︽ᠨᠡᠶᠢᠬᠡᠮ︾ ᠰᠡᠳᠬᠦᠯ ᠤᠨ ᠬᠤᠷᠢᠶ᠎ᠠ ᠶᠢᠨ ᠬᠢᠨ ᠠᠬᠠᠮᠠᠳ ᠤᠳᠤᠷᠢᠳᠤᠯᠭ᠎ᠠ ᠪᠠᠨ ᠪᠤᠯᠭᠤᠭᠠᠨ ᠲᠤᠭᠤᠨᠢᠭᠤᠯᠪᠠ
ᠨᠡᠶᠢᠲᠡᠯᠡᠭᠰᠡᠨ ᠴᠠᠭ᠄
2022/1/24
                                                  ᠠᠬᠠᠮᠠᠳ ᠨᠠᠰᠤᠳᠠᠳ ᠢᠶᠠᠨ ᠬᠦᠨᠳᠤᠯᠡᠨ ᠬᠠᠶᠢᠷᠠᠯᠠᠵᠤ᠂ ᠰᠢᠨ᠎ᠡ ᠬᠠᠭᠤᠴᠢᠨ ᠬᠤᠶᠠᠷ ᠦᠶ᠎ᠡ ᠶᠢᠨ ᠨᠠᠶᠢᠷᠠᠭᠤᠯᠤᠬᠴᠢᠳ ᠤᠨ ᠬᠠᠶᠢᠷ᠎ᠠ ᠰᠡᠳᠬᠢᠯᠬᠡ ᠶᠢ ᠵᠤᠵᠠᠭᠠᠳᠬᠠᠨ᠂ ᠰᠤᠯᠢᠯᠴᠠᠭ᠎ᠠ ᠤᠶᠢᠯᠠᠭᠠᠯᠴᠠᠭ᠎ᠠ ᠪᠠᠨ ᠠᠬᠢᠭᠤᠯᠵᠤ ᠂ ᠰᠡᠳᠬᠦᠯ ᠤᠨ ᠠᠮᠢᠵᠢᠷᠠᠯ ᠤᠨ ᠬᠦᠴᠤᠨ ᠢ ᠨᠡᠮᠡᠭᠳᠡᠬᠦᠯᠬᠦ  ᠶᠢᠨ ᠲᠦᠯᠦᠬᠡ᠂ ︽ᠨᠡᠶᠢᠬᠡᠮ︾ ᠰᠡᠳᠬᠦᠯ ᠤᠨ ᠬᠤᠷᠢᠶᠠᠨ ᠲᠠᠷᠤᠭ᠎ᠠ᠂ ᠶᠡᠷᠤᠩᠭᠡᠢ ᠨᠠᠶᠢᠷᠠᠭᠤᠯᠤᠬᠴᠢ ᠬᠠᠢ ᠹᠸᠡᠭ ᠨᠦᠬᠦᠷ ᠪᠤᠯᠤᠨ ︽ᠨᠡᠶᠢᠬᠡᠮ︾ ᠰᠡᠳᠬᠦᠯ ᠤᠨ ᠨᠠᠶᠢᠷᠠᠭᠤᠯᠤᠬᠴᠢ᠂ ᠦᠪᠤᠷ ᠮᠤᠩᠭᠤᠯ ᠤᠨ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶᠡᠨ ᠤ ᠨᠠᠶᠢᠷᠠᠭᠤᠯᠤᠬᠴᠢ ᠰᠠᠶᠢ᠊ · ᠰᠡᠴᠡᠨᠪᠠᠭᠠᠳᠤᠷ ᠨᠠᠷ 2021 ᠤᠨ ᠤ 12 ᠳ᠋ᠤᠭᠠᠷ ᠰᠠᠷ᠎ᠠ ᠶᠢᠨ 17 ᠤ ᠡᠳᠤᠷ ᠤᠨ ᠦᠳᠡ ᠶᠢᠨ ᠬᠤᠶᠢᠨ᠎ᠠ ᠶᠢᠨ 3 ᠴᠠᠭ ᠤᠨ ᠠᠯᠳᠠ ᠪᠠᠷ ᠬᠦᠬᠡᠬᠤᠳᠠ ᠶᠢᠨ ᠬᠤᠳᠤᠩ ᠲᠤᠭᠤᠷᠢᠭ ᠤᠨ ᠨᠠᠶᠢᠷᠠᠮᠳᠠᠭᠤ ᠬᠤᠷᠢᠶᠠᠯᠠᠯ᠂ ᠰᠠᠶᠢᠬᠠᠨ ᠲᠤᠭᠤᠷᠢᠭ ᠤᠨ ᠬᠦᠬᠡ ᠬᠤᠷᠢᠶᠠᠯᠠᠯ ᠳᠤ ᠬᠦᠷᠴᠤ᠂ ᠤᠤᠯ ᠤᠨ ︽ᠤᠷᠤᠭ ᠬᠡᠷ ᠪᠦᠯᠢ ᠨᠡᠶᠢᠬᠡᠮ︾ ︵ᠤᠳᠤ ᠶᠢᠨ ︽ᠨᠡᠶᠢᠬᠡᠮ︾ ᠰᠡᠳᠬᠦᠯ︶ ᠢ ᠡᠬᠦᠰᠬᠡᠨ ᠪᠠᠶᠢᠭᠤᠯᠤᠬᠴᠢ᠂ ᠠᠩᠬᠠᠨ ᠤ ᠶᠠᠷᠤᠩᠭᠡᠢ ᠨᠠᠶᠢᠷᠠᠭᠤᠯᠤᠬᠴᠢ ᠨᠠᠰᠤᠨᠳᠠᠯᠠᠢ᠂ ︽ᠨᠡᠶᠢᠬᠡᠮ︾ ᠰᠡᠳᠬᠦᠯ ᠤᠨ ᠤᠤᠯ ᠤᠨ ᠬᠤᠷᠢᠶᠠᠨ ᠲᠠᠷᠤᠭ᠎ᠠ᠂ ᠶᠡᠷᠤᠩᠭᠡᠢ ᠨᠠᠶᠢᠷᠠᠭᠤᠯᠤᠬᠴᠢ ᠮᠦᠡᠭᠭᠡᠨᠠᠰᠤᠨ ᠨᠠᠷ ᠢ ᠪᠤᠯᠭᠤᠭᠠᠨ ᠲᠤᠬᠤᠨᠢᠭᠤᠯᠪᠠ᠃
74669ab03bd94766f6d23ccb37a727c.jpg
   ᠬᠤᠷᠢᠶᠠᠨ ᠲᠠᠷᠤᠭ᠎ᠠ᠂ ᠶᠡᠷᠤᠩᠭᠡᠢ ᠨᠠᠶᠢᠷᠠᠭᠤᠯᠤᠬᠴᠢ ᠬᠠᠢ ᠹᠸᠡᠭ ᠲᠡᠳᠡᠨ ᠤ ︽ᠨᠡᠶᠢᠬᠡᠮ︾ ︵︽ᠤᠷᠤᠭ ᠬᠡᠷ ᠪᠦᠯᠢ ᠨᠡᠶᠢᠬᠡᠮ︾︶ ᠰᠡᠳᠬᠦᠯ ᠤᠨ ᠬᠦᠭᠵᠢᠯ ᠪᠠᠳᠠᠷᠠᠯ ᠳᠤ ᠦᠵᠡᠬᠦᠯᠦᠭᠰᠡᠨ ᠬᠤᠪᠢ ᠨᠡᠮᠡᠷᠢ ᠶᠢ ᠦᠨᠳᠤᠷ ᠦᠨᠡᠯᠡᠭᠰᠡᠨ ᠪᠦᠬᠡᠳ ᠰᠡᠳᠬᠦᠯ ᠤᠨ ᠬᠤᠷᠢᠶᠠᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠪᠤᠯᠤᠨ ᠬᠦᠭᠵᠢᠨ ᠪᠤᠵᠠᠭᠠᠶᠢᠷᠠᠵᠤ ᠪᠠᠶᠢᠭ᠎ᠠ ᠪᠠᠶᠢᠳᠠᠯ ᠢ ᠲᠠᠨᠢᠯᠴᠠᠭᠤᠯᠬᠤ ᠶᠢᠨ ᠬᠠᠮᠳᠤ ᠠᠬᠠᠮᠠᠳ ᠨᠦᠬᠦᠳ ᠤᠨ ᠠᠮᠢᠳᠤᠷᠠᠯ᠂ ᠪᠡᠶ᠎ᠡ ᠮᠠᠬᠠᠪᠤᠳ ᠤᠨ ᠡᠷᠡᠬᠦᠯ ᠮᠡᠨᠳᠤ ᠶᠢᠨ ᠪᠠᠶᠢᠳᠠᠯ ᠢ ᠬᠠᠯᠠᠮᠵᠢᠯᠠᠪᠠ᠃ ᠪᠤᠯᠭᠤᠭᠠᠨ ᠲᠤᠬᠤᠨᠢᠭᠤᠯᠬᠤ ᠲᠠᠰᠢᠷᠠᠮ ᠢᠶᠠᠷ ᠤᠶᠢᠷ᠎ᠠ ᠶᠢᠨ ᠬᠤᠭᠤᠴᠠᠭᠠᠨ ᠤ ᠰᠡᠳᠬᠦᠯ ᠢᠶᠠᠨ ᠬᠦᠷᠭᠡᠭᠰᠡᠨ ᠪᠦᠬᠡᠳ ᠨᠠᠶᠢᠷᠠᠭᠤᠯᠤᠬᠴᠢ ᠰᠠᠶᠢ᠊ · ᠰᠡᠴᠡᠨᠪᠠᠭᠠᠳᠤᠷ ᠠᠬᠠᠮᠠᠳ ᠤᠳᠤᠷᠢᠳᠤᠯᠭ᠎ᠠ ᠨᠠᠰᠤᠨᠳᠠᠯᠠᠢ ᠶᠢ ᠰᠤᠷᠪᠤᠯᠵᠢᠯᠠᠬᠰᠠᠨ ᠪᠠᠶᠢᠨ᠎ᠠ᠃   ᠬᠤᠷᠢᠶᠠᠨ ᠲᠠᠷᠤᠭ᠎ᠠ᠂ ᠶᠡᠷᠤᠩᠭᠡᠢ ᠨᠠᠶᠢᠷᠠᠭᠤᠯᠤᠬᠴᠢ ᠬᠠᠢ ᠹᠸᠡᠭ ᠬᠤᠶᠠᠷ ᠠᠬᠠᠮᠠᠳ ᠶᠡᠷᠤᠩᠭᠡᠢ ᠨᠠᠶᠢᠷᠠᠭᠤᠯᠤᠬᠴᠢ  ᠶᠢᠨ ᠳᠤ ᠬᠦᠷᠤᠬᠡᠳ ᠬᠡᠷ ᠪᠦᠯᠢ ᠶᠢᠨ ᠬᠢᠨ ᠲᠠᠢ ᠨᠢ ᠲᠤᠳᠤᠨᠤ ᠪᠠᠷ ᠵᠤᠭᠤᠬᠳᠠᠨ᠂ ᠬᠠᠯᠠᠭᠤᠨ ᠪᠦᠯᠢᠶᠡᠨ ᠢ ᠨᠢ ᠠᠰᠠᠭᠤᠨ ᠯᠠᠪᠯᠠᠬᠰᠠᠨ ᠲᠡᠳᠤᠢ ᠦᠬᠡᠢ ᠪᠡᠶ᠎ᠡ ᠮᠠᠬᠠᠪᠤᠳ ᠤᠨ ᠪᠠᠶᠢᠳᠠᠯ ᠪᠤᠯᠤᠨ ᠠᠮᠢᠳᠤᠷᠠᠯ ᠤᠨ ᠪᠠᠶᠢᠳᠠᠯ ᠢ ᠨᠢ ᠨᠢᠮᠪᠠᠢ ᠠᠰᠠᠭᠤᠨ ᠬᠠᠯᠠᠮᠵᠢᠯᠠᠬᠰᠠᠨ ᠪᠦᠬᠡᠳ ᠲᠤᠬᠤᠨᠢᠭᠤᠯᠭ᠎ᠠ ᠶᠢᠨ ᠵᠠᠬᠢᠳᠠᠯ ᠪᠠ ᠲᠤᠬᠤᠨᠢᠭᠤᠯᠭ᠎ᠠ ᠶᠢᠨ ᠪᠤᠳᠠᠰ ᠢᠶᠠᠨ ᠬᠦᠷᠬᠡᠵᠤ᠂ ᠲᠡᠳᠡᠨ ᠢ ᠪᠡᠶ᠎ᠡ ᠪᠠᠨ ᠰᠠᠶᠢᠬᠠᠨ ᠭᠠᠮᠨᠠᠭᠠᠷᠠᠢ ᠭᠡᠵᠤ ᠰᠨᠠᠭᠤᠯᠬᠤ ᠶᠢᠨ ᠵᠡᠷᠬᠡ ᠢᠷᠡᠵᠤ ᠶᠠᠪᠤᠭ᠎ᠠ ︽ᠬᠤᠶᠠᠷ ᠪᠠᠶᠠᠷ︾ ᠤᠨ ᠡᠳᠤᠷ ᠤᠨ ᠬᠠᠯᠠᠭᠤᠨ ᠮᠡᠨᠳᠤ ᠶᠢ ᠲᠡᠪᠰᠢᠬᠦᠯᠵᠡᠢ᠃ ᠠᠬᠠᠮᠠᠳ ᠬᠤᠶᠠᠷ ᠶᠡᠷᠤᠩᠭᠡᠢ ᠨᠠᠶᠢᠷᠠᠭᠤᠯᠤᠬᠴᠢ ᠦᠡᠭᠭᠡᠷᠡᠭᠰᠡᠨ ᠨᠢᠬᠡ ᠵᠢᠯ ᠤᠨ ᠰᠡᠳᠬᠦᠯ ᠤᠨ ᠠᠵᠢᠯ ᠦᠡᠭᠭᠡ ᠲᠠᠢ ᠦᠬᠡᠳᠡ ᠲᠠᠢ ᠬᠢᠵᠤ ᠬᠢᠯᠠᠰ ᠴᠡᠭ ᠤᠯᠠᠨ᠂ ᠰᠡᠳᠬᠦᠯ ᠤᠨ ᠪᠦᠬᠦ ᠬᠦᠮᠦᠰ ᠰᠡᠳᠬᠢᠯ ᠨᠢᠬᠡᠳᠤᠨ ᠠᠵᠢᠯᠯᠠᠵᠤ᠂ ᠠᠷᠢᠭᠤᠨ ᠴᠢᠭᠴᠢ ᠶᠢ ᠡᠷᠬᠢᠮᠯᠡᠭᠰᠡᠬᠡᠷ ᠢᠷᠡᠭᠰᠡᠨ ᠢ ᠠᠵᠢᠯ ᠤᠨ ᠪᠠᠶᠢᠷᠢ ᠠᠴᠠ ᠪᠠᠨ ᠰᠠᠯᠤᠬᠰᠠᠨ ᠪᠤᠯᠪᠠᠴᠤ ᠤᠯᠵᠤ ᠬᠠᠷᠠᠵᠤ ᠪᠠᠶᠢᠨ᠎ᠠ᠂ ᠨᠦᠬᠦᠳ ᠤᠨ ᠤᠷᠮ᠎ᠠ ᠲᠡᠬᠦᠯᠳᠡᠷ ᠠᠵᠢᠯᠯᠠᠵᠤ ᠪᠠᠶᠢᠭ᠎ᠠ ᠶᠢ ᠦᠵᠡᠬᠡᠳ ᠪᠢᠳᠡ ᠮᠠᠰᠢ ᠪᠠᠶᠠᠷᠯᠠᠨ ᠤᠮᠤᠬᠰᠢᠵᠤ ᠪᠠᠶᠢᠨ᠎ᠠ ᠬᠡᠵᠡᠢ᠃    ᠬᠤᠶᠠᠷ ᠠᠬᠠᠮᠠᠳ ᠤᠳᠤᠷᠢᠳᠤᠯᠭ᠎ᠠ ᠰᠡᠳᠬᠦᠯ ᠤᠨ ᠠᠮᠵᠢᠯᠳᠠ ᠤᠯᠤᠯᠳᠠ ᠶᠢ ᠦᠨᠳᠤᠷ ᠦᠨᠡᠯᠡᠬᠦ ᠶᠢᠨ ᠬᠠᠮᠳᠤ ᠰᠡᠳᠬᠦᠯ ᠤᠨ ᠠᠵᠢᠯ ᠢ ᠴᠢᠷᠮᠠᠶᠢᠨ ᠲᠡᠮᠵᠢᠵᠤ ︽ᠠᠷᠪᠠᠨ ᠲᠦᠷᠪᠡᠳᠤᠬᠡᠷ ᠲᠠᠪᠤᠨ ᠵᠢᠯ︾ ᠤᠨ ᠲᠦᠯᠦᠪᠯᠡᠬᠡᠨ ᠤ ᠬᠤᠭᠤᠴᠠᠭᠠᠨ ᠤ ᠰᠢᠨ᠎ᠡ ᠠᠶᠠᠨ ᠤ ᠰᠢᠨ᠎ᠡ ᠭᠠᠷᠤᠭᠠᠨ ᠳᠤ ᠦᠪᠡᠷ ᠤᠨ ᠦᠵᠡᠬᠦᠯᠪᠡᠰᠤ ᠵᠤᠬᠢᠬᠤ ᠬᠤᠪᠢ ᠨᠡᠮᠡᠷᠢ ᠪᠠᠨ ᠦᠵᠡᠬᠦᠯᠤᠨ᠎ᠡ᠃ ᠰᠡᠳᠬᠦᠯ ᠤᠨ ᠬᠢᠨ ᠠᠤᠭ᠎ᠠ ᠲᠦᠰᠦᠪ ᠢ ᠵᠢᠷᠤᠬᠯᠠᠨ ᠡᠷᠡᠯᠭᠡᠭᠯᠡᠨ ᠤᠷᠤᠬᠰᠢᠯᠠᠵᠤ᠂ ᠨᠠᠮ ᠲᠦᠷᠤ  ᠶᠢᠨ ᠵᠠᠬᠢᠶ᠎ᠠ ᠶᠢ ᠪᠠᠳᠤ ᠴᠡᠬᠡᠵᠢᠯᠡᠨ᠂ ᠨᠠᠮ ᠤᠨ ᠢᠪᠡᠬᠡᠯ ᠬᠠᠶᠢᠷ᠎ᠠ ᠶᠢ ᠡᠬᠦᠷᠢᠳᠡ ᠰᠠᠨᠠᠭᠠᠯᠵᠠᠨ᠂ ᠬᠦᠭᠵᠢᠯᠳᠡ ᠶᠢᠨ ᠰᠠᠶᠢᠨ ᠪᠠᠶᠢᠳᠠᠯ ᠢᠶᠠᠨ ᠦᠷᠬᠦᠯᠵᠢᠯᠡᠨᠨ ᠪᠠᠳᠤᠳᠬᠠᠵᠤ᠂ ᠰᠡᠳᠬᠦᠯ ᠤᠨ ᠬᠢᠨ ᠢᠶᠠᠨ ᠲᠠᠭᠠᠭᠤᠯᠤᠨ ᠰᠡᠳᠬᠦᠯ ᠤᠨ ᠤᠨᠴᠠᠯᠢᠭ ᠢ ᠲᠤᠪᠤᠶᠢᠯᠭᠠᠨ᠂ ᠠᠷᠠᠳ ᠤᠨ ᠠᠮᠢᠳᠤᠷᠠᠯ᠂ ᠠᠷᠠᠳ ᠤᠨ ᠶᠠᠪᠤᠳᠠᠯ ᠤᠨ ᠲᠦᠷᠤ ᠶᠢᠨ ᠪᠤᠳᠤᠯᠭ᠎ᠠ ᠢ ᠢᠳᠡᠪᠬᠢᠳᠡᠢ ᠤᠬᠠᠭᠤᠯᠤᠨ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠨ ᠶᠢᠨ ᠤᠬᠠᠮᠰᠠᠷ ᠢ ᠲᠠᠰᠤᠷᠠᠯᠳᠠ ᠦᠬᠡᠢ ᠪᠠᠳᠤᠳᠬᠠᠨ᠂ ᠲᠤᠮᠳᠠᠳᠤ ᠶᠢᠨ ᠰᠢᠯᠢᠳᠡᠭ ᠰᠤᠶᠤᠯ ᠢ ᠵᠠᠯᠭᠠᠮᠵᠢᠯᠠᠨ ᠪᠠᠳᠠᠷᠠᠭᠤᠯᠵᠤ᠂ ᠦᠵᠡᠯ ᠤᠬᠠᠮᠰᠠᠷ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠩ ᠰᠠᠶᠢᠨ ᠰᠠᠶᠢᠬᠠᠨ ᠢᠷᠡᠬᠡᠳᠤᠢ ᠶᠢ ᠴᠤᠬᠯᠠᠴᠠᠯᠠᠭᠠᠷᠠᠢ ᠬᠡᠰᠡᠨ ᠪᠦᠬᠡᠳ ︽ᠨᠡᠶᠢᠬᠡᠮ︾ ᠰᠡᠳᠬᠦᠯ ᠢᠶᠠᠨ ᠤᠯᠠᠮ ᠰᠠᠶᠢᠨ ᠡᠷᠬᠢᠯᠡᠬᠡᠷᠡᠢ᠂ ᠰᠡᠳᠬᠦᠯ ᠤᠨ ᠴᠠᠭᠠᠨ ᠪᠤᠶᠠᠨ ᠲᠡᠯᠬᠡᠷᠡᠬᠦ ᠪᠤᠯᠳᠤᠭᠠᠢ ᠭᠡᠵᠤ ᠢᠷᠤᠬᠡᠯ ᠵᠦᠡᠭᠨᠡᠯ ᠢᠶᠠᠨ ᠲᠡᠪᠰᠢᠬᠦᠯᠦᠭᠰᠡᠨ ᠪᠠᠶᠢᠨ᠎ᠠ᠃
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号