ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠶᠠᠪᠤᠳᠠᠯ ᠤᠨ ᠲᠢᠩᠬᠢᠮ | ︵ᠲᠣᠪᠴᠢᠶ᠎ᠠ︶᠂ ᠨᠠᠮ ᠤᠨ ᠬᠤᠷᠢᠶ᠎ᠠ ᠶᠢᠨ ᠲᠠᠷᠢᠶᠠᠯᠠᠩ ᠤᠨ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ | ᠲᠢᠩᠬᠢᠮ ︵ᠲᠣᠪᠴᠢᠶ᠎ᠠ︶᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠨᠠᠮ ᠤᠨ | ᠬᠤᠷᠢᠶ᠎ᠠ ᠶᠢᠨ ᠲᠠᠷᠢᠶᠠᠯᠠᠩ ᠤᠨ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ᠄ | | | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ᠂ | ᠨᠦᠬᠦᠴᠡᠯ ᠳᠤ ᠨᠡᠶᠢᠴᠡᠬᠦ ᠬᠦᠴᠢᠷᠳᠡᠯᠲᠡᠢ ᠣᠯᠠᠨ ᠲᠦᠮᠡᠨ ᠢ ᠨᠡᠶᠢᠭᠡᠮ ᠤᠨ ᠲᠤᠰᠠᠯᠠᠮᠵᠢ ᠶᠢᠨ ᠬᠦᠷᠢᠶ᠎ᠡ ᠴᠠᠷᠠᠭ᠎ᠠ ᠳᠤ | ᠴᠠᠭ ᠲᠤᠬᠠᠢ ᠳᠤ ᠨᠢ ᠤᠷᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ | ᠲᠤᠰᠠᠯᠠᠮᠵᠢ ᠶᠢᠨ ᠬᠦᠷᠢᠶ᠎ᠡ ᠴᠠᠷᠠᠭ᠎ᠠ ᠶᠢ ᠥᠷᠭᠡᠳᠬᠡᠨ ᠦᠷ᠎ᠡ ᠠᠰᠢᠭ ᠢ ᠨᠡᠮᠩᠳᠡᠬᠦᠯᠵᠤ᠂ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ ᠪᠠᠳᠤᠯᠠᠨ᠂ ᠣᠨᠣᠪᠴᠢᠲᠠᠶ ᠪᠠᠲᠤᠯᠠᠵᠤ᠂ | ᠰᠠᠶᠢᠲᠤᠷ ᠪᠠᠲᠤᠯᠠᠬᠤ ᠶᠢᠨ ᠲᠦᠯᠤᠬᠡ ᠡᠳᠦᠭᠡ ᠨᠡᠶᠢᠭᠡᠮ ᠤᠨ ᠲᠤᠰᠠᠯᠠᠮᠵᠢ ᠶᠢᠨ ᠦᠨᠳᠦᠰᠦᠨ ᠪᠠᠳᠤᠯᠠᠭ᠎ᠠ ᠶᠢᠨ | ᠠᠵᠢᠯ ᠢ ᠤᠯᠠᠮ ᠰᠠᠶᠢᠲᠤᠷ ᠬᠢᠬᠦ ᠲᠤᠬᠠᠢ ᠮᠡᠳᠡᠭᠳᠡᠶ᠎ᠡ᠄ | | ᠨᠢᠬᠡ᠂ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠠᠵᠢᠯ ᠢ ᠴᠢᠩᠭᠠᠳᠬᠠᠵᠤ᠂ ᠬᠦᠷᠢᠶ᠎ᠡ ᠴᠠᠷᠠᠭ᠎ᠠ ᠶᠢ ᠦᠷᠬᠡᠳᠬᠡᠬᠦ | ᠠᠵᠢᠯ ᠤᠨ ᠡᠷᠴᠢᠮ ᠢ ᠴᠢᠩᠭᠠᠷᠠᠭᠤᠯᠬᠤ ᠬᠡᠷᠡᠭᠳᠡᠢ | | ︵ᠨᠢᠭᠡ︶ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠦᠪᠰᠢᠶᠡᠷᠡᠯ ᠤᠨ ᠨᠥᠬᠦᠴᠡᠯ ᠢ ᠵᠢᠷᠤᠮᠵᠢᠭᠤᠯᠤᠨ | ᠲᠡᠭᠦᠯᠳᠡᠷᠵᠢᠭᠦᠯᠦᠨ᠎ᠡ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ | ᠬᠠᠮᠢᠶ᠎ᠠ ᠪᠦᠬᠦᠢ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠳᠤ ᠬᠢ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠨᠥᠬᠦᠴᠡᠯ ᠤᠨ ᠲᠤᠬᠠᠢ ᠬᠤᠯᠪᠣᠭᠳᠠᠯ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠵᠤ᠂ | ᠭᠤᠶᠤᠴᠢᠯᠠᠭᠰᠠᠨ ᠭᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠶᠢᠨ ᠪᠠᠶᠢᠳᠠᠯ ᠵᠡᠷᠭᠡ ᠶᠢ ᠶᠡᠷᠦᠩᠬᠡᠶᠢᠯᠡᠨ | ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ | ᠨᠤᠲᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠴᠢᠬᠤᠯᠠ ᠪᠤᠰᠤ ᠬᠢᠵᠠᠭᠠᠷᠯᠠᠬᠤ ᠴᠢᠨᠠᠷᠲᠠᠢ ᠨᠥᠬᠦᠴᠡᠯ ᠢ | ᠳᠤᠷ᠎ᠠ ᠪᠠᠷ ᠢᠶᠠᠨ ᠳᠠᠭᠠᠯᠳᠤᠭᠤᠯᠵᠤ ᠪᠣᠯᠬᠤ ᠦᠭᠡᠢ᠂ ᠣᠨᠴᠠ ᠲᠣᠭᠲᠠᠭᠠᠭᠰᠠᠨ ᠠᠵᠢᠯ ᠮᠡᠷᠭᠡᠵᠢᠯ᠂ ᠤᠨᠴᠠᠭᠠᠢ ᠬᠢᠷᠢ | ᠬᠡᠮ ᠵᠡᠷᠭᠡ ᠪᠠᠷ ᠰᠢᠯᠲᠠᠭ ᠪᠤᠯᠭᠠᠬᠤ ᠪᠤᠶᠤ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠪᠠᠶᠢᠴᠠᠭᠠᠨ ᠬᠢᠨᠠᠨ | ᠬᠠᠷᠭᠤᠭᠤᠯᠤᠭᠰᠠᠨ ᠦᠭᠡᠢ ᠪᠠᠷ ᠭᠤᠶᠤᠴᠢᠯᠠᠭᠰᠠᠨ ᠭᠡᠷ ᠪᠦᠯᠢ ᠶᠢᠨ ᠨᠥᠬᠦᠴᠡᠯ ᠳᠤ ᠨᠡᠶᠢᠴᠡᠬᠦ ᠡᠰᠡᠬᠦ ᠶᠢ ᠰᠢᠭᠤᠳ | ᠮᠠᠭᠠᠳᠯᠠᠨ ᠲᠣᠭᠲᠠᠭᠠᠵᠤ ᠪᠣᠯᠬᠤ ᠦᠭᠡᠢ᠃ ᠭᠤᠶᠤᠴᠢᠯᠠᠭᠰᠠᠨ ᠭᠡᠷ ᠪᠦᠯᠢ ᠨᠢ ᠨᠥᠬᠦᠴᠡᠯ ᠳᠤ ᠨᠡᠶᠢᠴᠡᠪᠡᠯ᠂ ᠭᠡᠷ | ᠪᠦᠯᠢ ᠶᠢᠨ ᠣᠨᠴᠠ ᠵᠠᠷᠢᠮ ᠪᠦᠷᠢᠯᠳᠦᠭᠦᠨ ᠢ ᠨᠢ ᠯᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠴᠠᠷᠠᠭ᠎ᠠ ᠳᠤ | ᠤᠷᠤᠭᠤᠯᠤᠭᠠᠳ ᠯᠨ ᠪᠣᠯᠬᠤ ᠦᠭᠡᠢ᠃ ︽ᠬᠥᠳᠡᠯᠮᠦᠷᠢ ᠬᠦᠴᠦᠨ ᠤ ᠢᠯᠡᠳᠬᠡᠮᠵᠢ︾ ᠵᠡᠷᠭᠡ ᠠᠷᠭ᠎ᠠ ᠪᠠᠷ | ᠭᠤᠶᠤᠴᠢᠯᠠᠭᠰᠠᠨ ᠭᠡᠷ ᠪᠦᠯᠢ ᠶᠢᠨ ᠣᠷᠣᠯᠭ᠎ᠠ ᠶᠢ ᠲᠣᠭᠠᠴᠠᠭ᠎ᠠ ᠬᠢᠬᠦ ᠳᠤ ᠭᠡᠷ ᠪᠦᠯᠢ ᠶᠢᠨ ᠪᠦᠷᠢᠯᠳᠦᠭᠦᠨ ᠤ ᠪᠣᠳᠠᠲᠤ | ᠪᠠᠶᠢᠳᠠᠯ ᠢ ᠪᠤᠰᠤᠳᠴᠢ ᠪᠠᠷ ᠪᠣᠳᠣᠯᠬᠢᠯᠠᠵᠤ᠂ ᠦᠨᠡᠨᠬᠦ ᠠᠵᠢᠯ ᠣᠯᠬᠤ ᠳᠤ ᠬᠦᠴᠢᠷᠲᠡᠢ ᠪᠤᠶᠤ ᠨᠡᠯᠢᠶᠡᠳ ᠤᠷᠳᠤ | ᠬᠤᠭᠤᠴᠠᠭ᠎ᠠ ᠪᠠᠷ ᠣᠷᠣᠯᠭ᠎ᠠ ᠣᠯᠬᠤ ᠶᠢᠨ ᠠᠷᠭ᠎ᠠ ᠦᠭᠡᠢ ᠪᠠᠶᠢᠪᠠᠯ᠂ ᠭᠡᠷ ᠪᠦᠯᠢ ᠶᠢᠨ ᠪᠣᠳᠠᠲᠠᠢ ᠬᠦᠴᠢᠷᠳᠡᠯ ᠢ | ᠦᠨᠳᠦᠰᠦᠯᠡᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠡᠰᠡᠬᠦ ᠶᠢ ᠶᠡᠷᠦᠩᠬᠡᠶᠢᠯᠡᠨ | ᠮᠠᠭᠠᠳᠯᠠᠬᠤ ᠬᠡᠷᠡᠭᠲᠡᠢ᠃ ᠨᠠᠰᠤᠨ ᠳᠤ ᠭᠦᠷᠦᠭᠰᠡᠨ ᠠᠵᠢᠯ ᠦᠭᠡᠢ ᠨᠤᠴᠢᠳᠠᠢ ᠵᠡᠮᠳᠡᠭᠴᠦᠳ ᠲᠤ ︽ᠭᠠᠭᠴᠠ | ᠬᠥᠮᠥᠨ ᠤ ᠡᠷᠦᠬᠡ︾ ᠪᠠᠷ ᠯᠠᠪᠯᠠᠯᠲᠠ ᠪᠣᠯᠭᠠᠵᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠭᠠᠷᠭᠠᠵᠤ | ᠪᠣᠯᠣᠨ᠎ᠠ᠃ ᠠᠬ᠎ᠠ ᠳᠡᠭᠦᠦ ᠡᠭᠡᠴᠢ ᠥᠬᠢᠨ ᠳᠡᠭᠦᠦ ᠨᠢ ᠪᠤᠶᠤ60 ᠪᠦᠬᠦᠯᠢ ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠲᠤ ᠲᠦᠰᠢᠭᠯᠡᠨ ᠠᠮᠢᠳᠤᠷᠠᠵᠤ ᠪᠠᠶᠢᠭ᠎ᠠ ᠨᠠᠰᠤᠨ ᠳᠤ ᠭᠦᠷᠦᠭᠰᠡᠨ ᠠᠵᠢᠯ ᠦᠭᠡᠢ ᠨᠤᠴᠢᠳᠠᠢ | ᠵᠡᠮᠳᠡᠭᠴᠦᠳ ᠤᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠦᠨᠡᠯᠡᠨ ᠮᠠᠭᠠᠳᠯᠠᠨ ᠲᠣᠭᠲᠠᠭᠠᠬᠤ ᠦᠶ᠎ᠡ ᠳᠤ᠂ | ᠠᠬ᠎ᠠ ᠳᠡᠭᠦᠦ ᠡᠭᠡᠴᠢ ᠥᠬᠢᠨ ᠳᠡᠭᠦᠦ ᠨᠢ ᠪᠤᠶᠤ 60 ᠪᠦᠬᠦᠯᠢ ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ | ᠠᠰᠠᠷᠠᠨ ᠲᠡᠵᠢᠭᠡᠬᠦ ᠵᠠᠷᠤᠳᠠᠯ ᠢ ᠪᠠᠶᠢᠳᠠᠯ ᠢ ᠨᠢ ᠦᠵᠡᠵᠦ ᠪᠠᠶᠢᠭᠠᠳ ᠵᠣᠬᠢᠬᠤ ᠬᠡᠮᠵᠢᠶ᠎ᠡ ᠪᠠᠷ ᠬᠡᠯᠲᠦᠷᠢᠭᠦᠯᠵᠦ ᠪᠣᠯᠣᠨ᠎ᠠ | ᠂ ᠨᠥᠬᠦᠴᠡᠯ ᠳᠤ ᠨᠡᠶᠢᠴᠡᠪᠡᠯ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠴᠠᠷᠠᠭ᠎ᠠ ᠳᠤ ᠣᠷᠣᠭᠤᠯᠤᠨ᠎ᠠ᠃ | ︵ᠬᠤᠶᠠᠷ︶ ᠨᠠᠭᠠᠲᠤ ᠵᠠᠬ᠎ᠠ ᠶᠢᠨ ᠪᠠᠲᠤᠯᠠᠭ᠎ᠠ ᠬᠦᠷᠳᠡᠵᠤ ᠪᠠᠶᠢᠭ᠎ᠠ ᠭᠡᠷ ᠪᠦᠯᠢ ᠶᠢᠨ ᠠᠵᠤ ᠠᠬᠤᠢ ᠶᠢᠨ | ᠪᠠᠶᠢᠳᠠᠯ ᠢ ᠦᠨᠡᠡᠯᠵᠤ ᠮᠠᠭᠠᠳᠯᠠᠨ ᠲᠣᠭᠲᠠᠭᠠᠬᠤ ᠨᠦᠬᠦᠴᠡᠯ ᠢ ᠵᠦᠢ ᠵᠤᠬᠢᠰᠳᠠᠢ ᠲᠤᠬᠳᠠᠭᠠᠬᠤ ᠶᠢᠨ ᠬᠠᠮᠳᠤ ᠠᠵᠤ | ᠠᠬᠤᠢ ᠨᠡᠶᠢᠭᠡᠮ ᠤᠨ ᠬᠥᠭᠵᠢᠯᠲᠡ ᠶᠢ ᠳᠠᠭᠠᠯᠳᠤᠨ ᠠᠯᠬᠤᠮ ᠠᠯᠬᠤᠮ ᠢᠶᠠᠷ ᠲᠣᠬᠢᠷᠠᠭᠤᠯᠤᠯᠲᠠ ᠬᠢᠨ᠎ᠡ᠃ ᠨᠠᠭᠠᠲᠤ | ᠵᠠᠬ᠎ᠠ ᠶᠢᠨ ᠪᠠᠲᠤᠯᠠᠭ᠎ᠠ ᠶᠢ ᠬᠦᠷᠳᠡᠵᠤ ᠪᠠᠶᠢᠭ᠎ᠠ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠦᠨᠡᠯᠡᠵᠤ ᠮᠠᠭᠠᠳᠯᠠᠨ | ᠲᠤᠬᠳᠠᠭᠠᠬᠤ ᠠᠷᠭ᠎ᠠ ᠶᠢ ᠲᠡᠭᠦᠯᠳᠡᠷᠵᠢᠭᠦᠯᠵᠦ᠂ ᠭᠡᠷ ᠪᠦᠯᠢ ᠶᠢᠨ ᠡᠳ᠋ ᠬᠥᠷᠥᠩᠭᠡ ᠶᠢᠨ ᠵᠠᠬ᠎ᠠ ᠳᠡᠯᠭᠡᠭᠦᠷ ᠤᠨ ᠥᠷᠲᠡᠭ | ᠂ ᠪᠣᠳᠠᠲᠠᠢ ᠡᠵᠡᠩᠨᠡᠯᠲᠡ ᠶᠢᠨ ᠣᠷᠣᠯᠭ᠎ᠠ ᠶᠢᠨ ᠪᠠᠶᠢᠳᠠᠯ ᠪᠠ ᠭᠡᠷ ᠪᠦᠯᠢ ᠶᠢᠨ ᠬᠢ ᠨᠢ ᠪᠣᠳᠠᠲᠠᠢ ᠠᠮᠢᠳᠤᠷᠠᠯ ᠤᠨ | ᠪᠠᠶᠢᠳᠠᠯ ᠵᠡᠷᠭᠡ ᠶᠢ ᠶᠡᠷᠦᠩᠬᠡᠶᠢᠯᠡᠨ ᠪᠣᠳᠣᠯᠬᠢᠯᠠᠵᠤ᠂ ᠦᠨᠡᠨ ᠢ ᠪᠠᠷᠢᠮᠲᠠᠯᠠᠨ ᠦᠨᠡᠯᠡᠬᠦ ᠬᠡᠷᠡᠭᠲᠡᠢ᠃ ᠡᠯ᠎ᠡ ᠭᠠᠵᠠᠷ ᠤᠨ | ᠬᠢᠨ ᠭᠤᠶᠤᠴᠢᠯᠠᠬᠤ ᠬᠡᠷᠡᠴᠢ ᠶᠢᠨ ᠠᠮᠠᠯᠠᠯᠳᠠ ᠶᠢᠨ ᠲᠦᠷᠢᠮ ᠢ ᠬᠡᠷᠡᠭᠵᠢᠭᠦᠯᠬᠦ ᠶᠢ ᠵᠣᠷᠢᠭᠵᠢᠭᠤᠯᠵᠤ᠂ ᠭᠡᠷᠡᠴᠢᠯᠡᠬᠦ | ᠡᠭᠦᠷᠭᠡ᠂ ᠭᠡᠷᠡᠴᠢᠯᠡᠬᠦ ᠠᠭᠤᠯᠭ᠎ᠠ ᠵᠡᠷᠭᠡ ᠶᠢ ᠭᠤᠶᠤᠴᠢᠯᠠᠭᠴᠢ ᠳᠤ ᠪᠢᠴᠢᠭ ᠢᠶᠠᠷ ᠨᠢᠭᠡ ᠯᠨ ᠲᠡᠬᠡᠷ᠎ᠡ ᠮᠡᠳᠡᠭᠳᠡᠨ᠎ᠡ᠂ | ᠭᠤᠶᠤᠴᠢᠯᠠᠭᠴᠢ ᠶᠢᠨ ᠪᠢᠴᠢᠭ ᠤᠨ ᠠᠮᠠᠯᠠᠯᠲᠠ ᠨᠢ ᠨᠢᠭᠡᠨᠲᠡ ᠮᠡᠳᠡᠭᠰᠡᠨ ᠬᠠᠮᠢᠶ᠎ᠠ ᠪᠦᠬᠦᠢ ᠱᠠᠭᠠᠷᠳᠠᠯᠭ᠎ᠠ ᠳᠤ | ᠨᠡᠶᠢᠴᠡᠪᠡᠯ ᠳᠠᠭᠢᠵᠤ ᠬᠤᠯᠪᠣᠭᠳᠠᠯ ᠪᠦᠬᠦᠢ ᠭᠡᠷᠡᠴᠢ ᠶᠢ ᠠᠪᠬᠤ ᠦᠭᠡᠢ ᠪᠠᠷ ᠭᠡᠷ ᠪᠦᠯᠢ ᠶᠢᠨ ᠠᠵᠤ ᠠᠬᠤᠢ ᠶᠢᠨ | ᠪᠠᠶᠢᠳᠠᠯ ᠢ ᠪᠠᠶᠢᠴᠠᠭᠠᠬᠤ᠂ ᠬᠢᠨᠠᠨ ᠬᠠᠷᠭᠤᠭᠤᠯᠵᠤ ᠨᠤᠲᠠᠯᠠᠬᠤ ᠵᠡᠷᠭᠡ ᠠᠵᠢᠯ ᠢ ᠰᠢᠭᠤᠳ ᠥᠷᠨᠢᠭᠦᠯᠦᠨ᠎ᠡ᠃ | ︵ᠭᠤᠷᠪᠠ︶ ᠨᠠᠭᠠᠲᠤ ᠵᠠᠬ᠎ᠠ ᠶᠢᠨ ᠪᠠᠲᠤᠯᠠᠭ᠎ᠠ ᠠᠴᠠ ᠢᠳᠡᠭ ᠢᠳᠡᠭ ᠢᠶᠠᠷ ᠭᠠᠷᠭᠠᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠢᠯ ᠣᠯᠬᠤ ᠴᠢᠳᠠᠪᠤᠷᠢ ᠲᠠᠢ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠠᠵᠢᠯ ᠣᠯᠬᠤ ᠶᠢ ᠵᠣᠷᠢᠭᠵᠢᠭᠤᠯᠵᠤ᠂ ᠠᠵᠢᠯ | ᠣᠯᠣᠭᠰᠠᠨ ᠤ ᠳᠠᠷᠠᠭ᠎ᠠ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠨᠢ ᠲᠤᠬᠠᠢ ᠶᠢᠨ ᠭᠠᠵᠠᠷ ᠤᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠳᠤ ᠵᠠᠷᠴᠢᠮ ᠳᠡᠭᠡᠷ᠎ᠡ ᠪᠠᠨ 6 ᠰᠠᠷ᠎ᠠ ᠶᠢᠨ ᠲᠤᠳᠤᠷ᠎ᠠ ᠢᠳᠡᠭ | ᠢᠳᠡᠭ ᠢᠶᠠᠷ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠠᠴᠠ ᠭᠠᠷᠭᠠᠨ᠎ᠠ᠃ ᠭᠡᠷ ᠪᠦᠯᠢ ᠶᠢᠨ ᠪᠦᠷᠢᠯᠳᠦᠭᠦᠨ ᠨᠢ | ᠨᠦᠭᠴᠢᠪᠡᠯ᠂ ᠨᠦᠭᠴᠢᠭᠰᠡᠨ ᠡᠳᠦᠷ ᠠᠴᠠ ᠡᠬᠢᠯᠡᠨ 3 ᠰᠠᠷ᠎ᠠ ᠶᠢᠨ ᠳᠣᠲᠣᠷ᠎ᠠ ᠭᠡᠷ ᠪᠦᠯᠢ ᠶᠢᠨ ᠪᠠᠶᠢᠳᠠᠯ ᠢ ᠬᠢᠨᠠᠨ | ᠪᠠᠶᠢᠴᠠᠭᠠᠬᠤ ᠶᠢᠨ ᠬᠠᠮᠲᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠡᠮᠡᠵᠦ ᠣᠯᠭᠤᠬᠤ | ᠪᠤᠶᠤ ᠬᠠᠰᠤᠵᠤ ᠣᠯᠭᠤᠬᠤ᠂ ᠡᠰᠡᠪᠡᠯ ᠣᠯᠭᠤᠬᠤ ᠶᠢ ᠵᠣᠭᠰᠤᠭᠠᠬᠤ ᠵᠡᠷᠭᠡ ᠬᠠᠮᠢᠶ᠎ᠠ ᠪᠦᠬᠦᠢ ᠭᠠᠷᠳᠠᠮ ᠢ | ᠭᠦᠢᠴᠡᠳᠬᠡᠵᠦ ᠳᠠᠭᠤᠰᠬᠠᠬᠤ ᠬᠡᠷᠡᠭᠲᠡᠢ᠃ | ︵ᠳᠥᠷᠪᠡ︶ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠠᠭᠠᠨ᠎ᠠ ᠴᠠᠭᠠᠨ᠎ᠠ ᠪᠠᠶᠢᠭ᠎ᠠ ᠭᠡᠷ ᠪᠦᠯᠢ ᠶᠢ ᠮᠠᠭᠠᠳᠯᠠᠨ | ᠲᠣᠭᠲᠠᠭᠠᠬᠤ ᠨᠥᠬᠦᠴᠡᠯ ᠢ ᠨᠠᠷᠢᠯᠢᠭᠵᠢᠭᠤᠯᠤᠨ᠎ᠠ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠠᠭᠠᠨ᠎ᠠ ᠴᠠᠭᠠᠨ᠎ᠠ ᠪᠠᠶᠢᠭ᠎ᠠ | ᠭᠡᠷ ᠪᠦᠯᠢ ᠭᠡᠳᠡᠭ ᠨᠢ ᠡᠩ ᠤᠨ ᠪᠠᠶᠢᠳᠠᠯ ᠳᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠦᠭᠡᠢ | ᠂ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠨᠢ ᠲᠤᠬᠠᠢ ᠶᠢᠨ ᠭᠠᠵᠠᠷ ᠤᠨ 1.5 ᠳᠠᠬᠢᠨ ᠤ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ ᠮᠥᠷᠲᠡᠭᠡᠨ ᠡᠳ᠋ ᠬᠥᠷᠥᠩᠭᠡ ᠶᠢᠨ ᠪᠠᠶᠢᠳᠠᠯ ᠨᠢ ᠬᠠᠮᠢᠶ᠎ᠠ | ᠪᠦᠬᠦᠢ ᠲᠣᠭᠲᠠᠭᠠᠯ ᠳᠤ ᠨᠡᠶᠢᠴᠡᠬᠦ ᠶᠢ ᠬᠡᠯᠡᠨ᠎ᠡ᠃ ᠡᠯ᠎ᠡ ᠭᠠᠵᠠᠷ ᠤᠨ ᠬᠢᠨ ᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠨᠠᠭᠠᠨ᠎ᠠ ᠴᠠᠭᠠᠨ᠎ᠠ ᠪᠠᠶᠢᠭ᠎ᠠ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠢ ᠮᠠᠭᠠᠳᠯᠠᠬᠤ ᠪᠠᠷᠢᠮᠵᠢᠶ᠎ᠠ ᠲᠤᠬᠳᠠᠭᠠᠬᠤ | ᠶᠢ ᠵᠤᠷᠢᠬᠵᠢᠭᠤᠯᠤᠨ᠎ᠠ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠠᠭᠠᠨ᠎ᠠ ᠴᠠᠭᠠᠨ᠎ᠠ ᠪᠠᠶᠢᠭ᠎ᠠ ᠭᠡᠷ ᠪᠦᠯᠢ ᠶᠢᠨ | ᠨᠤᠴᠢᠳᠠᠢ ᠵᠡᠮᠳᠡᠭ ᠬᠥᠮᠥᠰ᠂ ᠬᠦᠨᠳᠦ ᠡᠪᠡᠳᠴᠢᠲᠡᠨ ᠵᠡᠷᠭᠡ ᠤᠨᠴᠠᠭᠠᠢ ᠬᠦᠴᠢᠷᠳᠡᠯᠲᠡᠢ ᠬᠥᠮᠥᠰ ᠢ ᠲᠣᠰ ᠬᠥᠮᠥᠨ ᠨᠢ | ᠭᠤᠶᠤᠴᠢᠯᠠᠯ ᠢᠶᠠᠷ ︽ᠭᠠᠭᠴᠠ ᠬᠥᠮᠥᠨ ᠤ ᠡᠷᠦᠬᠡ︾ ᠪᠠᠷ ᠯᠠᠪᠯᠠᠯᠲᠠ ᠪᠣᠯᠭᠠᠵᠤ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠬᠦᠷᠢᠶ᠎ᠡ ᠴᠠᠷᠠᠭ᠎ᠠ ᠳᠤ ᠣᠷᠣᠭᠤᠯᠵᠤ ᠪᠣᠯᠣᠨ᠎ᠠ᠃ | | ᠬᠤᠶᠠᠷ᠂ ᠪᠠᠴᠢᠮ ᠬᠦᠴᠢᠷᠳᠡᠯᠳᠡᠢ ᠬᠦᠮᠦᠰ ᠲᠤ ᠲᠦᠷ ᠴᠠᠭ ᠤᠨ ᠲᠤᠰᠠᠯᠠᠮᠵᠢ ᠦᠵᠡᠬᠦᠯᠬᠦ ᠠᠵᠢᠯ ᠢ | ᠴᠢᠩᠭᠠᠳᠬᠠᠨ᠎ᠠ | | ︵ᠨᠢᠭᠡ︶ ᠠᠮᠢᠳᠤᠷᠠᠯ ᠨᠢ ᠬᠦᠴᠢᠷᠳᠡᠯᠳᠡᠢ ᠪᠥᠭᠡᠳ ᠳᠠᠭᠠᠳᠬᠠᠯ ᠳᠤ ᠣᠷᠣᠯᠴᠠᠭᠰᠠᠨ ᠦᠭᠡᠢ ᠠᠵᠢᠯ | ᠠᠯᠳᠠᠭᠰᠠᠳ ᠲᠤ ᠲᠥᠷ ᠤᠨ ᠲᠤᠰᠠᠯᠠᠮᠵᠢ ᠬᠠᠨᠭ᠍ᠭᠠᠬᠤ ᠠᠵᠢᠯ ᠢ ᠴᠢᠩᠭᠠᠳᠬᠠᠬᠤ ᠬᠡᠷᠡᠭᠲᠡᠢ᠃ ᠬᠢᠵᠢᠭ ᠤᠨ | ᠨᠥᠯᠥᠭᠡ ᠠᠴᠠ ᠪᠣᠯᠣᠭᠠᠳ ᠠᠵᠢᠯ ᠳᠤ ᠪᠠᠨ ᠤᠴᠢᠵᠤ ᠲᠡᠶᠢᠯᠬᠦ ᠦᠭᠡᠢ᠂ ᠵᠠᠯᠭᠠᠭ᠎ᠠ ᠪᠠᠷ 3 ᠰᠠᠷ᠎ᠠ ᠣᠷᠣᠯᠭ᠎ᠠ | ᠦᠭᠡᠢ᠂ ᠠᠮᠢᠳᠤᠷᠠᠯ ᠨᠢ ᠬᠦᠴᠢᠷᠳᠡᠯᠳᠡᠢ ᠮᠥᠷᠲᠡᠭᠡᠨ ᠠᠵᠢᠯ ᠠᠯᠳᠠᠯᠲᠠ ᠶᠢᠨ ᠳᠠᠭᠠᠳᠬᠠᠯ ᠤᠨ ᠲᠦᠷᠦ ᠶᠢᠨ | ᠪᠣᠳᠣᠯᠭ᠎ᠠ ᠳᠤ ᠬᠠᠮᠤᠷᠬᠤ ᠶᠢᠨ ᠠᠷᠭ᠎ᠠ ᠦᠭᠡᠢ ᠬᠥᠯᠥᠰᠦᠨ ᠠᠵᠢᠯᠴᠢᠨ ᠵᠡᠷᠭᠡ ᠳᠠᠭᠠᠳᠬᠠᠯ ᠳᠤ ᠣᠷᠣᠯᠴᠠᠭᠰᠠᠨ | ᠦᠭᠡᠢ ᠠᠵᠢᠯ ᠠᠯᠳᠠᠭᠰᠠᠳ ᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠭᠰᠠᠨ ᠦᠭᠡᠢ ᠪᠤᠯ | ᠲᠤᠰ ᠬᠥᠮᠥᠨ ᠤ ᠬᠢ ᠨᠢ ᠭᠤᠶᠤᠴᠢᠯᠠᠯ ᠢᠶᠠᠷ ᠠᠵᠢᠯ ᠬᠢᠵᠦ ᠪᠠᠶᠢᠭ᠎ᠠ ᠭᠠᠵᠠᠷ ᠪᠤᠶᠤ ᠪᠠᠶᠢᠩᠭᠤ ᠰᠠᠭᠤᠭ᠎ᠠ | ᠭᠠᠵᠠᠷ ᠠᠴᠠ ᠲᠦᠷ ᠴᠠᠭ ᠤᠨ ᠲᠤᠰᠠᠯᠠᠮᠵᠢ ᠶᠢᠨ ᠮᠦᠡᠭᠬᠦ ᠶᠢ ᠨᠢᠭᠡ ᠤᠳᠠᠭ᠎ᠠ ᠣᠯᠭᠤᠨ᠎ᠠ᠃ᠡ᠊ ᠯᠡ ᠭᠠᠵᠠᠷ ᠤᠨ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠲᠦᠷ ᠴᠠᠭ ᠤᠨ ᠲᠤᠰᠠᠯᠠᠮᠵᠢ ᠪᠠ ᠠᠵᠢᠯ ᠣᠯᠭᠤᠯᠲᠠ ᠶᠢᠨ | ᠲᠥᠷᠥ ᠶᠢᠨ ᠪᠣᠳᠣᠯᠭ᠎ᠠ᠂ ᠠᠵᠢᠯ ᠠᠯᠳᠠᠯᠲᠠ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ | ᠴᠢᠩᠭᠠᠳᠬᠠᠵᠤ᠂ ᠬᠥᠳᠡᠯᠮᠦᠷᠢᠯᠡᠬᠦ ᠴᠢᠳᠠᠪᠤᠷᠢ ᠲᠠᠢ ᠲᠦᠷ ᠴᠠᠭ ᠤᠨ ᠬᠦᠴᠢᠷᠳᠡᠯ ᠳᠤ ᠲᠤᠯᠭᠠᠷᠠᠬᠰᠠᠳ ᠢ | ᠬᠠᠪᠰᠤᠷᠤᠨ ᠬᠦᠴᠢᠷ ᠢ ᠲᠤᠭᠤᠯᠤᠭᠤᠯᠬᠤ ᠬᠡᠷᠡᠭᠲᠡᠢ᠃ | ︵ᠬᠤᠶᠠᠷ︶ ᠪᠤᠰᠤᠳ ᠦᠨᠳᠦᠰᠦᠨ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠳᠤ | ᠲᠦᠷ ᠴᠠᠭ ᠤᠨ ᠲᠤᠰᠠᠯᠠᠮᠵᠢ ᠦᠵᠡᠬᠦᠯᠬᠦ ᠡᠷᠴᠢᠮ ᠢ ᠴᠢᠩᠭᠠᠷᠠᠭᠤᠯᠤᠨ᠎ᠠ᠃ ᠬᠢᠵᠢᠭ ᠤᠨ ᠨᠦᠯᠦᠬᠡ ᠠᠴᠠ ᠪᠣᠯᠵᠤ | ᠠᠵᠢᠯ ᠣᠯᠣᠭᠠᠳᠤᠢ᠂ ᠦᠨᠳᠦᠰᠦᠨ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ ᠣᠶᠤᠲᠠᠳ ᠪᠠ ᠬᠢᠵᠢᠭ ᠠᠴᠠ | ᠪᠣᠯᠵᠤ ᠦᠨᠳᠦᠰᠦᠨ ᠠᠮᠢᠳᠤᠷᠠᠯ ᠨᠢ ᠲᠦᠷ ᠴᠠᠭ ᠤᠨ ᠬᠦᠴᠢᠷᠳᠡᠯ ᠳᠤ ᠲᠤᠯᠭᠠᠷᠠᠭᠰᠠᠨ ᠪᠤᠰᠤᠳ ᠭᠡᠷ ᠪᠦᠯᠢ ᠪᠤᠶᠤ | ᠬᠤᠪᠢ ᠬᠥᠮᠥᠨ ᠢ ᠲᠦᠷ ᠴᠠᠭ ᠤᠨ ᠲᠤᠰᠠᠯᠠᠮᠵᠢ ᠶᠢᠨ ᠬᠡᠪᠴᠢᠶᠡᠨ ᠳᠤ ᠲᠠᠷᠤᠢ ᠣᠷᠣᠭᠤᠯᠬᠤ ᠬᠡᠷᠡᠭᠲᠡᠢ᠃ ᠲᠦᠷ | ᠴᠠᠭ ᠤᠨ ᠲᠤᠰᠠᠯᠠᠮᠵᠢ ᠪᠤᠯᠤᠨ ᠭᠠᠮᠰᠢᠭᠳᠠᠭᠰᠠᠨ ᠬᠥᠮᠥᠰ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠢ | ᠴᠢᠩᠭᠠᠳᠬᠠᠵᠤ᠂ ᠪᠠᠴᠢᠮ ᠢ ᠠᠷᠭᠠᠴᠠᠭᠠᠬᠤ ᠬᠤᠭᠤᠴᠠᠭᠠᠨ ᠤ ᠲᠤᠰᠠᠯᠠᠮᠵᠢ᠂ ᠰᠢᠯᠵᠢᠯᠲᠡ ᠶᠢᠨ ᠬᠤᠭᠤᠴᠠᠭᠠᠨ ᠤ | ᠠᠮᠢᠳᠤᠷᠠᠯ ᠤᠨ ᠲᠤᠰᠠᠯᠠᠮᠵᠢ ᠶᠢᠨ ᠲᠠᠷᠠᠭ᠎ᠠ ᠦᠨᠳᠦᠰᠦᠨ ᠠᠮᠢᠳᠤᠷᠠᠯ ᠨᠢ ᠮᠥᠨ ᠬᠦ ᠨᠡᠯᠢᠶᠡᠳ ᠶᠡᠭᠡ ᠬᠦᠴᠢᠷᠳᠡᠯ ᠲᠠᠢ | ᠭᠠᠮᠰᠢᠭᠳᠠᠭᠰᠠᠨ ᠣᠯᠠᠨ ᠲᠦᠮᠡᠨ ᠳᠤ ᠴᠠᠭ ᠲᠠᠷᠤᠢ ᠳᠤ ᠨᠢ ᠲᠦᠷ ᠴᠠᠭ ᠤᠨ ᠲᠤᠰᠠᠯᠠᠮᠵᠢ ᠦᠵᠡᠬᠦᠯᠵᠤ᠂ ᠭᠠᠮᠰᠢᠭ | ᠠᠴᠠ ᠪᠣᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠨ᠎ᠡ᠃ | | | ᠭᠤᠷᠪᠠ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ | | ︵ᠨᠢᠭᠡ︶ ᠣᠨᠳᠣᠣ ᠭᠠᠵᠠᠷ ᠲᠤ ᠨᠡᠭᠦᠯᠭᠡᠬᠦ ᠪᠠ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠵᠣᠯᠭᠠᠭᠤᠯᠬᠤ | ᠲᠤᠬᠳᠠᠴᠨ ᠶᠢ ᠪᠠᠶᠢᠭᠤᠯᠤᠨ᠎ᠠ᠃ ᠣᠶᠢᠯᠠᠭᠠᠵᠤ ᠵᠢᠭᠰᠠᠭᠠᠨ ᠪᠦᠷᠢᠳᠬᠡᠬᠦ ᠶᠢ ᠴᠢᠩᠭᠠᠳᠬᠠᠵᠤ᠂ ᠨᠡᠭᠦᠵᠦ ᠤᠴᠢᠬᠤ | ᠭᠠᠵᠠᠷ᠂ ᠨᠡᠭᠦᠵᠦ ᠭᠠᠷᠬᠤ ᠭᠠᠵᠠᠷ ᠤᠨ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠰᠠᠶᠢᠲᠤᠷ ᠬᠢᠵᠦ᠂ | ᠪᠣᠳᠠᠲᠠᠢ ᠪᠠᠶᠢᠳᠠᠯ ᠢ ᠦᠨᠳᠦᠰᠦᠯᠡᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠥᠷᠥᠯ ᠢᠯᠭᠠᠯ᠂ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ᠂ ᠨᠥᠬᠦᠪᠦᠷᠢ ᠶᠢᠨ ᠬᠡᠮᠵᠢᠶ᠎ᠡ ᠶᠢ ᠴᠠᠭ ᠲᠤᠬᠠᠢ ᠳᠤ | ᠨᠢ ᠲᠣᠬᠢᠷᠠᠭᠤᠯᠤᠨ᠂ ᠬᠦᠴᠢᠷᠳᠡᠯᠲᠡᠢ ᠣᠯᠠᠨ ᠲᠦᠮᠡᠨ ᠤ ᠣᠨᠳᠣᠣ ᠭᠠᠵᠠᠷ ᠲᠤ ᠨᠡᠭᠦᠭᠰᠡᠨ ᠠᠴᠠ ᠪᠣᠯᠵᠤ | ᠪᠠᠲᠤᠯᠠᠭ᠎ᠠ ᠶᠢ ᠣᠷᠬᠢᠭᠳᠠᠭᠤᠯᠬᠤ ᠪᠤᠶᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠳᠠᠪᠬᠤᠷᠳᠠᠭᠤᠯᠤᠨ | ᠣᠷᠣᠭᠤᠯᠬᠤ ᠠᠴᠠ ᠰᠡᠷᠭᠡᠶᠢᠯᠡᠬᠦ ᠬᠡᠷᠡᠭᠲᠡᠢ᠃ | ︵ᠬᠤᠶᠠᠷ︶ ᠨᠡᠶᠢᠭᠡᠮ ᠤᠨ ᠲᠤᠰᠠᠯᠠᠮᠵᠢ ᠬᠦᠷᠳᠡᠵᠤ ᠪᠠᠶᠢᠭ᠎ᠠ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ | ᠬᠠᠷᠭᠤᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠭᠡᠮ ᠤᠨ ᠲᠤᠰᠠᠯᠠᠮᠵᠢ ᠶᠢ ᠬᠦᠷᠳᠡᠵᠤ | ᠪᠠᠶᠢᠭ᠎ᠠ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠲᠥᠷᠥᠯ ᠵᠦᠢᠯ ᠢ ᠲᠡᠭᠦᠯᠳᠡᠷᠵᠢᠭᠦᠯᠵᠦ᠂ | ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠬᠤᠭᠤᠷᠤᠨᠳᠤ ᠪᠠᠨ ᠣᠷᠤᠭ ᠬᠤᠷᠢᠮ᠂ ᠣᠷᠣᠰᠢᠭᠤᠯᠭ᠎ᠠ ᠶᠢᠨ ᠠᠵᠢᠯ | ᠵᠡᠷᠭᠡ ᠳᠤ ᠬᠤᠯᠪᠣᠭᠳᠠᠭᠰᠠᠨ ᠮᠡᠳᠡᠭᠡ ᠵᠠᠩᠭᠢ ᠶᠢ ᠬᠠᠷᠢᠯᠴᠠᠨ ᠨᠡᠪᠳᠡᠷᠡᠬᠦᠯᠵᠤ ᠬᠠᠮᠲᠤ ᠪᠠᠷ ᠡᠳ᠋ᠯᠡᠬᠦ ᠶᠢ ᠲᠦᠷᠭᠡᠨ | ᠪᠡᠶᠡᠯᠡᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠨᠡᠪᠲᠡᠷᠡᠯᠴᠡᠨ ᠵᠣᠬᠢᠴᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠪᠠᠩᠬᠢ ᠶᠢᠨ ᠬᠠᠳᠠᠭᠠᠯᠠᠮᠵᠢ᠂ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ᠂ ᠨᠠᠰᠤᠵᠢᠯ ᠤᠨ ᠠᠰᠠᠷᠠᠮᠵᠢ ᠶᠢᠨ ᠮᠥᠩᠭᠦ ᠲᠤᠰᠢᠶᠠᠬᠤ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠳᠠᠩᠰᠠᠯᠠᠯᠲᠠ᠂ ᠦᠬᠦᠯ ᠵᠡᠷᠭᠡ ᠶᠢᠨ ᠮᠡᠳᠡᠭᠡ ᠵᠠᠩᠭᠢ ᠶᠢᠨ ᠬᠠᠷᠢᠴᠠᠭᠤᠯᠤᠯ ᠢ ᠠᠬᠢᠭᠤᠯᠤᠨ᠎ᠠ᠃ | ᠣᠨᠳᠣᠣ ᠭᠠᠵᠠᠷ ᠲᠤ ᠬᠠᠮᠵᠢᠯᠴᠠᠨ ᠪᠠᠶᠢᠴᠠᠭᠠᠨ ᠯᠠᠪᠯᠠᠵᠤ ᠬᠠᠷᠭᠤᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠪᠤᠰᠤᠳ ᠮᠤᠵᠢ ᠠᠴᠠ ᠢᠷᠡᠭᠦᠯᠦᠭᠰᠡᠨ ᠬᠠᠷᠭᠤᠭᠤᠯᠬᠤ ᠭᠤᠶᠤᠴᠢᠯᠠᠯ ᠢ ᠴᠠᠭ ᠲᠤᠬᠠᠢ ᠳᠤ ᠨᠢ ᠭᠦᠢᠴᠡᠳᠬᠡᠨ᠎ᠡ᠃ | ︵ᠭᠤᠷᠪᠠ︶ ᠣᠷᠣᠯᠭ᠎ᠠ ᠪᠠᠭᠠᠲᠠᠢ ᠬᠦᠮᠦᠰ ᠤᠨ ᠬᠥᠳᠡᠯᠦᠩᠭᠦᠢ ᠪᠠᠶᠢᠳᠠᠯ ᠢ ᠬᠢᠨᠠᠬᠤ ᠪᠠ ᠱᠠᠲᠤ ᠲᠥᠷᠥᠯ | ᠬᠤᠪᠢᠶᠠᠨ ᠲᠤᠰᠠᠯᠠᠵᠤ ᠲᠡᠳᠬᠦᠬᠦ ᠲᠣᠭᠲᠠᠴᠠ ᠶᠢ ᠪᠦᠷᠢᠨᠰᠢᠭᠦᠯᠦᠨ᠎ᠡ᠃ ᠪᠦᠬᠦ ᠤᠯᠤᠰ ᠤᠨ ᠣᠷᠣᠯᠭ᠎ᠠ ᠪᠠᠭᠠᠲᠠᠢ | ᠬᠥᠮᠥᠨ ᠠᠮᠠ ᠶᠢᠨ ᠬᠥᠳᠡᠯᠦᠩᠭᠦᠢ ᠪᠠᠶᠢᠳᠠᠯ ᠢ ᠬᠢᠨᠠᠬᠤ ᠮᠡᠳᠡᠭᠡ ᠵᠠᠩᠭᠢ ᠶᠢᠨ ᠲᠠᠪᠴᠠᠩ ᠤᠨ ᠬᠡᠷᠡᠭᠯᠡᠯᠲᠡ ᠶᠢ | ᠥᠷᠭᠡᠳᠬᠡᠵᠦ᠂ ᠣᠷᠣᠯᠭ᠎ᠠ ᠪᠠᠭᠠᠲᠠᠢ ᠬᠦᠮᠦᠰ ᠤᠨ ᠤᠷᠢᠳᠴᠢᠯᠠᠨ ᠰᠡᠷᠡᠮᠵᠢᠯᠡᠭᠦᠯᠬᠦ ᠭᠦᠢᠴᠡᠳᠬᠡᠬᠦ ᠲᠤᠭ᠎ᠠ ᠶᠢ | ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢ ᠰᠣᠯᠪᠢᠴᠠᠭᠤᠯᠤᠨ ᠬᠠᠷᠢᠴᠠᠭᠤᠯᠬᠤ᠂ ᠬᠤᠯᠪᠣᠭᠳᠠᠭᠤᠯᠤᠨ ᠵᠠᠳᠠᠯᠬᠤ ᠪᠠ | ᠶᠡᠷᠦᠩᠬᠡᠶᠢᠯᠡᠨ ᠦᠨᠡᠯᠡᠬᠦ ᠪᠠᠷ ᠳᠠᠮᠵᠢᠭᠤᠯᠤᠨ᠂ ᠲᠦᠭᠰᠢᠭᠦᠷᠢ ᠲᠠᠢ ᠪᠠᠶᠢᠭ᠎ᠠ ᠣᠷᠣᠯᠭ᠎ᠠ ᠪᠠᠭᠠᠲᠠᠢ ᠬᠥᠮᠥᠨ ᠠᠮᠠ ᠶᠢ | ᠰᠢᠭᠰᠢᠨ ᠪᠠᠶᠢᠴᠠᠭᠠᠵᠤ᠂ ᠴᠠᠭ ᠲᠤᠬᠠᠢ ᠳᠤ ᠨᠢ ᠪᠠᠶᠢᠴᠠᠭᠠᠨ ᠰᠤᠷᠪᠤᠯᠵᠢᠯᠠᠵᠤ ᠬᠢᠨᠠᠨ ᠬᠠᠷᠭᠤᠭᠤᠯᠵᠤ᠂ᠲᠤᠰᠠᠯᠠᠵᠤ | ᠲᠡᠳᠬᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠯᠦᠭᠡ ᠶᠢᠨ ᠮᠡᠳᠡᠭᠡ | ᠵᠠᠩᠭᠢ ᠶᠢ ᠬᠠᠮᠳᠤ ᠪᠠᠷ ᠡᠳ᠋ᠯᠡᠬᠦ ᠶᠢ ᠴᠢᠩᠭᠠᠳᠬᠠᠵᠤ᠂ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ | ᠪᠠᠶᠢᠳᠠᠯ ᠤᠨ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠲᠠᠪᠴᠠᠩ ᠬᠢᠭᠡᠳ ᠳᠠᠬᠢᠨ ᠶᠠᠳᠠᠭᠤᠷᠠᠬᠤ ᠶᠢ ᠰᠡᠷᠭᠡᠶᠢᠯᠡᠬᠦ | ᠬᠥᠳᠡᠯᠦᠩᠭᠦᠢ ᠪᠠᠶᠢᠳᠠᠯ ᠤᠨ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢ ᠵᠣᠯᠭᠠᠭᠤᠯᠬᠤ ᠲᠣᠭᠲᠠᠴᠠ ᠶᠢ | ᠪᠦᠷᠢᠨᠰᠢᠭᠦᠯᠵᠦ᠂ ᠲᠤᠭ᠎ᠠ ᠪᠠᠷᠢᠮᠲᠠ ᠶᠢ ᠤᠯᠠᠷᠢᠯ ᠪᠦᠷᠢ ᠪᠤᠶᠤ ᠬᠠᠭᠠᠰ ᠵᠢᠯ ᠳᠤ ᠨᠢᠭᠡ ᠤᠳᠠᠭ᠎ᠠ ᠬᠠᠷᠢᠴᠠᠭᠤᠯᠤᠨ | ᠰᠢᠭᠰᠢᠨ ᠪᠠᠶᠢᠴᠠᠭᠠᠵᠤ᠂ ᠨᠡᠶᠢᠭᠡᠮ ᠤᠨ ᠲᠤᠰᠠᠯᠠᠮᠵᠢ ᠶᠢᠨ ᠬᠡᠪᠴᠢᠶᠡᠨ ᠳᠤ ᠣᠷᠣᠭᠤᠯᠤᠭᠠᠳᠤᠢ ᠳᠠᠬᠢᠨ ᠶᠠᠳᠠᠭᠤᠷᠠᠬᠤ | ᠪᠤᠯᠤᠮᠵᠢ ᠲᠠᠢ ᠬᠦᠮᠦᠰ ᠤᠨ ᠪᠠᠶᠢᠳᠠᠯ ᠢ ᠬᠥᠳᠡᠯᠦᠩᠭᠦᠢ ᠪᠠᠷ ᠡᠵᠡᠮᠰᠢᠨ᠎ᠡ᠃ ᠬᠦᠨᠳᠦ ᠡᠪᠡᠳᠴᠢᠨ᠂ ᠵᠡᠮᠳᠡᠭ᠂ | ᠰᠤᠷᠭᠠᠭᠤᠯᠢ ᠳᠤ ᠣᠷᠣᠬᠤ᠂ ᠠᠵᠢᠯ ᠠᠯᠳᠠᠬᠤ ᠵᠡᠷᠭᠡ ᠪᠠᠶᠢᠳᠠᠯ ᠳᠤ ᠴᠢᠭᠯᠡᠭᠦᠯᠦᠨ ᠤᠷᠢᠳᠴᠢᠯᠠᠨ ᠰᠡᠷᠡᠮᠵᠢᠯᠡᠭᠦᠯᠬᠦ | ᠭᠦᠢᠴᠡᠳᠬᠡᠯ ᠲᠤᠭ᠎ᠠ ᠲᠣᠭᠲᠠᠭᠠᠵᠤ᠂ ᠬᠥᠳᠡᠯᠮᠦᠷᠢᠯᠡᠬᠦ ᠴᠢᠳᠠᠪᠤᠷᠢ ᠪᠠᠨ ᠪᠦᠬᠦᠨ ᠢᠶᠠᠷ ᠨᠢ ᠪᠤᠶᠤ ᠬᠡᠰᠡᠭ ᠠᠯᠳᠠᠭᠰᠠᠨ | ᠣᠷᠣᠯᠭ᠎ᠠ ᠪᠠᠭᠠᠲᠠᠢ ᠬᠦᠮᠦᠰ᠂ ᠢᠯᠠᠩᠭᠤᠶ᠎ᠠ ᠡᠪᠡᠳᠴᠢᠨ ᠪᠤᠶᠤ ᠵᠡᠮᠳᠡᠭ᠂ ᠡᠰᠡᠪᠡᠯ ᠰᠠᠨᠠᠭᠠᠨ ᠳᠤ ᠦᠭᠡᠢ ᠡ᠊ᠨᠳᠡᠯ | ᠠᠴᠠ ᠪᠣᠯᠵᠤ ᠵᠠᠷᠤᠯᠭ᠎ᠠ ᠶᠢᠨ ᠳᠠᠷᠤᠭᠠᠰᠤ ᠨᠡᠯᠢᠶᠡᠳ ᠶᠡᠭᠡ᠂ ᠣᠷᠣᠯᠭ᠎ᠠ ᠶᠢ ᠨᠡᠮᠡᠭᠳᠡᠭᠦᠯᠬᠦ ᠳᠠᠷᠤᠯᠲᠠ ᠶᠡᠭᠡ᠂ ᠲᠠᠬᠢᠨ | ᠶᠠᠳᠠᠭᠤᠷᠠᠬᠤ ᠲᠦᠭᠰᠢᠭᠦᠷᠢ ᠶᠡᠬᠡᠲᠡᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠠᠭᠠᠨ᠎ᠠ ᠴᠠᠭᠠᠨ᠎ᠠ ᠪᠠᠶᠢᠭ᠎ᠠ ᠬᠦᠮᠦᠰ᠂ | ᠵᠠᠷᠤᠯᠭ᠎ᠠ ᠶᠡᠭᠡ ᠠᠴᠠ ᠪᠤᠯᠵᠤ ᠬᠦᠴᠢᠷᠳᠡᠯᠳᠡᠢ ᠪᠠᠶᠢᠭ᠎ᠠ ᠬᠦᠮᠦᠰ᠂ ᠬᠦᠨᠳᠦ ᠡᠪᠡᠳᠴᠢᠨ ᠲᠠᠢ ᠨᠤᠴᠢᠳᠠᠢ ᠵᠡᠮᠳᠡᠭ | ᠬᠥᠮᠥᠰ ᠵᠡᠷᠭᠡ ᠶᠢ ᠨᠢᠭᠲᠠ ᠠᠩᠬᠠᠷᠴᠤ᠂ ᠨᠥᠬᠦᠴᠡᠯ ᠳᠤ ᠨᠡᠶᠢᠴᠡᠭᠰᠡᠨ ᠢ ᠨᠢ ᠨᠡᠶᠢᠭᠡᠮ ᠤᠨ ᠲᠤᠰᠠᠯᠠᠮᠵᠢ ᠶᠢᠨ | ᠬᠡᠪᠴᠢᠶᠡᠨ ᠳᠤ ᠴᠠᠭ ᠲᠤᠬᠠᠢ ᠳᠤ ᠨᠢ ᠣᠷᠣᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠤᠨ ᠬᠢᠨ ᠲᠤᠰᠠᠯᠠᠮᠵᠢ ᠬᠦᠷᠳᠡᠭᠰᠡᠳ ᠤᠨ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠬᠤ ᠶᠢᠨ | ᠬᠠᠮᠲᠤ᠂ ᠬᠦᠴᠢᠷᠳᠡᠯᠲᠡᠢ ᠣᠯᠠᠨ ᠲᠦᠮᠡᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠲᠤᠰᠠᠯᠠᠮᠵᠢ | ᠭᠤᠶᠤᠴᠢᠯᠠᠭᠰᠠᠨ ᠮᠡᠳᠡᠭᠡ ᠵᠠᠩᠭᠢ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠬᠦᠷᠭᠡᠵᠦ᠂ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠪᠤᠰᠤᠳ ᠲᠤᠰᠬᠠᠢ | ᠲᠥᠷᠥᠯ ᠤᠨ ᠨᠡᠶᠢᠭᠡᠮ ᠤᠨ ᠲᠤᠰᠠᠯᠠᠮᠵᠢ ᠶᠢ ᠬᠠᠩᠭᠠᠵᠤ᠂ ᠲᠤᠰᠠᠯᠠᠮᠵᠢ ᠶᠢᠨ ᠬᠠᠮ ᠬᠦᠴᠦᠨ ᠢ ᠪᠣᠶ ᠪᠣᠯᠭᠠᠬᠤ | ᠬᠡᠷᠡᠭᠲᠡᠢ᠃ | | | ᠳᠥᠷᠪᠡ᠂ ᠭᠦᠢᠴᠡᠳᠬᠡᠬᠦ ᠶᠠᠪᠤᠴᠨ ᠶᠢ ᠰᠢᠯᠢᠳᠡᠭᠵᠢᠭᠦᠯᠦᠨ ᠵᠢᠷᠤᠮᠵᠢᠭᠤᠯᠤᠨ᠎ᠠ | | ︵ᠨᠢᠭᠡ︶ ᠭᠦᠢᠴᠡᠳᠬᠡᠬᠦ ᠬᠤᠭᠤᠴᠠᠭ᠎ᠠ ᠶᠢ ᠲᠣᠳᠣᠷᠬᠠᠶᠢᠯᠠᠨ᠎ᠠ᠃ ᠡᠯ᠎ᠡ ᠭᠠᠵᠠᠷ ᠤᠨ ᠬᠢᠨ ᠨᠠᠭᠠᠲᠤ ᠵᠠᠬ᠎ᠠ ᠶᠢᠨ | ᠪᠠᠳᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠶᠢ ᠰᠢᠢᠳᠪᠦᠷᠢᠯᠡᠬᠦ ᠬᠤᠭᠤᠴᠠᠭ᠎ᠠ ᠶᠢ ᠲᠣᠳᠣᠷᠬᠠᠢ ᠲᠣᠭᠲᠠᠭᠠᠬᠤ | ᠬᠡᠷᠡᠭᠲᠡᠢ᠂ ᠡᠭᠦᠨ ᠳᠤ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠪᠠᠶᠢᠴᠠᠭᠠᠯᠲᠠ ᠶᠢ ᠡᠬᠢᠯᠡᠭᠦᠯᠬᠦ᠂ ᠮᠡᠳᠡᠭᠡ | ᠵᠠᠩᠭᠢ ᠶᠢ ᠬᠠᠷᠭᠤᠭᠤᠯᠬᠤ ᠠᠵᠢᠯ ᠢ ᠡᠬᠢᠯᠡᠭᠦᠯᠬᠦ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠴᠠ ᠠᠩᠬ᠎ᠠ ᠬᠢᠨᠠᠭᠰᠠᠨ ᠰᠠᠨᠠᠯ ᠳᠤᠷᠠᠳᠬᠤ᠂ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠢᠨᠠᠨ ᠬᠠᠷᠭᠤᠭᠤᠯᠵᠤ | ᠨᠤᠲᠠᠯᠠᠬᠤ ᠵᠡᠷᠭᠡ ᠡᠯ᠎ᠡ ᠵᠠᠩᠭᠢᠯᠠᠭ᠎ᠠ ᠶᠢᠨ ᠪᠣᠳᠠᠲᠠᠢ ᠰᠢᠢᠳᠪᠦᠷᠢᠯᠡᠬᠦ ᠬᠤᠭᠤᠴᠠᠭ᠎ᠠ ᠶᠢ ᠪᠠᠭᠲᠠᠭᠠᠨ᠎ᠠ᠃ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠠᠵᠢᠯ ᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ | ᠡᠳᠦᠷ ᠠᠴᠠ ᠡᠬᠢᠯᠡᠨ 30 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ ᠬᠡᠷᠡᠭᠲᠡᠢ᠃ ᠬᠢᠨᠠᠨ ᠬᠠᠷᠭᠤᠭᠤᠯᠵᠤ | ᠨᠤᠲᠠᠯᠠᠬᠤ ᠡᠷᠬᠡ ᠶᠢᠨ ᠬᠡᠪᠴᠢᠶ᠎ᠡ ᠶᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠪᠠᠭᠤᠯᠭᠠᠪᠠᠯ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ | ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ ᠬᠡᠷᠡᠭᠲᠡᠢ᠃ ᠵᠠᠷᠯᠠᠨ ᠨᠡᠶᠢᠲᠡᠯᠡᠬᠦ ᠳᠤ | ᠣᠨᠳᠣᠣ ᠰᠠᠨᠠᠯ ᠲᠠᠢ᠂ ᠬᠥᠮᠥᠨ ᠡᠷᠦᠬᠡ ᠰᠠᠯᠤᠩᠭᠢ᠂ ᠣᠨᠳᠣᠣ ᠭᠠᠵᠠᠷ ᠲᠤ ᠭᠤᠶᠤᠴᠢᠯᠠᠨ ᠭᠦᠢᠴᠡᠳᠬᠡᠬᠦ ᠪᠤᠶᠤ ᠭᠡᠷ | ᠪᠦᠯᠢ ᠶᠢᠨ ᠠᠵᠤ ᠠᠬᠤᠢ ᠶᠢᠨ ᠪᠠᠶᠢᠳᠠᠯ ᠢ ᠪᠠᠶᠢᠴᠠᠭᠠᠬᠤ ᠳᠤ ᠨᠡᠯᠢᠶᠡᠳ ᠬᠦᠴᠢᠷᠲᠡᠢ ᠵᠡᠷᠭᠡ ᠤᠨᠴᠠᠭᠠᠢ ᠪᠠᠶᠢᠳᠠᠯ | ᠭᠠᠷᠪᠠᠯ 45 ᠠᠵᠢᠯᠯᠠᠬᠤ ᠡᠳᠦᠷ ᠪᠣᠯᠲᠠᠯ᠎ᠠ ᠤᠷᠲᠤᠳᠬᠠᠵᠤ ᠪᠣᠯᠣᠨ᠎ᠠ᠃ | ︵ᠬᠤᠶᠠᠷ︶ ᠢᠯᠡᠵᠢᠬᠦᠯᠬᠦ ᠳᠦᠷᠢᠮ ᠢ ᠨᠠᠶᠢᠳᠠᠪᠤᠷᠢᠵᠢᠭᠤᠯᠤᠨ᠎ᠠ᠃ ᠰᠢᠶᠠᠩ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠪᠠᠶᠢᠴᠠᠭᠠᠵᠤ ᠬᠢᠨᠠᠨ | ᠬᠠᠷᠭᠤᠭᠤᠯᠬᠤ ᠪᠠᠷ ᠳᠡᠮᠵᠢᠨ ᠳᠤᠷᠠᠳᠤᠭᠰᠠᠨ ᠠᠩᠬᠠᠨ ᠤ ᠬᠢᠨᠠᠯᠲᠠ ᠶᠢᠨ ᠰᠠᠨᠠᠯ ᠢ ᠭᠤᠶᠤᠴᠢᠯᠠᠭᠰᠠᠨ ᠭᠡᠷ ᠪᠦᠯᠢ ᠶᠢᠨ | ᠪᠠᠶᠢᠭ᠎ᠠ ᠲᠣᠰᠬᠤᠨ ︵ᠨᠡᠶᠢᠭᠡᠮ ᠲᠣᠭᠤᠷᠢᠭ︶ ᠳᠤ 7 ᠡᠳᠦᠷ ᠤᠨ ᠬᠤᠭᠤᠴᠠᠭ᠎ᠠ ᠲᠠᠢ ᠪᠠᠷ ᠵᠠᠷᠯᠠᠬᠤ ᠬᠡᠷᠡᠭᠲᠡᠢ᠃ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠵᠤ ᠳᠠᠭᠤᠰᠤᠭᠰᠠᠨ ᠤ ᠳᠠᠷᠠᠭ᠎ᠠ᠂ | ᠭᠤᠶᠤᠴᠢᠯᠠᠭᠴᠢ ᠶᠢᠨ ᠣᠪᠣᠭ ᠨᠡᠷ᠎ᠡ᠂ ᠭᠡᠷ ᠪᠦᠯᠢ ᠶᠢᠨ ᠪᠦᠷᠢᠯᠳᠦᠭᠦᠨ ᠤ ᠲᠤᠭ᠎ᠠ᠂ ᠪᠠᠲᠤᠯᠠᠭ᠎ᠠ ᠶᠢᠨ ᠵᠣᠭᠤᠰ ᠤᠨ | ᠲᠤᠭ᠎ᠠ ᠵᠡᠷᠭᠡ ᠮᠡᠳᠡᠭᠡ ᠵᠠᠩᠭᠢ ᠶᠢ ᠨᠠᠭᠠᠲᠤ ᠵᠠᠬ᠎ᠠ ᠶᠢᠨ ᠪᠠᠲᠤᠯᠠᠭ᠎ᠠ ᠬᠦᠷᠳᠡᠬᠦ ᠭᠡᠷ ᠪᠦᠯᠢ ᠶᠢᠨ ᠪᠠᠶᠢᠭ᠎ᠠ ᠲᠣᠰᠬᠤᠨ ︵ | ᠨᠡᠶᠢᠭᠡᠮ ᠲᠣᠭᠤᠷᠢᠭ︶ ᠳᠤ ᠨᠡᠶᠢᠲᠡᠯᠡᠬᠦ ᠬᠡᠷᠡᠭᠲᠡᠢ᠃ ᠮᠡᠳᠡᠭᠡ ᠵᠠᠩᠭᠢ ᠶᠢ ᠢᠯᠡᠵᠢᠬᠦᠯᠬᠦ ᠳᠤ ᠬᠤᠪᠢ ᠬᠥᠮᠥᠨ ᠤ | ᠨᠢᠭᠤᠴᠠ ᠶᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠂ ᠬᠠᠮᠢᠶ᠎ᠠ ᠦᠭᠡᠢ ᠮᠡᠳᠡᠭᠡ ᠵᠠᠩᠭᠢ ᠶᠢ ᠢᠯᠡᠵᠢᠬᠦᠯᠵᠤ ᠪᠣᠯᠬᠤ | ᠦᠭᠡᠢ᠃ | ︵ᠭᠤᠷᠪᠠ︶ ᠡᠷᠦᠬᠡ ᠠᠮᠠ ᠶᠢᠨ ᠲᠠᠩᠰᠨ ᠨᠢ ᠲᠤᠰ ᠭᠠᠵᠠᠷ ᠤᠨ ᠪᠤᠰᠤ ᠬᠥᠮᠥᠰ ᠢ ᠲᠤᠰᠠᠯᠠᠮᠵᠢ ᠭᠤᠶᠤᠴᠢᠯᠠᠬᠤ | ᠲᠠᠰ ᠳᠠᠷᠠᠭᠠᠯᠠᠯ ᠢ ᠰᠢᠯᠢᠳᠡᠭᠵᠢᠭᠦᠯᠦᠨ᠎ᠡ᠃ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠡᠷᠦᠬᠡ | ᠠᠮᠠ ᠶᠢᠨ ᠳᠠᠩᠰᠠ ᠪᠠᠶᠢᠭ᠎ᠠ ᠭᠠᠵᠠᠷ ᠨᠢ ᠨᠢᠬᠡ ᠯᠨ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ︶ ᠳᠤ ᠪᠠᠶᠢᠬᠤ ᠦᠭᠡᠢ ᠪᠣᠯ ᠬᠡᠨ ᠨᠢᠬᠡᠨ ᠤ ᠬᠢ ᠨᠢ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠪᠤᠶᠤ | ᠪᠠᠶᠢᠩᠭᠤ ᠰᠠᠭᠤᠭ᠎ᠠ ᠭᠠᠵᠠᠷ ᠠᠴᠠ ᠪᠠᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠤᠶᠤᠴᠢᠯᠠᠬᠤ ᠪᠤᠶᠤ | ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠠᠭᠠᠨ᠎ᠠ ᠴᠠᠭᠠᠨ᠎ᠠ ᠪᠠᠶᠢᠭ᠎ᠠ ᠭᠡᠷ ᠪᠦᠯᠢ ᠮᠠᠭᠠᠳᠯᠠᠨ | ᠲᠣᠭᠲᠠᠭᠠᠯᠭᠠᠬᠤ ᠭᠤᠶᠤᠴᠢᠯᠠᠯ ᠭᠠᠷᠭᠠᠵᠤ ᠪᠣᠯᠣᠨ᠎ᠠ᠃ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ | ᠪᠦᠷᠢᠯᠳᠦᠭᠦᠨ ᠤ ᠡᠷᠦᠬᠡ ᠠᠮᠠ ᠶᠢᠨ ᠲᠠᠩᠰᠠ ᠨᠢ ᠪᠠᠶᠢᠩᠭᠤ ᠰᠠᠭᠤᠭ᠎ᠠ ᠭᠠᠵᠠᠷ ᠲᠠᠢ ᠨᠢ ᠠᠳᠠᠯᠢ ᠦᠭᠡᠢ ᠪᠤᠯ ᠭᠡᠷ | ᠪᠦᠯᠢ ᠵᠢᠨᠠᠯᠢ ᠨᠢᠭᠡᠨ ᠪᠦᠷᠢᠯᠳᠦᠭᠦᠨ ᠤ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠲᠤ ᠪᠠᠨ ᠭᠤᠶᠤᠴᠢᠯᠠᠯ | ᠭᠠᠷᠭᠠᠵᠤ ᠪᠣᠯᠣᠨ᠎ᠠ᠃ ᠨᠥᠬᠦᠴᠡᠯ ᠲᠠᠢ ᠭᠠᠵᠠᠷ ᠣᠷᠣᠨ ᠨᠢ ᠣᠷᠣᠰᠢᠨ ᠰᠠᠭᠤᠬᠤ ᠦᠨᠡᠮᠯᠡᠯ ᠲᠠᠢ ᠬᠥᠮᠥᠰ ᠣᠷᠣᠰᠢᠨ | ᠰᠠᠭᠤᠵᠤ ᠪᠠᠶᠢᠭ᠎ᠠ ᠭᠠᠵᠠᠷ ᠠᠴᠠ ᠪᠠᠨ ᠨᠠᠭᠠᠲᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠪᠤᠶᠤ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠨᠠᠭᠠᠨ᠎ᠠ ᠴᠠᠭᠠᠨ᠎ᠠ ᠪᠠᠶᠢᠭ᠎ᠠ ᠭᠡᠷ ᠪᠦᠯᠢ ᠪᠠᠷ ᠦᠨᠡᠯᠡᠬᠦᠯᠬᠦ ᠶᠢ ᠭᠤᠶᠤᠴᠢᠯᠠᠬᠤ ᠠᠵᠢᠯ ᠢ ᠡᠮᠬᠢ | ᠵᠢᠷᠤᠮ ᠲᠠᠢ ᠠᠬᠢᠭᠤᠯᠵᠤ ᠪᠣᠯᠣᠨ᠎ᠠ᠃ ᠲᠦᠷ ᠴᠠᠭ ᠤᠨ ᠲᠤᠰᠠᠯᠠᠮᠵᠢ ᠶᠢᠨ ᠳᠦᠷᠢᠮ ᠢ ᠲᠡᠭᠦᠯᠳᠡᠷᠵᠢᠭᠦᠯᠵᠦ᠂ ᠪᠠᠴᠢᠮ | ᠪᠠᠶᠢᠳᠠᠯ ᠪᠠ ᠬᠦᠴᠢᠷᠳᠡᠯ ᠭᠠᠷᠤᠭᠰᠠᠨ ᠭᠠᠵᠠᠷ ᠠᠴᠠ ᠨᠢ ᠰᠢᠭᠤᠳ ᠲᠤᠰᠠᠯᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ | ᠂ ᠲᠦᠷ ᠴᠠᠭ ᠤᠨ ᠬᠦᠴᠢᠷᠳᠡᠯ ᠳᠤ ᠲᠤᠯᠭᠠᠷᠠᠭᠰᠠᠨ ᠤᠯᠠᠨ ᠲᠦᠮᠡᠨ ᠤ ᠪᠠᠴᠢᠮ ᠪᠠᠶᠢᠳᠠᠯ ᠠᠴᠠ ᠰᠠᠯᠭᠠᠵᠤ᠂ | ᠬᠦᠴᠢᠷᠳᠡᠯ ᠢ ᠨᠢ ᠰᠢᠢᠳᠪᠦᠷᠢᠯᠡᠵᠦ ᠥᠭᠭᠦᠨ᠎ᠡ᠃ | | ᠲᠠᠪᠤ᠂ ᠪᠠᠲᠤᠯᠠᠭ᠎ᠠ ᠶᠢᠨ ᠠᠷᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ | | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠱᠠᠲᠤᠨ ᠤ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠤᠨ ᠬᠢᠨ ᠨᠡᠶᠢᠭᠡᠮ ᠤᠨ ᠲᠤᠰᠠᠯᠠᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ | ᠲᠦᠷᠦᠭᠦᠯᠡᠨ ᠨᠢᠭᠡᠳᠦᠯᠲᠡᠢ ᠲᠥᠯᠥᠪᠯᠡᠬᠦ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠠᠮ ᠤᠨ | ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠬᠠᠷᠢᠭᠤᠴᠠᠭᠰᠠᠨ᠂ ᠠᠷᠠᠳ ᠤᠨ ᠶᠠᠪᠤᠳᠠᠯ ᠤᠨ ᠬᠢᠨ | ᠲᠦᠷᠦᠭᠦᠯᠡᠭᠦᠯᠦᠭᠰᠡᠨ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂ ᠨᠡᠶᠢᠭᠡᠮ ᠢᠶᠠᠷ ᠢᠶᠠᠨ ᠣᠷᠣᠯᠴᠠᠭᠰᠠᠨ ᠨᠡᠶᠢᠭᠡᠮ ᠤᠨ | ᠲᠤᠰᠠᠯᠠᠮᠵᠢ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠵᠡᠷᠭᠡ ᠨᠡᠶᠢᠭᠡᠮ ᠤᠨ ᠲᠤᠰᠠᠯᠠᠮᠵᠢ᠂ ᠦᠨᠳᠦᠰᠦᠨ ᠪᠠᠳᠤᠯᠠᠭ᠎ᠠ ᠶᠢᠨ ᠠᠵᠢᠯ ᠢ ᠤᠯᠠᠮ ᠰᠠᠶᠢᠲᠤᠷ ᠬᠢᠬᠦ ᠶᠢ | ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠱᠠᠯᠠᠪᠳᠠᠨ ᠲᠣᠬᠢᠷᠠᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ | ᠨᠠᠶᠢᠳᠠᠪᠤᠷᠢᠵᠢᠭᠤᠯᠤᠨ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠨᠡᠶᠢᠭᠡᠮ ᠤᠨ ᠲᠤᠰᠠᠯᠠᠮᠵᠢ | ᠬᠦᠷᠳᠡᠵᠤ ᠪᠠᠶᠢᠭ᠎ᠠ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠰᠢᠰᠲ᠋ᠧᠮ ᠢᠶᠠᠷ ᠳᠠᠮᠵᠢᠭᠤᠯᠤᠨ᠂ | ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠬᠥᠮᠥᠨ ᠠᠮᠠ ᠶᠢᠨ ᠪᠠᠶᠢᠳᠠᠯ᠂ ᠣᠷᠣᠯᠭ᠎ᠠ ᠶᠢᠨ | ᠪᠠᠶᠢᠳᠠᠯ ᠪᠣᠯᠣᠨ ᠡᠳ᠋ ᠬᠥᠷᠥᠩᠭᠡ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠵᠤ᠂ | ᠬᠤᠯᠪᠣᠭᠳᠠᠯ ᠪᠦᠬᠦᠢ ᠨᠡᠶᠢᠭᠡᠮ ᠤᠨ ᠲᠤᠰᠠᠯᠠᠮᠵᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ | ᠠᠵᠢᠯ ᠤᠨ ᠰᠠᠭᠤᠷᠢ ᠪᠠᠨ ᠪᠠᠬᠢᠵᠢᠭᠦᠯᠵᠦ᠂ ᠪᠠᠳᠤᠯᠠᠭ᠎ᠠ ᠬᠦᠷᠳᠡᠭᠰᠡᠳ ᠢ ᠦᠨᠡᠯᠡᠬᠦ ᠤᠨᠤᠪᠴᠢ ᠶᠢᠨ ᠬᠡᠮᠵᠢᠶ᠎ᠡ ᠪᠣᠯᠣᠨ | ᠲᠤᠭ᠎ᠠ ᠪᠠᠷᠢᠮᠲᠠ ᠶᠢᠨ ᠪᠦᠷᠢᠳᠬᠡᠯ ᠤᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ | ︵ᠬᠤᠶᠠᠷ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠣᠷᠣᠨ ᠨᠤᠲᠤᠭ ᠤᠨ ᠡᠯ᠎ᠡ ᠱᠠᠲᠤᠨ ᠤ | ᠡᠳ᠋ ᠤᠨ ᠵᠠᠰᠠᠭ ᠨᠢ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠶᠢ ᠴᠢᠬᠤᠯᠠ | ᠪᠠᠶᠢᠷᠢᠨ ᠳᠤ ᠲᠠᠯᠪᠢᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠡᠶᠢᠭᠡᠮ ᠤᠨ | ᠲᠤᠰᠠᠯᠠᠮᠵᠢ ᠶᠢᠨ ᠬᠦᠷᠢᠶ᠎ᠡ ᠴᠠᠷᠠᠭ᠎ᠠ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠠᠵᠢᠯ ᠤᠨ ᠪᠡᠯᠡ ᠮᠥᠩᠭᠦ ᠶᠢᠨ | ᠪᠠᠲᠤᠯᠠᠭ᠎ᠠ ᠶᠢ ᠴᠢᠩᠭᠠᠳᠬᠠᠵᠤ᠂ ᠲᠥᠪ ᠤᠨ ᠡᠳ᠋ ᠤᠨ ᠵᠠᠰᠠᠭ ᠤᠨ ᠬᠦᠴᠢᠷᠳᠡᠯᠲᠡᠢ ᠣᠯᠠᠨ ᠲᠦᠮᠡᠨ ᠢ ᠲᠤᠰᠠᠯᠠᠬᠤ | ᠲᠤᠰᠠᠯᠠᠮᠵᠢ ᠶᠢᠨ ᠪᠡᠯᠡ ᠮᠥᠩᠭᠦ ᠪᠠ ᠣᠷᠣᠨ ᠨᠤᠲᠤᠭ ᠤᠨ ᠡᠯ᠎ᠡ ᠱᠠᠲᠤᠨ ᠤ ᠡᠳ᠋ ᠤᠨ ᠵᠠᠰᠠᠭ ᠤᠨ | ᠲᠣᠬᠢᠷᠠᠭᠤᠯᠤᠭᠰᠠᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ | ᠨᠡᠶᠢᠭᠡᠮ ᠤᠨ ᠲᠤᠰᠠᠯᠠᠮᠵᠢ᠂ ᠦᠨᠳᠦᠰᠦᠨ ᠪᠠᠳᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ | ᠃ | ︵ᠭᠤᠷᠪᠠ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠨᠡᠶᠢᠭᠡᠮ ᠤᠨ | ᠲᠤᠰᠠᠯᠠᠮᠵᠢ᠂ ᠦᠨᠳᠦᠰᠦᠨ ᠪᠠᠳᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠵᠢᠯᠤᠭᠤᠳᠴᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠪᠣᠳᠠᠲᠠᠶᠢᠵᠢᠭᠤᠯᠵᠤ᠂ ᠠᠵᠢᠯ ᠢᠶᠠᠨ ᠵᠢᠷᠤᠮᠵᠢᠯ ᠲᠠᠢ ᠡᠮᠬᠢ ᠵᠢᠷᠤᠮ ᠲᠠᠢ ᠠᠬᠢᠭᠤᠯᠵᠤ᠂ ᠬᠦᠴᠢᠷᠳᠡᠯᠲᠡᠢ ᠣᠯᠠᠨ | ᠲᠦᠮᠡᠨ ᠢ ᠲᠤᠰᠠᠯᠠᠬᠤ ᠪᠡᠯᠡ ᠮᠥᠩᠭᠦ ᠶᠢ ᠦᠨᠡᠨ ᠬᠦ ᠰᠠᠶᠢᠲᠤᠷ ᠬᠠᠮᠢᠶᠠᠷᠤᠨ ᠬᠡᠷᠡᠭᠯᠡᠵᠦ᠂ ᠪᠡᠯᠡ ᠮᠥᠩᠭᠦ ᠶᠢ ᠡᠵᠡᠷᠬᠡᠬᠦ | ᠂ ᠨᠡᠭᠦᠯᠭᠡᠨ ᠬᠡᠷᠡᠭᠯᠡᠬᠦ᠂ ᠳᠤᠮᠳᠠ ᠠᠴᠠ ᠨᠢ ᠦᠯᠡᠳᠡᠭᠡᠬᠦ ᠪᠤᠶᠤ ᠬᠡᠷᠡᠭᠯᠡᠬᠦ ᠬᠡᠪᠴᠢᠶ᠎ᠡ ᠶᠢ ᠥᠷᠭᠡᠳᠬᠡᠵᠦ ᠪᠣᠯᠬᠤ ᠦᠭᠡᠢ | ᠃ ᠬᠦᠴᠢᠷᠳᠡᠯᠲᠡᠢ ᠣᠯᠠᠨ ᠲᠦᠮᠡᠨ ᠢ ᠲᠤᠰᠠᠯᠠᠬᠤ ᠪᠡᠯᠡ ᠮᠥᠩᠭᠦ ᠶᠢ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ᠂ | ᠨᠡᠶᠢᠭᠡᠮ ᠤᠨ ᠲᠤᠰᠠᠯᠠᠮᠵᠢ ᠶᠢᠨ ᠶᠡᠷᠦᠩᠬᠡᠶᠢᠯᠡᠨ ᠵᠠᠰᠠᠬᠤ ᠵᠡᠷᠭᠡ ᠠᠵᠢᠯ ᠤᠨ ᠲᠣᠬᠢᠷᠠᠭᠤᠯᠤᠯᠲᠠ ᠲᠠᠢ ᠤᠶᠠᠯᠳᠤᠭᠤᠯᠤᠨ᠂ | ᠨᠡᠶᠢᠭᠡᠮ ᠤᠨ ᠲᠤᠰᠯᠠᠮᠵᠢ ᠶᠢᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ | ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ | ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠵᠣᠷᠢᠭᠵᠢᠭᠤᠯᠵᠤ᠂ | ᠦᠨᠳᠦᠰᠦᠨ ᠱᠠᠲᠤᠨ ᠤ ᠨᠡᠶᠢᠭᠡᠮ ᠤᠨ ᠲᠤᠰᠠᠯᠠᠮᠵᠢ ᠶᠢᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠭᠠᠷᠭᠠᠬᠤ ᠶᠢ ᠵᠣᠷᠢᠭᠵᠢᠭᠤᠯᠤᠨ᠎ᠠ᠃ | ︵ᠳᠥᠷᠪᠡ︶ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠨᠢ ᠵᠠᠰᠠᠭ ᠤᠨ ᠣᠷᠳᠣᠨ ᠤ | ᠨᠡᠶᠢᠬᠡᠮ ᠤᠨ ᠲᠤᠰᠠᠯᠠᠮᠵᠢ ᠶᠢᠨ ᠦᠢᠯᠡᠴᠢᠯᠡᠭᠡ ᠶᠢ ᠬᠤᠳᠠᠯᠳᠤᠨ ᠠᠪᠴᠤ ᠦᠭᠭᠦ ᠠᠵᠢᠯ ᠢ ᠴᠢᠩᠭᠠᠳᠬᠠᠵᠤ᠂ | ᠨᠡᠶᠢᠭᠡᠮ ᠤᠨ ᠲᠤᠰᠠᠯᠠᠮᠵᠢ ᠶᠢᠨ ᠲᠤᠰᠬᠠᠶᠢᠵᠢᠭᠰᠠᠨ ᠲᠦᠪᠰᠢᠨ ᠢ ᠳᠡᠭᠡᠭᠰᠢᠯᠡᠭᠦᠯᠦᠨ᠂ ᠨᠡᠶᠢᠭᠡᠮ ᠤᠨ ᠠᠵᠢᠯᠲᠠᠨ᠂ | ᠰᠠᠶᠢᠨ ᠳᠤᠷ᠎ᠠ ᠶᠢᠨ ᠠᠵᠢᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰᠬᠤᠨ ᠤ ᠱᠠᠲᠤᠨ ᠳᠤ | ᠨᠡᠶᠢᠭᠡᠮ ᠤᠨ ᠲᠤᠰᠠᠯᠠᠮᠵᠢ ᠶᠢᠨ ᠲᠤᠰᠠᠯᠠᠭᠴᠢ᠂ ᠬᠦᠴᠢᠷᠳᠡᠯᠲᠡᠢ ᠣᠯᠠᠨ ᠲᠦᠮᠡᠨ ᠨᠡᠯᠢᠶᠡᠳ ᠣᠯᠠᠨ ᠪᠠᠶᠢᠭ᠎ᠠ | ᠲᠣᠰᠬᠤᠨ ︵ᠨᠡᠶᠢᠭᠡᠮ ᠲᠣᠭᠤᠷᠢᠭ︶ ᠳᠤ ᠨᠡᠶᠢᠭᠡᠮ ᠤᠨ ᠲᠤᠰᠠᠯᠠᠮᠵᠢ ᠶᠢᠨ ᠦᠢᠯᠡᠴᠢᠯᠡᠭᠡᠨ ᠤ ᠥᠷᠲᠡᠭᠡ ︵ᠴᠡᠭ︶ ᠶᠢ | ᠪᠥᠬᠦ ᠲᠠᠯ᠎ᠠ ᠪᠠᠷ ᠪᠠᠶᠢᠭᠤᠯᠬᠤ ᠬᠡᠷᠡᠭᠲᠡᠢ᠃ ᠨᠡᠶᠢᠭᠡᠮ ᠤᠨ ᠲᠤᠰᠠᠯᠠᠮᠵᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ | ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠬᠢᠬᠦ᠂ ᠲᠤᠰᠬᠠᠢ ᠮᠡᠷᠭᠡᠵᠢᠯᠲᠡᠨ ᠢᠶᠠᠷ ᠬᠢᠴᠢᠶᠡᠯᠯᠡᠬᠦᠯᠬᠦ᠂ ᠬᠡᠷᠡᠭ ᠤᠨ ᠵᠢᠱᠢᠶ᠎ᠡ ᠶᠢᠨ ᠪᠣᠯᠪᠠᠰᠤᠷᠠᠯ ᠬᠢᠬᠦ᠂ ᠲᠤᠷᠰᠢᠯᠭ᠎ᠠ | ᠲᠠᠨᠢᠯᠴᠠᠭᠤᠯᠬᠤ ᠵᠡᠷᠭᠡ ᠠᠷᠭ᠎ᠠ ᠪᠠᠷ ᠨᠡᠶᠢᠭᠡᠮ ᠤᠨ ᠲᠤᠰᠠᠯᠠᠮᠵᠢ ᠶᠢ ᠭᠠᠷᠲᠠᠨ ᠭᠦᠢᠴᠡᠳᠬᠡᠬᠦ ᠦᠢᠯᠡᠴᠢᠯᠡᠭᠡᠨ ᠤ | ᠠᠵᠢᠯᠲᠠᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠪᠠ ᠡᠵᠡᠮᠰᠢᠬᠦ ᠶᠢ ᠴᠢᠩᠭᠠᠷᠠᠭᠤᠯᠤᠨ᠂ ᠦᠢᠯᠡᠴᠢᠯᠡᠭᠡᠨ ᠤ | ᠲᠦᠪᠰᠢᠨ ᠢ ᠳᠡᠭᠡᠭᠰᠢᠯᠡᠭᠦᠯᠦᠨ᠎ᠡ᠃ | ︵ᠲᠠᠪᠤ︶ ᠨᠡᠶᠢᠭᠡᠮ ᠤᠨ ᠲᠤᠰᠠᠯᠠᠮᠵᠢ ᠶᠢᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ | ᠃ ᠨᠡᠶᠢᠭᠡᠮ ᠤᠨ ᠲᠤᠰᠠᠯᠠᠮᠵᠢ ᠶᠢᠨ ᠬᠦᠷᠢᠶ᠎ᠡ ᠴᠠᠷᠠᠭ᠎ᠠ ᠶᠢᠨ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ | ᠨᠡᠶᠢᠭᠡᠮ ᠤᠨ ᠲᠤᠰᠠᠯᠠᠮᠵᠢ ᠬᠦᠷᠳᠡᠭᠰᠡᠳ ᠤᠨ ᠦᠨᠡᠨᠴᠢ ᠢᠲᠡᠭᠡᠮᠵᠢᠲᠡᠢ ᠪᠠᠷ ᠮᠡᠳᠡᠭᠦᠯᠬᠦ ᠶᠢ ᠬᠥᠲᠥᠯᠥᠨ | ᠵᠢᠯᠤᠭᠤᠳᠴᠤ᠂ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠭᠰᠠᠨ ᠪᠤᠶᠤ ᠨᠢᠭᠡᠨᠲᠡ ᠣᠯᠣᠭᠰᠠᠨ | ᠭᠡᠷ ᠪᠦᠯᠢ ᠶᠢᠨ ᠦᠨᠡᠨ ᠮᠥᠨ ᠢᠶᠠᠷ ᠨᠢ ᠮᠡᠳᠡᠭᠦᠯᠬᠦ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠭᠤᠶᠤᠴᠢᠯᠠᠭᠴᠢ ᠨᠢ | ᠲᠣᠭᠲᠠᠭᠠᠯ ᠶᠣᠰᠣᠭᠠᠷ ᠭᠡᠷ ᠪᠦᠯᠢ ᠶᠢᠨ ᠬᠥᠮᠥᠨ ᠠᠮᠠ᠂ ᠣᠷᠣᠯᠭ᠎ᠠ᠂ ᠡᠳ᠋ ᠬᠥᠷᠥᠩᠭᠡ ᠵᠡᠷᠭᠡ ᠶᠢᠨ ᠪᠠᠶᠢᠳᠠᠯ ᠢᠶᠠᠨ | ᠦᠨᠡᠨ ᠪᠣᠳᠠᠲᠠᠢ ᠪᠠᠷ ᠮᠡᠳᠡᠭᠦᠯᠬᠦ ᠬᠡᠷᠡᠭᠲᠡᠢ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ | ᠭᠡᠷ ᠪᠦᠯᠢ ᠶᠢᠨ ᠬᠥᠮᠥᠨ ᠠᠮᠠ᠂ ᠣᠷᠣᠯᠭ᠎ᠠ ᠪᠠ ᠡᠳ᠋ ᠬᠥᠷᠥᠩᠭᠡ ᠶᠢᠨ ᠪᠠᠶᠢᠳᠠᠯ ᠳᠤ ᠨᠢ ᠬᠤᠪᠢᠷᠠᠯᠲᠠ ᠭᠠᠷᠪᠠᠯ ᠭᠡᠷ | ᠪᠦᠯᠢ ᠶᠢᠨ ᠪᠦᠷᠢᠯᠳᠦᠭᠦᠨ ᠨᠢ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ︶ ᠳᠤ ᠴᠠᠭ ᠲᠠᠷᠤᠢ ᠳᠤ ᠨᠢ ᠮᠡᠳᠡᠭᠳᠡᠬᠦ ᠬᠡᠷᠡᠭᠲᠡᠢ᠃ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠬᠥᠮᠥᠨ ᠠᠮᠠ᠂ ᠣᠷᠣᠯᠭ᠎ᠠ ᠪᠠ ᠡᠳ᠋ ᠬᠥᠷᠥᠩᠭᠡ ᠶᠢᠨ ᠪᠠᠶᠢᠳᠠᠯ ᠳᠤ | ᠨᠢ ᠴᠢᠬᠤᠯᠠ ᠶᠡᠭᠡ ᠬᠤᠪᠢᠷᠠᠯᠲᠠ ᠭᠠᠷᠤᠭᠠᠳ 3 ᠰᠠᠷ᠎ᠠ ᠬᠡᠲᠦᠷᠡᠲᠡᠯ᠎ᠡ ᠰᠠᠨᠠᠭᠠᠴᠢᠯᠠᠭ᠎ᠠ ᠠᠴᠠ ᠪᠠᠨ ᠮᠡᠳᠡᠭᠳᠡᠭᠰᠡᠨ | ᠦᠭᠡᠢ ᠪᠠᠶᠢᠪᠠᠯ ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠤᠶᠤ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠴᠠ ᠰᠢᠬᠦᠮᠵᠢᠯᠡᠵᠤ | ᠪᠣᠯᠣᠨ᠎ᠠ᠃ᠨᠥᠬᠦᠴᠡᠯ ᠳᠤ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢ ᠵᠣᠭᠰᠤᠭᠠᠬᠤ ᠬᠡᠷᠡᠭᠲᠡᠢ᠃ ᠬᠤᠳᠠᠯ ᠢᠶᠠᠷ ᠮᠡᠳᠡᠭᠦᠯᠬᠦ᠂ ᠨᠢᠭᠤᠨ ᠳᠠᠷᠤᠬᠤ᠂ ᠬᠠᠭᠤᠷᠮᠠᠭᠯᠠᠨ ᠵᠣᠬᠢᠶᠠᠬᠤ | ᠵᠡᠷᠭᠡ ᠪᠠᠷ ᠨᠠᠭᠠᠲᠤ ᠵᠠᠬ᠎ᠠ ᠶᠢᠨ ᠪᠠᠲᠤᠯᠠᠭ᠎ᠠ ᠶᠢ ᠮᠡᠬᠡᠯᠡᠨ ᠣᠯᠣᠭᠰᠠᠨ ᠪᠠᠶᠢᠪᠠᠯ᠂ ᠨᠠᠭᠠᠲᠤ ᠵᠠᠬ᠎ᠠ ᠶᠢᠨ ᠪᠠᠲᠤᠯᠠᠭ᠎ᠠ ᠶᠢ | ᠵᠣᠭᠰᠤᠭᠠᠬᠤ ᠪᠠᠷ ᠲᠣᠭᠲᠠᠭᠠᠵᠤ᠂ ᠬᠠᠤᠯᠢ ᠪᠤᠰᠤ ᠪᠠᠷ ᠣᠯᠣᠭᠰᠠᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ | ᠵᠠᠷᠯᠢᠭᠳᠠᠨ ᠪᠤᠴᠠᠭᠠᠯᠭᠠᠬᠤ ᠶᠢᠨ ᠬᠠᠮᠲᠤ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ | ᠬᠡᠷᠡᠭᠲᠡᠢ᠃ | | | | | | |