ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ | 10 ᠳ᠋ᠤᠭᠠᠷ ᠰᠠᠷ᠎ᠠ ᠶᠢᠨ 17 ᠤ ᠡᠳᠦᠷ ᠪᠣᠯᠲᠠᠯ᠎ᠠ᠂ ᠪᠥᠬᠦ ᠣᠷᠣᠨ ᠤ ᠠᠮᠤ ᠪᠤᠳᠠᠭᠠᠨ ᠤ ᠲᠠᠷᠢᠮᠠᠯ ᠤᠨ ᠬᠤᠷᠢᠶᠠᠯᠲᠠ | ᠨᠢᠭᠡᠨᠲᠡ 80% ᠳᠤ ᠬᠦᠷᠴᠦ᠂ ᠲᠦᠷᠤᠬᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 11% ᠪᠠᠷ | ᠲᠦᠷᠬᠡᠳᠴᠡᠢ᠃ ᠣᠳᠣᠬᠠᠨ ᠳᠤ ᠪᠤᠭᠤᠳᠠᠢ᠂ ᠲᠥᠮᠥᠰᠥ ᠶᠢ ᠨᠢᠭᠡᠨᠲᠡ ᠬᠤᠷᠢᠶᠠᠵᠤ᠂ ᠰᠢᠷ᠎ᠠ ᠪᠤᠷᠴᠠᠭ ᠪᠣᠯᠣᠨ ᠡᠯᠳᠡᠪ | ᠠᠮᠤ᠂ ᠡᠯᠳᠡᠪ ᠪᠤᠷᠴᠠᠭ ᠤᠨ ᠬᠤᠷᠢᠶᠠᠯᠲᠠ ᠴᠥᠮ ᠠᠷᠪᠠᠨ ᠤ ᠶᠢᠰᠦᠨ ᠬᠤᠪᠢ ᠶᠢ ᠳᠠᠪᠠᠵᠤ᠂ ᠬᠤᠷᠢᠶᠠᠯᠲᠠ ᠶᠢᠨ | ᠰᠡᠭᠦᠯᠴᠢ ᠶᠢᠨ ᠬᠤᠭᠤᠴᠠᠭᠠᠨ ᠳᠤ ᠣᠷᠣᠵᠤ᠂ ᠡᠷᠳᠡᠨᠢ ᠰᠢᠰᠢ ᠶᠢ ᠠᠷᠪᠠᠨ ᠤ ᠲᠤᠯᠤᠭᠠᠨ ᠬᠤᠪᠢ ᠶᠢ ᠬᠤᠷᠢᠶᠠᠵᠤ᠂ | ᠤᠰᠤᠨ ᠲᠤᠲᠤᠷᠭ᠎ᠠ ᠶᠢᠨ ᠬᠤᠷᠢᠶᠠᠯᠲᠠ ᠴᠦ ᠲᠤᠯᠤᠭᠠᠨ ᠬᠤᠪᠢ ᠶᠢ ᠳᠠᠪᠠᠭᠰᠠᠨ ᠪᠠᠶᠢᠨ᠎ᠠ᠃ ᠤᠯᠠᠭᠠᠨᠴᠠᠪ ᠬᠤᠲᠠ᠂ | ᠪᠤᠭᠤᠲᠤ ᠬᠤᠲᠠ ᠪᠣᠯᠣᠨ ᠰᠢᠯᠢ ᠶᠢᠨ ᠭᠤᠣᠯ ᠠᠶᠢᠮᠠᠭ ᠤᠨ ᠨᠠᠮᠤᠷ ᠤᠨ ᠬᠤᠷᠢᠶᠠᠯᠲᠠ ᠦᠨᠳᠦᠰᠦᠨ ᠳᠤ ᠪᠠᠨ | ᠳᠠᠭᠤᠰᠴᠤ᠂ ᠵᠢᠱᠢᠯᠲᠡ ᠪᠠᠷ ᠪᠥᠬᠦ ᠣᠷᠣᠨ ᠤ ᠨᠠᠮᠤᠷ ᠤᠨ ᠬᠤᠷᠢᠶᠠᠯᠲᠠ 11 ᠳ᠋ᠤᠬᠡᠷ ᠰᠠᠷ᠎ᠠ ᠶᠢᠨ ᠡᠬᠢ ᠪᠠᠷ | ᠦᠨᠳᠦᠰᠦᠨ ᠳᠤ ᠪᠠᠨ ᠳᠠᠭᠤᠰᠬᠤ ᠪᠣᠯᠣᠨ᠎ᠠ᠃ | ᠦᠨᠤ ᠵᠢᠯ ᠮᠠᠨ ᠤ ᠤᠷᠤᠨ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠪᠠᠨ | ᠪᠠᠲᠤ ᠡᠭᠦᠷᠭᠡᠯᠡᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠴᠢᠩᠭ᠎ᠠ ᠠᠳᠬᠤᠵᠤ᠂ ᠠᠮᠤ ᠪᠤᠳᠠᠭ᠎ᠠ ᠳᠠᠷᠢᠬᠤ | ᠳᠠᠯᠠᠪᠠᠢ ᠶᠢ ᠴᠢᠷᠮᠠᠶᠢᠨ ᠪᠠᠲᠤᠯᠠᠵᠤ᠂ ᠴᠢᠨᠠᠷ ᠰᠠᠶᠢᠲᠠᠢ ᠥᠨᠳᠥᠷ ᠤᠨᠠᠯᠲᠠ ᠲᠠᠢ ᠲᠦᠷᠦᠯ ᠵᠦᠢᠯ ᠢ ᠳᠡᠯᠭᠡᠷᠡᠭᠦᠯᠦᠨ᠂ | ᠭᠤᠣᠯ ᠳᠡᠯᠭᠡᠷᠡᠭᠦᠯᠬᠦ ᠦᠢᠯᠡᠳᠪᠦᠷᠢᠯᠡᠯ ᠤᠨ ᠮᠡᠷᠭᠡᠵᠢᠯ ᠢ ᠰᠢᠯᠢᠨ ᠰᠣᠩᠭᠤᠵᠤ᠂ ᠬᠡᠰᠡᠭ ᠭᠠᠵᠠᠷ ᠤᠨ ᠬᠠᠪᠤᠷ ᠤᠨ | ᠭᠠᠩᠳᠠᠯ ᠪᠠ ᠦᠶᠡᠷ ᠤᠰᠤᠲᠤᠯ ᠵᠡᠷᠭᠡ ᠠᠰᠢᠭ ᠦᠭᠡᠢ ᠴᠠᠭ ᠠᠭᠤᠷ ᠤᠨ ᠨᠥᠯᠥᠭᠡ ᠶᠢ ᠲᠡᠪᠴᠢᠵᠦ᠂ ᠡᠪᠡᠳᠴᠢᠨ | ᠬᠤᠷᠣᠬᠠᠢ ᠶᠢᠨ ᠬᠥᠨᠥᠭᠡᠯ ᠢ ᠰᠡᠷᠬᠡᠶᠢᠯᠡᠬᠦ ᠠᠵᠢᠯ ᠢ ᠴᠢᠩᠭᠠᠳᠬᠠᠵᠤ᠂ ᠡᠷᠲᠡ ᠬᠢᠷᠠᠭᠤ ᠤᠨᠠᠬᠤ ᠶᠢ ᠰᠡᠷᠭᠡᠶᠢᠯᠡᠬᠦ | ᠠᠷᠭ᠎ᠠ ᠠᠪᠴᠤ᠂ ᠨᠢᠭᠡ ᠨᠢᠭᠡ ᠭᠤᠭᠴᠤᠭ᠎ᠠ ᠪᠠᠷ ᠨᠠᠶᠢᠳᠠᠪᠤᠷᠢᠵᠢᠭᠤᠯᠵᠤ᠂ ᠨᠢᠭᠡ ᠨᠢᠭᠡ ᠲᠦᠷᠦᠯ ᠵᠦᠢᠯ ᠢᠶᠠᠷ | ᠵᠢᠯᠤᠭᠤᠳᠴᠤ᠂ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠶᠢ ᠪᠠᠳᠤᠯᠠᠪᠠ᠃ | ᠤᠷᠴᠢᠮ ᠳᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠬᠢᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠠᠮᠤᠷ ᠤᠨ ᠬᠤᠷᠢᠶᠠᠯᠲᠠ ᠶᠢᠨ ︽ᠬᠤᠶᠠᠷ ᠢ ᠥᠯᠥ ᠰᠠᠭᠠᠲᠠᠭᠠᠬᠤ︾ | ᠶᠢ ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠨ᠂ ᠡᠷᠲᠡ ᠪᠠᠶᠢᠷᠢᠯᠠᠭᠤᠯᠵᠤ᠂ ᠨᠠᠮᠤᠷ ᠤᠨ ᠬᠤᠷᠢᠶᠠᠯᠲᠠ ᠶᠢᠨ ᠡᠳᠦᠷ ᠤᠨ | ᠲᠣᠬᠢᠷᠠᠭᠤᠯᠤᠯᠲᠠ ᠶᠢ ᠬᠡᠷᠡᠭᠵᠢᠭᠦᠯᠦᠨ᠂ ᠬᠤᠷᠢᠶᠠᠯᠲᠠ ᠶᠢᠨ ᠵᠢᠯᠣᠭᠤᠳᠤᠯᠭ᠎ᠠ ᠦᠢᠯᠡᠴᠢᠯᠡᠭᠡ ᠶᠢ ᠴᠢᠩᠭᠠᠳᠬᠠᠪᠠ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ︽ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤᠯᠠᠭ᠎ᠠ ᠶᠢᠨ ᠨᠠᠮᠤᠷ ᠤᠨ ᠬᠤᠷᠢᠶᠠᠯᠲᠠ ᠶᠢ | ᠨᠢᠭᠡᠳᠦᠯᠲᠡᠢ ᠲᠥᠯᠥᠪᠯᠡᠬᠦ ᠪᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠵᠢᠯ ᠤᠨ ᠵᠢᠯᠤᠭᠤᠳᠬᠤ | ᠳᠦᠷᠢᠮ︾ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠳᠤ ᠠᠩᠬᠠᠨ ᠤ ᠪᠦᠯᠦᠭ ᠲᠠᠷᠢᠶᠠᠯᠠᠩ ᠤᠨ ᠮᠠᠰᠢᠨ ᠤ | ᠪᠠᠴᠢᠮ ᠢ ᠠᠷᠭᠠᠴᠠᠭᠠᠬᠤ ᠦᠢᠯᠡᠴᠢᠯᠡᠭᠡᠨ ᠤ 245 ᠪᠠᠭ ᠢ ᠵᠣᠬᠢᠶᠠᠨ ᠪᠠᠶᠢᠭᠤᠯᠵᠤ᠂ ᠬᠠᠮᠢᠶᠠᠷᠤᠨ ᠡᠵᠡᠮᠳᠡᠬᠦ ᠠᠷᠭ᠎ᠠ | ᠠᠪᠤᠭᠰᠠᠨ ᠭᠠᠵᠠᠷ ᠣᠷᠣᠨ ᠤ ᠲᠠᠷᠢᠶᠠᠴᠢᠨ ᠡᠷᠦᠬᠡ ᠶᠢᠨ ᠨᠠᠮᠤᠷ ᠤᠨ ᠬᠤᠷᠢᠶᠠᠯᠲᠠ ᠶᠢᠨ ᠠᠵᠢᠯ ᠤᠨ ᠬᠡᠷᠡᠭᠴᠡᠭᠡ ᠳᠤ | ᠴᠢᠭᠯᠡᠭᠦᠯᠦᠨ᠂ ᠰᠢᠶᠠᠨ ᠤ ᠬᠡᠪᠴᠢᠶᠡᠨ ᠳᠤ ︽ᠴᠡᠭ ᠠᠴᠠ ᠴᠡᠭ ᠲᠤ ᠬᠦᠷᠬᠦ︾ ᠦᠢᠯᠡᠴᠢᠯᠡᠭᠡ ᠥᠷᠨᠢᠭᠦᠯᠪᠡ᠃ | ᠨᠠᠮᠤᠷ ᠤᠨ ᠬᠤᠷᠢᠶᠠᠯᠲᠠ ᠶᠢᠨ ᠪᠠᠳᠤᠯᠠᠭ᠎ᠠ ᠶᠢᠨ ᠪᠠᠶᠢᠡᠭᠭᠤ ᠶᠢᠨ ᠤᠲᠠᠰᠤ ᠶᠢ ᠲᠣᠬᠢᠷᠠᠭᠤᠯᠵᠤ᠂ ᠲᠦᠭᠵᠢᠷᠡᠯ ᠤᠨ | ᠴᠡᠭ ᠢ ᠴᠢᠷᠮᠠᠶᠢᠨ ᠨᠠᠪᠲᠠᠷᠡᠭᠦᠯᠵᠦ᠂ ᠪᠦᠬᠦ ᠣᠷᠣᠨ ᠤ ᠡᠯ᠎ᠡ ᠭᠠᠵᠠᠷ ᠤᠨ ᠨᠠᠮᠤᠷ ᠤᠨ ᠬᠤᠷᠢᠶᠠᠯᠲᠠ ᠶᠢᠨ ᠡᠮᠬᠢ | ᠳᠢᠭᠯᠢᠮ ᠲᠠᠢ ᠶᠠᠪᠤᠭᠳᠠᠬᠤ ᠶᠢ ᠪᠠᠳᠤᠯᠠᠬᠰᠠᠨ ᠪᠠᠶᠢᠨ᠎ᠠ᠃ | | | | | | | | | | | | | |