ᠠᠵᠢᠯ ᠠᠴᠠ ᠪᠠᠨ ᠲᠠᠷᠬᠠᠯᠠᠬᠳᠠᠬᠰᠠᠳ ᠤᠨ ᠠᠵᠢᠯ ᠤᠨ ᠭᠠᠵᠠᠷ ︵ᠠᠵᠢᠯᠲᠠᠨ ᠤ ᠶᠠᠪᠤᠳᠠᠯ ᠤᠨ ᠭᠠᠵᠠᠷ︶ ᠤᠨ ᠨᠠᠮ ᠤᠨ ᠡᠭᠦᠷ ᠤᠨ ᠬᠢᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠺᠠᠳ᠋ᠷᠴᠤᠳ ᠤᠨ ᠰᠡᠳᠬᠢᠯ ᠤᠨ ᠲᠠᠭᠤᠨ ᠢ ᠰᠣᠨᠣᠰᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2022/11/16
ba9c45d98eb3b71bd0b80db03929109.jpg 
    ᠠᠵᠢᠯ ᠠᠴᠠ ᠪᠠᠨ ᠲᠠᠷᠬᠠᠯᠠᠬᠳᠠᠬᠰᠠᠳ ᠤᠨ ᠠᠵᠢᠯ ᠤᠨ ᠭᠠᠵᠠᠷ ︵ᠠᠵᠢᠯᠲᠠᠨ ᠤ ᠶᠠᠪᠤᠳᠠᠯ ᠤᠨ ᠭᠠᠵᠠᠷ︶ ᠤᠨ ᠨᠠᠮ ᠤᠨ ᠡᠭᠦᠷ ᠤᠨ ᠬᠢᠨ 11 ᠳ᠋ᠤᠬᠡᠷ ᠰᠠᠷ᠎ᠠ ᠶᠢᠨ 11 ᠤ ᠡᠳᠦᠷ ᠬᠤᠷᠠᠯᠳᠤᠬᠰᠠᠨ 2022 ᠣᠨ ᠤ ᠪᠥᠬᠦ ᠣᠷᠣᠨ ᠤ ᠠᠷᠠᠳ ᠤᠨ ᠶᠠᠪᠤᠳᠠᠯ ᠤᠨ ᠦᠢᠯᠡᠰ ᠤᠨ ᠥᠭᠡᠷᠡᠴᠢᠯᠡᠯᠲᠡ ᠬᠦᠭᠵᠢᠬᠦᠯᠤᠯᠳᠡ ᠶᠢᠨ ᠬᠤᠷᠠᠯ ᠰᠦᠯᠵᠢᠶᠡᠨ ᠳᠡᠭᠡᠷ᠎ᠡ ᠬᠤᠷᠠᠯᠳᠤᠬᠤ ᠲᠤᠬᠢᠶᠠᠯ ᠢ ᠠᠰᠢᠬᠯᠠᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠺᠠᠳ᠋ᠷᠴᠤᠳ ᠤᠨ ᠰᠡᠳᠬᠢᠯ ᠤᠨ ᠲᠠᠭᠤᠨ ᠢ ᠰᠣᠨᠣᠰᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠪᠡ᠃    ᠨᠠᠮ ᠤᠨ ᠡᠭᠦᠷ ᠤᠨ ᠪᠦᠬᠦ ᠨᠠᠮ ᠤᠨ ᠭᠡᠰᠢᠭᠦᠳ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠪᠢᠴᠢᠵᠤ ᠨᠠᠶᠢᠷᠠᠭᠤᠯᠬᠤ ᠠᠵᠢᠯ ᠬᠢᠵᠦ ᠪᠠᠶᠢᠭ᠎ᠠ ᠨᠥᠬᠦᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠶᠠᠪᠤᠴᠠ ᠳᠤ ᠲᠦᠷᠦᠭᠳᠡᠭᠰᠡᠨ ᠪᠤᠳᠤᠯ ᠢ ᠬᠢᠨᠠᠮᠠᠭᠠᠢ ᠰᠤᠨᠤᠰᠪᠠ᠃ ᠡᠭᠦᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠡᠯᠪᠡᠭ ᠪᠠᠶᠠᠯᠢᠭ ᠠᠭᠤᠯᠤᠭᠳᠠᠬᠤᠨ ᠤ ᠲᠤᠬᠠᠢ ᠲᠠᠨᠢᠯᠲᠠ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠬᠢᠨ ᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠲᠤᠬᠠᠢ ᠣᠶᠢᠯᠠᠭᠠᠯᠲᠠ ᠪᠠᠶᠢᠬᠤ ᠪᠦᠬᠡᠳ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠦᠭᠵᠢᠮᠡᠯ ᠴᠡᠭ ᠲᠤ ᠵᠠᠳᠠᠯᠤᠯᠲᠠ ᠬᠢᠵᠦ᠂ ᠣᠳᠣᠬᠠᠨ ᠤ ᠪᠠ 2023 ᠣᠨ ᠤ ᠪᠥᠬᠦ ᠣᠷᠣᠨ ᠤ ᠠᠷᠠᠳ ᠤᠨ ᠶᠠᠪᠤᠳᠠᠯ ᠤᠨ ᠬᠢᠨ ᠤ ᠠᠵᠢᠯ ᠢ ᠰᠠᠶᠢᠲᠤᠷ ᠬᠢᠬᠦ ᠲᠥᠯᠥᠪᠯᠡᠭᠡ᠂ ᠢᠯᠠᠩᠭᠤᠶ᠎ᠠ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠺᠠᠳ᠋ᠷᠴᠤᠳ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠬᠤ᠂ ᠦᠨᠳᠦᠰᠦᠨ ᠱᠠᠲᠤᠨ ᠤ ᠺᠠᠳ᠋ᠷᠴᠤᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠢ ᠤᠷᠮᠠᠰᠢᠭᠤᠯᠬᠤ ᠪᠠᠲᠤᠯᠠᠭ᠎ᠠ ᠶᠢ ᠲᠦᠷᠦᠭᠦᠯᠡᠨ ᠰᠠᠶᠢᠲᠤᠷ ᠬᠢᠬᠦ ᠵᠡᠷᠭᠡ ᠲᠠᠯ᠎ᠠ ᠶᠢᠨ ᠰᠠᠨᠠᠭᠤᠯᠭ᠎ᠠ ᠶᠢ ᠬᠢᠨᠠᠮᠠᠭᠠᠢ ᠰᠣᠨᠣᠰᠪᠠ᠃    ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠯᠦᠭᠡ ᠨᠡᠪᠳᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠶᠢᠨ ᠲᠤᠰᠬᠠᠢ ᠮᠡᠷᠭᠡᠵᠢᠯᠲᠡᠨ ᠤ ᠠᠵᠢᠯᠯᠠᠬᠤ ᠲᠠᠰᠤᠭ ᠪᠠᠶᠢᠭᠤᠯᠬᠤ ᠶᠢ ᠠᠬᠢᠭᠤᠯᠵᠤ᠂ ᠡᠷᠡᠬᠦᠯᠵᠢᠯ ᠳᠤ ᠲᠤᠰᠠᠯᠠᠬᠤ ᠪᠠᠭᠠᠵᠢ ᠦᠶᠯᠡᠳᠬᠦ ᠵᠡᠷᠭᠡ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠠᠷ ᠨᠡᠯᠢᠶᠡᠳ ᠴᠢᠩᠭ᠎ᠠ ᠬᠦᠷᠢᠶ᠎ᠡ ᠴᠠᠷᠠᠭ᠎ᠠ ᠳᠤ ᠲᠤᠰᠬᠠᠢ ᠮᠡᠷᠭᠡᠵᠢᠯᠲᠡᠨ ᠤ ᠤᠷ᠎ᠠ ᠴᠢᠳᠠᠪᠤᠷᠢ ᠶᠢᠨ ᠠᠵᠢᠯᠯᠠᠬᠤ ᠲᠠᠰᠤᠭ ᠤᠨ ᠪᠡᠯᠡ ᠮᠥᠩᠭᠦ᠂ ᠲᠦᠷᠤ  ᠶᠢᠨ ᠪᠤᠳᠤᠯᠭ᠎ᠠ ᠶᠢ ᠭᠤᠶᠤᠴᠢᠯᠠᠨ᠎ᠠ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠤᠪᠢᠯᠠᠯᠲᠠ᠂ ᠥᠨᠥᠴᠢᠨ ᠵᠡᠮᠳᠡᠭ ᠬᠡᠦᠬᠡᠳ ᠤᠨ ᠰᠤᠪᠢᠯᠠᠯᠲᠠ ᠵᠡᠷᠭᠡ ᠠᠵᠢᠯ ᠤᠨ ᠪᠠᠶᠢᠷᠢ ᠶᠢᠨ ᠰᠤᠷᠭᠠᠭᠤᠯᠢᠯᠠᠯ ᠪᠠ ᠮᠥᠷᠥᠶᠢᠴᠡᠭᠡᠨ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠤᠨ ᠶᠠᠪᠤᠳᠠᠯ ᠤᠨ ᠳᠠᠭᠠᠭᠤᠯᠤᠭᠴᠢ ᠴᠢᠳᠠᠪᠤᠷᠢᠲᠠᠨ ᠢ ᠰᠣᠩᠭᠤᠨ ᠳᠡᠪᠰᠢᠭᠦᠯᠵᠦ᠂ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠴᠢᠳᠠᠪᠤᠷᠢᠲᠠᠨ ᠤ ᠲᠤᠰᠬᠠᠶᠢᠵᠢᠯᠲᠠ᠂ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠷᠭ᠎ᠠ ᠬᠡᠮᠵᠢᠶ᠎ᠡ ᠠᠪᠴᠤ ᠪᠠᠶᠢᠭᠠᠳ ᠠᠷᠠᠳ ᠤᠨ ᠶᠠᠪᠤᠳᠠᠯ  ᠤᠨ ᠬᠢᠨ ᠤ ᠬᠦᠷᠢᠶ᠎ᠡ ᠴᠠᠷᠠᠭ᠎ᠠ ᠠᠴᠠ ᠬᠠᠷᠢᠭᠤᠴᠠᠯᠭ᠎ᠠ ᠡᠬᠦᠷᠭᠡᠯᠡᠭᠰᠡᠨ ᠰᠠᠶᠢᠨ ᠺᠠᠳ᠋ᠷ ᠢ ᠨᠡᠩ ᠤᠯᠠᠨ ᠴᠣᠯᠭᠤᠷᠠᠭᠤᠯᠵᠤ᠂ ᠠᠷᠠᠳ ᠤᠨ ᠶᠠᠪᠤᠳᠠᠯ ᠤᠨ ᠺᠠᠳ᠋ᠷ ᠤᠨ ᠳᠦᠷᠢ ᠲᠥᠷᠬᠦ ᠶᠢ ᠲᠤᠭ ᠲᠡᠮᠳᠡᠭ ᠲᠣᠳᠣᠷᠬᠠᠢ ᠪᠠᠷ ᠪᠤᠢ ᠪᠣᠯᠭᠠᠵᠤ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠬᠠᠷᠢᠭᠤᠴᠠᠯᠭ᠎ᠠ ᠡᠭᠦᠷᠭᠡᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠪᠤᠯᠤᠨ᠎ᠠ᠃  
 
ᠢᠷᠡᠯᠲᠡ᠄ ​ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号