ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠢᠨ ᠲᠣᠭᠲᠠᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠪᠡᠯᠡ ᠮᠥᠩᠭᠦ ᠣᠷᠣᠯᠠᠨ ᠥᠭᠬᠦ ᠳᠠᠷᠤᠯᠲᠠ ᠶᠢ ᠬᠥᠩᠭᠡᠷᠡᠭᠦᠯᠬᠦ ᠶᠢᠨ ᠲᠥᠯᠥᠭᠡ᠂ | 10 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠲᠣᠰ ᠵᠢᠯ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠴᠡᠭ ᠡᠮᠴᠢᠯᠡᠭᠡᠨ ᠤ ᠪᠠᠶᠢᠭᠤᠯᠤᠮᠵᠢ ︵定 | 点医疗机构︶ ᠳᠤ 8306 ᠲᠦᠮᠡᠨ ᠲᠥᠭᠦᠷᠢᠭ ᠤᠨ ᠡᠷᠭᠢᠯᠲᠡ ᠶᠢᠨ ᠮᠥᠩᠭᠦ ᠤᠷᠢᠳᠴᠢᠯᠠᠨ | ᠥᠭᠭᠦᠭᠰᠡᠨ ᠰᠠᠭᠤᠷᠢᠨ ᠳᠡᠭᠡᠷ᠎ᠡ᠂ ᠬᠥᠬᠡᠬᠤᠲᠠ ᠶᠢᠨ ᠴᠢᠩᠭᠡᠯᠢᠭᠳᠦ ᠡᠮᠨᠡᠯᠭᠡ ᠶᠢᠨ ᠬᠤᠷᠢᠶ᠎ᠠ ᠶᠢᠨ ᠡᠳᠦᠷ ᠲᠤᠲᠤᠮ ᠤᠨ | ᠬᠠᠮᠢᠶᠠᠷᠤᠯᠲᠠ ᠶᠢ ᠡᠬᠦᠷᠬᠡᠯᠡᠵᠤ ᠪᠠᠶᠢᠭ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠴᠡᠭ ᠡᠮᠨᠡᠯᠭᠡ ᠶᠢᠨ | ᠬᠤᠷᠢᠶ᠎ᠠ ᠪᠤᠯᠬᠤ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠳᠤ 1000 ᠲᠦᠮᠡᠨ ᠲᠥᠭᠦᠷᠢᠭ ᠢ | ᠤᠷᠢᠳᠴᠢᠯᠠᠨ ᠥᠭᠴᠦ᠂ ᠴᠡᠭ ᠡᠮᠴᠢᠯᠡᠭᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠴᠢᠷᠮᠠᠶᠢᠨ ᠪᠠᠳᠤᠯᠠᠵᠤ ᠪᠠᠶᠢᠨ᠎ᠠ᠃ | ᠡᠨᠡ ᠬᠦ ᠠᠵᠢᠯᠯᠠᠭ᠎ᠠ ᠨᠢ ᠡᠪᠡᠳᠴᠢᠲᠡᠨ ᠤ ᠵᠠᠷᠤᠳᠠᠯ ᠠᠴᠠ ᠪᠣᠯᠵᠤ ᠡᠪᠡᠳᠴᠢᠨ ᠢᠶᠠᠨ ᠵᠠᠰᠠᠭᠤᠯᠵᠤ ᠲᠡᠶᠢᠯᠬᠦ | ᠦᠬᠡᠢ ᠪᠠᠶᠢᠳᠠᠯ ᠠᠴᠠ ᠵᠠᠶᠢᠯᠠᠰᠬᠢᠵᠤ᠂ ᠡᠪᠡᠳᠴᠢᠳᠠᠨ ᠢ ᠭᠥᠯᠢᠶᠡᠨ ᠠᠪᠤᠬᠰᠠᠨ ᠡᠮᠨᠡᠯᠭᠡ ᠮᠦᠡᠭᠭᠦ ᠲᠤᠭᠠᠴᠠᠭᠠᠯᠠᠬᠤ | ᠲᠥᠷᠥ ᠶᠢᠨ ᠪᠣᠳᠣᠯᠭ᠎ᠠ ᠠᠴᠠ ᠪᠣᠯᠵᠤ ᠡᠮᠴᠢᠯᠡᠬᠦ ᠶᠢ ᠨᠥᠯᠥᠭᠡᠯᠡᠬᠦ ᠳᠤ ᠬᠦᠷᠬᠦ ᠦᠭᠡᠢ ᠶᠤᠮ᠃ ᠡᠭᠦᠨ ᠤ ᠬᠠᠮᠲᠤ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠬᠠᠮᠢᠶ᠎ᠠ ᠪᠦᠬᠦᠢ ᠡᠮᠴᠢᠯᠡᠭᠡᠨ ᠤ | ᠪᠠᠶᠢᠭᠤᠯᠤᠮᠵᠢ᠂ ᠡᠮ ᠡᠮᠨᠡᠯᠭᠡ ᠶᠢᠨ ᠠᠵᠤ ᠠᠬᠤᠶᠢᠯᠠᠯ ᠢ ᠢᠳᠡᠪᠬᠢᠲᠡᠢ ᠵᠣᠬᠢᠴᠠᠭᠤᠯᠵᠤ᠂ ᠮᠠᠨ ᠤ ᠣᠷᠣᠨ ᠤ | ᠪᠠᠶᠢᠴᠠᠭᠠᠯᠳᠠ ᠶᠢᠨ ᠪᠠᠭᠠᠵᠢ ᠪᠠ ᠲᠦᠬᠦᠷᠴᠢᠭᠰᠡᠨ ᠮᠠᠲ᠋ᠧᠷᠢᠶᠠᠯ ᠤᠨ ᠬᠠᠩᠭᠠᠯᠭ᠎ᠠ ᠪᠠᠳᠤᠯᠠᠵᠤ ᠪᠠᠶᠢᠨ᠎ᠠ ᠃ | | | |