠃ᠭᠢᠵᠢᠭ ᠭᠡᠮ ᠤᠨ ᠰᠡᠷᠭᠡᠶᠢᠯᠡᠯᠳᠠ ᠶᠢ ᠴᠢᠩᠭᠠᠳᠬᠠᠬᠤ ᠶᠢᠨ ᠲᠦᠯᠤᠭᠡ ᠡᠯ᠎ᠡ ᠤᠷᠤᠭ | ᠲᠠᠩᠰᠠᠯᠠᠬᠤ ᠭᠠᠵᠠᠷ ᠤᠨ ᠬᠢᠨ ᠲᠠᠩᠰᠠᠯᠠᠬᠤ ᠲᠠᠯᠠᠪᠤᠷ ᠤᠷᠴᠢᠨ ᠲᠤᠭᠤᠷᠢᠨ ᠢ ᠤᠷᠢᠳᠴᠢᠯᠠᠨ ᠪᠦᠬᠦ ᠲᠠᠯ᠎ᠠ ᠪᠠᠷ | ᠠᠷᠢᠭᠤᠳᠬᠠᠨ ᠴᠡᠪᠡᠷᠯᠡᠪᠡ ᠃ ᠡᠷᠡᠮᠡᠯᠵᠡᠯᠡᠭᠴᠢ ᠨᠢ ᠠᠵᠢᠯᠳᠠᠨ ᠲᠠᠢ ᠬᠠᠮᠵᠢᠯᠴᠠᠨ ᠪᠡᠶ᠎ᠡ ᠶᠢᠨ ᠬᠠᠯᠠᠭᠤᠨ ᠢ ᠭᠡᠮᠵᠢᠨ | ᠠᠷᠢᠭᠤᠳᠬᠠᠭᠰᠠᠨ ᠤ ᠲᠠᠷᠠᠭ᠎ᠠ ᠰᠠᠶ᠋ᠢ ᠤᠷᠤᠭ ᠲᠠᠩᠰᠠᠯᠠᠬᠤ ᠦᠢᠯᠡᠴᠢᠯᠡᠭᠡᠨ ᠤ ᠲᠢᠩᠭᠢᠮ ᠳᠤ ᠤᠷᠤᠬᠤ ᠶᠢ | ᠵᠦᠪᠰᠢᠶᠡᠷᠡᠨ᠎ᠡ᠃ ᠲᠠᠩᠰᠠᠯᠠᠭᠴᠢ ᠨᠢ ᠠᠵᠢᠯ ᠳᠤ ᠭᠠᠷᠬᠤ ᠠᠴᠠ ᠪᠠᠨ ᠡᠮᠤᠨ᠎ᠠ ᠬᠤᠪᠢ ᠶᠢᠨ ᠬᠠᠮᠠᠭᠠᠯᠠᠯᠳᠠ ᠪᠠᠨ | ᠢᠳᠠᠪᠭᠢᠳᠠᠢ ᠰᠠᠶᠢᠳᠤᠷ ᠭᠢᠵᠤ᠂ ᠬᠦᠮᠤᠨ ᠬᠠᠷ᠎ᠠ ᠪᠦᠭᠡᠮᠨᠡᠷᠡᠬᠦ ᠠᠴᠠ ᠪᠤᠯᠵᠤ ᠬᠠᠷᠢᠯᠴᠠᠨ ᠬᠠᠯᠳᠠᠪᠤᠷᠢᠯᠠᠬᠤ ᠶᠢ | ᠰᠡᠷᠭᠡᠶᠢᠯᠡᠵᠤ ᠲᠠᠩᠰᠠᠯᠠᠭᠤᠯᠬᠤ ᠪᠠᠷ ᠢᠷᠡᠭᠰᠡᠨ ᠤᠯᠠᠨ ᠲᠦᠮᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠤᠤᠨ ᠤᠨ ᠡᠷᠡᠬᠦᠯ ᠴᠢᠭᠢᠷᠠᠭ ᠢ ᠪᠠᠳᠤᠯᠠᠪᠠ᠃ | ᠭᠤᠷᠪᠠ ᠂ ᠦᠢᠯᠡᠴᠢᠯᠡᠭᠡ ᠪᠠᠨ ᠦᠷᠭᠡᠳᠭᠡᠵᠤ᠂ ᠤᠷᠤᠭ ᠬᠤᠷᠢᠮ ᠤᠨ ᠪᠤᠯᠪᠠᠰᠤᠨ ᠵᠠᠩ ᠰᠤᠷᠳᠠᠯ ᠢ | ᠰᠠᠨᠠᠭᠠᠴᠢᠯᠠᠪᠠ᠃ᠤᠷᠤᠭ ᠲᠠᠩᠰᠠᠯᠠᠬᠤ ᠭᠠᠵᠠᠷ ᠤᠨ ᠬᠢᠨ ᠤᠬᠠᠭᠤᠯᠭ᠎ᠠ ᠶᠢᠨ ᠰᠠᠮᠪᠠᠷ᠂ ᠢᠯᠡ ᠲᠡᠯᠭᠡᠴᠡ | ᠭᠠᠷᠭᠠᠵᠤ᠂ ᠤᠬᠠᠭᠤᠯᠭ᠎ᠠ ᠶᠢᠨ ᠵᠢᠷᠤᠭ ᠲᠦᠷᠰᠤ ᠲᠠᠯᠪᠢᠵᠤ᠂ ᠰᠠᠶᠢᠨ ᠰᠠᠶᠢᠬᠠᠨ ᠤᠯᠠᠮᠵᠢᠯᠠᠯᠳᠤ ᠶᠤᠰᠤ ᠮᠤᠷᠠᠯ ᠢ | ᠰᠤᠷᠳᠠᠯᠴᠢᠯᠠᠵᠤ᠂ ᠤᠯᠠᠨ ᠠᠷᠪᠢᠨ ᠰᠠᠭᠠᠯᠢ ᠠᠪᠬᠤ ᠶᠢ ᠡᠰᠡᠷᠬᠦᠴᠡᠵᠤ᠂ ᠤᠷᠤᠭ ᠬᠤᠷᠢᠮ ᠤᠨ ᠮᠠᠭᠤ ᠵᠠᠩ | ᠵᠨᠩᠰᠢᠯ ᠢ ᠲᠠᠪᠴᠢᠵᠤ᠂ ᠪᠤᠯᠪᠠᠰᠤᠨ ᠰᠢᠨ᠎ᠠ ᠰᠤᠷᠳᠠᠯ ᠢ ᠰᠠᠨᠠᠭᠠᠴᠢᠯᠠᠭᠰᠠᠨ ᠪᠠᠶᠢᠨ᠎ᠠ᠃ ᠭᠡᠰᠡᠭ ᠪᠦᠯᠦᠭ | ᠨᠦᠬᠦᠴᠡᠯ ᠲᠠᠢ ᠤᠷᠤᠭ ᠲᠠᠩᠰᠠᠯᠠᠬᠤ ᠪᠠᠶᠢᠭᠤᠯᠭ᠎ᠠ ᠨᠢ ᠦᠨᠠᠮᠯᠠᠯ ᠤᠯᠭᠤᠬᠤ ᠶᠤᠰᠤᠯᠠᠯ ᠶᠠᠪᠤᠭᠤᠯᠵᠤ᠂ | ᠡᠷᠡᠮᠡᠯᠵᠡᠯᠡᠭᠴᠢ ᠶᠢ ᠲᠠᠭᠠᠭᠤᠯᠤᠨ ᠤᠷᠤᠭ ᠤᠨ ᠲᠠᠩᠭᠠᠷᠢᠭ ᠤᠩᠰᠢᠭᠤᠯᠵᠤ᠂ ᠤᠷᠤᠭ ᠤᠨ ᠪᠠᠳᠤᠯᠠᠪᠤᠷᠢ ᠶᠢ ᠨᠢ | ᠦᠭᠴᠤ᠂ ᠲᠦᠪ ᠴᠢᠩᠭ᠎ᠠ ᠶᠤᠰᠤᠯᠠᠯ ᠲᠤᠮᠳᠠ ᠬᠤᠷᠢᠮ ᠪᠠᠷᠢᠯᠳᠤᠯᠭ᠎ᠠ ᠭᠢᠵᠤ᠂ ᠡᠷᠡᠮᠡᠯᠵᠡᠯᠡᠭᠴᠢ ᠳᠤ ᠤᠷᠤᠭ | ᠬᠤᠷᠢᠮ ᠭᠡᠷ ᠪᠦᠯᠢ ᠶᠢᠨ ᠬᠠᠯᠠᠭᠤᠨ ᠲᠤᠯᠠᠭᠠᠨ ᠪᠠ ᠬᠠᠷᠢᠭᠤᠴᠠᠯᠭ᠎ᠠ ᠡᠬᠦᠷᠭᠡᠯᠡᠯ ᠢ ᠮᠡᠳᠡᠬᠦᠯᠦᠭᠰᠡᠨ ᠪᠠᠶᠢᠨ᠎ᠠ᠃ | ᠬᠤᠩᠱᠠᠨ ᠲᠤᠭᠤᠷᠢᠭ ᠤᠨ ᠤᠷᠤᠭ ᠬᠤᠷᠢᠮ ᠤᠨ ᠲᠦᠪ ᠨᠢ ᠤᠯᠠᠭᠠᠨᠬᠠᠳᠠ ᠬᠤᠳᠠ ᠶᠢᠨ ᠰᠡᠳᠭᠢᠴᠠ ᠶᠢᠨ | ᠨᠠᠶᠢᠭᠡᠮᠯᠢᠭ ᠤᠨ ᠤᠷᠤᠭ ᠬᠤᠷᠢᠮ ᠭᠡᠷ ᠪᠦᠯᠢ ᠶᠢᠨ ᠲᠤᠰᠬᠠᠢ ᠵᠦᠪᠯᠠᠯ ᠤᠨ ᠪᠠᠭᠰᠢ ᠶᠢ ᠵᠠᠯᠠᠵᠤ᠂ ᠰᠢᠨ᠎ᠠ ᠬᠦᠮᠤᠰ | ᠲᠤ ︽ᠬᠠᠶᠢᠷ᠎ᠠ ᠲᠤᠷᠠᠯᠠᠯ ᠤᠨ ᠭᠢᠴᠢᠶᠡᠯ︾᠂ ︽ᠬᠠᠤᠯᠢ ᠲᠦᠷᠢᠮ ᠤᠨ ᠭᠢᠴᠢᠶᠡᠯ︾᠂ ︽ᠭᠡᠤᠭᠡᠤᠨ | ᠬᠦᠮᠤᠵᠢᠬᠦᠯᠬᠦ ᠭᠢᠴᠢᠶᠡᠯ︾ ᠤᠷᠤᠭᠤᠯᠵᠤ᠂ ᠡᠷ᠎ᠡ ᠡᠮ᠎ᠡ ᠬᠤᠶᠠᠭᠤᠯᠠ ᠳᠤ ᠡᠶ᠎ᠡ ᠡᠪ ᠲᠠᠢ ᠪᠠᠶᠢᠬᠤ ᠤᠴᠢᠷ ᠶᠤᠰᠤ | ᠶᠢ ᠤᠯᠠᠮᠵᠢᠯᠠᠭᠰᠠᠨ ᠪᠠᠶᠢᠨ᠎ᠠ᠃ | ᠲᠦᠷᠪᠡ᠂ ᠠᠵᠢᠯᠯᠠᠬᠤ ᠴᠠᠭ ᠢᠶᠠᠨ ᠤᠷᠳᠤᠳᠬᠠᠨ ᠲᠠᠩᠰᠠᠯᠠᠬᠤ ᠴᠤᠩᠬᠤ ᠪᠠᠨ ᠨᠠᠮᠠᠵᠤ᠂ ᠤᠯᠠᠨ ᠤ | ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃ ︽5.20︾ ᠂ ︽5.21︾ ᠡᠳᠤᠷ ᠤᠨ ᠲᠠᠩᠰᠠᠯᠠᠬᠤ ᠡᠬᠦᠷᠭᠡ | ᠪᠠᠨ ᠪᠠᠶᠠᠯᠠᠬᠦᠯᠬᠦ ᠶᠢᠨ ᠲᠦᠯᠤᠭᠡ ᠡᠯ᠎ᠡ ᠤᠷᠤᠭ ᠲᠠᠩᠰᠠᠯᠠᠬᠤ ᠭᠠᠵᠠᠷ ᠤᠨ ᠬᠢᠨ ᠤᠷᠢᠳᠴᠢᠯᠠᠨ ᠠᠵᠢᠯ ᠤᠨ ᠪᠠᠶᠢᠷᠢ | ᠪᠠᠨ ᠭᠠᠷᠴᠤ᠂ ᠦᠳᠠ ᠳᠤ ᠠᠮᠠᠷᠠᠬᠤ ᠦᠭᠡᠢ᠂ ᠤᠷᠤᠢ ᠰᠢᠭ᠋ ᠠᠵᠢᠯ ᠠᠴᠠ ᠪᠠᠨ ᠪᠠᠭᠤᠬᠤ᠂ ᠲᠠᠩᠰᠠᠯᠠᠬᠤ | ᠴᠤᠩᠬᠤᠪᠴᠢ ᠪᠠᠨ ᠨᠡᠮᠡᠭᠳᠠᠬᠦᠯᠬᠦ ᠵᠡᠷᠭᠡ ᠠᠷᠭ᠎ᠠ ᠭᠡᠮᠵᠢᠶ᠎ᠡ ᠠᠪᠴᠤ ᠨᠦᠬᠦᠴᠡᠯ ᠳᠤ ᠬᠦᠷᠦᠭᠰᠡᠨ ᠰᠢᠨ᠎ᠡ ᠬᠦᠮᠤᠰ ᠤᠨ | ᠤᠷᠤᠭ ᠤᠨ ᠪᠠᠳᠤᠯᠠᠪᠤᠷᠢ ᠪᠠᠨ ᠤᠷᠤᠭᠰᠢᠳᠠᠢ ᠤᠯᠵᠤ ᠠᠪᠬᠤ ᠶᠢ ᠪᠠᠳᠤᠯᠠᠭᠰᠠᠨ ᠪᠠᠶᠢᠨ᠎ᠠ᠃ ᠢᠩᠭᠢᠭᠡᠤᠨ | ᠦᠢᠯᠠᠴᠯᠡᠬᠦ ᠡᠳᠡᠭᠡᠤᠨ ᠤᠨ ᠢᠶᠠᠨ ᠪᠠᠶᠠᠷᠯᠠᠩᠭᠤᠢ ᠪᠠᠷ ᠢᠷᠠᠵᠤ ᠬᠠᠨᠤᠮᠵᠢᠳᠠᠢ ᠪᠠᠷ ᠪᠤᠴᠠᠬᠤ ᠶᠢ ᠪᠠᠶᠠᠯᠠᠬᠦᠯᠵᠡᠢ᠃ | ᠪᠦᠷᠢᠳᠬᠡᠯ ᠢ ᠦᠨᠳᠤᠰᠤᠯᠠᠪᠠᠯ ︽5.20︾ ᠪᠤᠯᠤᠨ ︽5.21︾ ᠤ ᠬᠤᠶᠠᠷ ᠡᠳᠤᠷ ᠲᠤ ᠤᠯᠠᠭᠠᠨᠬᠠᠳᠠ | ᠬᠤᠳᠠ ᠶᠢᠨ 12 ᠬᠤᠰᠢᠭᠤ ᠰᠢᠶᠠᠨ ᠲᠤᠭᠤᠷᠢᠭ ᠤᠨ ᠤᠷᠤᠭ ᠲᠠᠩᠰᠠᠯᠠᠬᠤ ᠭᠠᠵᠠᠷ ᠤᠨ ᠬᠢᠨ ᠨᠠᠶᠢᠳᠠ 1712 | ᠬᠤᠤᠰ ᠲᠤ ᠤᠷᠤᠭ ᠤᠨ ᠲᠠᠩᠰᠠᠯᠠᠯᠳᠠ ᠭᠢᠵᠤ᠂ ᠤᠷᠤᠭ ᠲᠠᠩᠰᠠᠯᠠᠬᠤ ᠠᠵᠢᠯ ᠤᠪᠤᠭᠠᠷᠠᠬᠤ ᠡᠳᠤᠷ ᠤᠨ ᠠᠵᠢᠯ | ᠤᠨ ᠡᠬᠦᠷᠭᠡ ᠪᠠᠨ ᠠᠮᠵᠢᠯᠳᠠ ᠲᠠᠢ ᠪᠠᠶᠠᠯᠠᠬᠦᠯᠵᠠᠢ᠃ | |