ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠶ᠎ᠠ᠄ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠨᠠᠶᠢᠳᠠᠪᠤᠷᠢᠵᠢᠭᠤᠯᠬᠤ ᠪᠠ ᠤᠬᠠᠭᠤᠯᠭ᠎ᠠ ᠶᠢᠨ ᠠᠵᠢᠯ ᠤᠨ ᠪᠤᠯᠪᠠᠰᠤᠷᠠᠯ ᠢ ᠡᠷᠬᠢ᠊
ᠨᠡᠶᠢᠲᠡᠯᠡᠭᠰᠡᠨ ᠴᠠᠭ᠄
2022/12/13
 ba9c45d98eb3b71bd0b80db03929109.jpg 
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠰᠣᠨᠢᠨ ᠮᠡᠳᠡᠭᠡᠨ ᠤ ᠥᠭᠦᠯᠡᠭᠴᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠬᠤ ᠶᠢᠨ ᠲᠦᠯᠦᠬᠡ 12 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠥᠪᠥᠷ ᠮᠣᠩᠭᠤᠯ ᠤᠨ ᠣᠲᠣ ᠦᠶ᠎ᠡ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠳᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠨᠠᠶᠢᠳᠠᠪᠤᠷᠢᠵᠢᠭᠤᠯᠬᠤ ᠪᠠ ᠤᠬᠠᠭᠤᠯᠭ᠎ᠠ ᠶᠢᠨ ᠠᠵᠢᠯ ᠤᠨ ᠪᠣᠯᠪᠠᠰᠤᠷᠠᠯ ᠢ ᠸᠢᠳᠢᠤ᠋ ᠪᠠᠷ ᠡᠷᠭᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠦᠨᠳᠦᠰᠦᠯᠡᠭᠦᠯᠦᠨ᠂ ᠦᠷ᠎ᠡ ᠵᠢᠮᠢᠰ ᠰᠠᠭᠤᠯᠭᠠᠬᠤ ᠶᠢ ᠠᠬᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠨᠠᠷᠯᠢᠭ ᠬᠥᠭᠵᠢᠯᠲᠡ ᠳᠤ ᠲᠦᠯᠬᠢᠴᠨ ᠪᠤᠯᠪᠠ᠃ ᠪᠥᠬᠦ ᠣᠷᠣᠨ ᠤ 14 ᠠᠶᠢᠮᠠᠭ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠬᠠᠮᠢᠶᠠᠷᠬᠤ ᠰᠠᠯᠠᠭᠠᠨ ᠳᠠᠷᠤᠭ᠎ᠠ ᠪᠠ ᠨᠢᠬᠡ ᠪᠦᠯᠦᠭ ᠠᠵᠢᠯᠲᠠᠨ᠂ ᠪᠥᠬᠦ ᠣᠷᠣᠨ ᠤ ᠴᠢᠨᠠᠷᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ 353 ᠬᠥᠮᠥᠨ ᠪᠣᠯᠪᠠᠰᠤᠷᠠᠯ ᠳᠤ ᠣᠷᠣᠯᠴᠠᠵᠠᠢ᠃   ᠪᠣᠯᠪᠠᠰᠤᠷᠠᠯ ᠲᠡᠬᠡᠷ᠎ᠡ ᠠᠷᠠᠳ ᠤᠨ ᠶᠠᠪᠤᠳᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠶᠠᠮᠤᠨ ᠤ ᠲᠡᠳ᠋ ᠲᠠᠷᠤᠭ᠎ᠠ ᠯᠢᠦ ᠵᠧᠩ ᠤᠨ ᠪᠦᠬᠦ ᠤᠯᠤᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠣᠨᠢᠨ ᠮᠡᠳᠡᠭᠡᠨ ᠤ ᠤᠬᠠᠭᠤᠯᠭ᠎ᠠ ᠶᠢᠨ ᠪᠣᠯᠪᠠᠰᠤᠷᠠᠯ ᠲᠡᠬᠡᠷᠡᠬᠢ ᠶᠠᠷᠢᠶ᠎ᠠ᠂ ᠠᠷᠠᠳ ᠤᠨ ᠶᠠᠪᠤᠳᠠᠯ ᠤᠨ ᠶᠠᠮᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠰᠣᠨᠢᠨ ᠮᠡᠳᠡᠭᠡᠨ ᠤ ᠤᠬᠠᠭᠤᠯᠬᠤ ᠭᠠᠵᠠᠷ ᠤᠨ ᠱᠧᠨ ᠰᠢᠨ ᠬᠤᠸᠠ ᠶᠢᠨ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠲᠡᠮᠡᠴᠡᠯ ᠬᠢᠭᠡᠳ ᠶᠠᠷᠢᠶ᠎ᠠ ᠬᠡᠯᠡᠯᠴᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ︾ ᠲᠤᠬᠠᠢ ᠬᠢᠴᠢᠶᠡᠯ᠂ ᠰᠢᠨᠬᠤᠸᠠ ᠬᠤᠷᠢᠶᠠᠨ ᠤ ᠳᠡᠭᠡᠳᠦ ᠵᠡᠷᠭᠡ ᠶᠢᠨ ᠰᠤᠷᠪᠤᠯᠵᠢᠯᠠᠭᠴᠢ᠂ ᠰᠢᠨᠬᠤᠸᠠ ᠬᠤᠷᠢᠶᠠᠨ ᠤ ᠠᠵᠤ ᠠᠬᠤᠢ ᠶᠢᠨ ᠯᠠᠪᠯᠠᠯᠲᠠ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠯᠢ ᠰᠢᠨ ᠮᠢᠨ ᠤ ︽5G ᠶᠢᠨ ᠳᠠᠮᠵᠢᠭᠤᠯᠭ᠎ᠠ ᠶᠢᠨ ᠴᠠᠭ ᠦᠶ᠎ᠡ ᠳᠤ ᠰᠣᠨᠢᠨ ᠮᠡᠳᠡᠭᠡᠨ ᠤ ᠤᠬᠠᠭᠠᠯᠠᠭ᠎ᠠ ᠶᠢ ᠬᠡᠷᠬᠢᠨ ᠰᠠᠶᠢᠲᠤᠷ ᠬᠢᠬᠦ︾ ᠲᠤᠬᠠᠢ ᠬᠢᠴᠢᠶᠡᠯ ᠢ ᠬᠦᠯᠢᠶᠡᠨ ᠠᠪᠴᠤ ᠦᠵᠡᠪᠡ᠃ ᠪᠣᠯᠪᠠᠰᠤᠷᠠᠯ ᠲᠡᠬᠡᠷ᠎ᠡ ᠴᠢᠬᠤᠯᠠᠴᠢᠯᠠᠬᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠣᠷᠣᠭᠤᠯᠬᠤ ᠶᠢ ᠠᠬᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠡᠯ᠎ᠡ ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠬᠠᠮᠢᠶᠠᠷᠬᠤ ᠪᠠᠶᠢᠭᠤᠯᠭ᠎ᠠ ᠶᠢᠨ ᠡᠷᠬᠡᠪᠰᠢ ᠴᠢᠩᠭ᠎ᠠ ᠠᠳᠬᠤᠵᠤ ᠪᠣᠳᠠᠲᠠᠢ ᠪᠠᠷ ᠠᠳᠬᠤᠬᠤ ᠶᠤᠰᠤᠳᠠᠢ ᠲᠡᠷᠢᠭᠦᠨ ᠴᠢᠬᠤᠯᠠ ᠶᠡᠭᠡ ᠶᠠᠪᠤᠳᠠᠯ ᠮᠥᠨ᠂  ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠡᠷᠬᠡᠪᠰᠢ ᠪᠠᠲᠤ ᠡᠵᠡᠮᠰᠢᠬᠦ ᠬᠡᠷᠡᠭᠲᠡᠢ ᠠᠵᠢᠯ ᠤᠨ ᠭᠤᠣᠯ ᠰᠡᠳᠦᠪ ᠪᠠ ᠭᠤᠣᠯ ᠰᠢᠵᠢᠮ ᠮᠥᠨ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠬᠦᠨᠵᠡᠬᠡᠢ ᠡᠵᠡᠮᠰᠢᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠤᠯᠠᠮ  ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ    ᠪᠣᠯᠪᠠᠰᠤᠷᠠᠯ ᠲᠡᠬᠡᠷ᠎ᠡ ᠱᠠᠭᠠᠷᠳᠠᠬᠰᠠᠨ ᠨᠢ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠶᠡᠷᠦᠩᠬᠡᠢ ᠱᠦᠵᠢ ᠰᠢ ᠶᠢᠨ ᠫᠢᠩ  ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ  ᠲᠤᠭᠤᠰᠢᠯᠠᠭᠤᠯᠬᠤ ᠲᠠᠢ ᠤᠶᠠᠯᠳᠤᠭᠤᠯᠵᠤ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠡᠵᠡᠮᠰᠢᠬᠦ ᠶᠢ ᠬᠦᠴᠦᠯᠡᠨ ᠴᠢᠩᠭᠠᠳᠬᠠᠵᠤ᠂ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠰᠢᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠣᠷᠣᠭᠤᠯᠬᠤ ᠬᠡᠷᠡᠭᠲᠡᠢ᠃ ᠲᠠᠨᠢᠨ ᠮᠡᠳᠡᠬᠦᠢ ᠶᠢᠨ ᠵᠢᠮ᠎ᠡ ᠶᠣᠰᠣ ᠶᠢ ᠰᠠᠶᠢᠲᠤᠷ ᠬᠡᠷᠡᠭᠯᠡᠵᠦ᠂ ᠰᠢᠰᠲ᠋ᠧᠮᠲᠦ ᠰᠡᠳᠬᠢᠬᠦᠢ ᠶᠢ ᠰᠠᠶᠢᠲᠤᠷ ᠪᠠᠷᠢᠮᠲᠠᠯᠠᠵᠤ᠂ ᠭᠤᠣᠯ ᠴᠢᠮᠦᠭᠡ ᠴᠢᠬᠤᠯᠠ ᠠᠭᠤᠯᠭ᠎ᠠ ᠶᠢ ᠡᠵᠡᠮᠳᠡᠬᠦ᠂ ᠰᠦᠪᠡᠭᠴᠢᠯᠡᠨ ᠨᠠᠶᠢᠳᠠᠪᠤᠷᠢᠵᠢᠭᠤᠯᠬᠤ᠂ ᠰᠢᠨᠵᠢᠯᠡᠬᠦ ᠤᠬᠠᠭᠠᠨᠴᠢ ᠠᠷᠭ᠎ᠠ ᠶᠢ ᠡᠵᠡᠮᠰᠢᠬᠦ ᠳᠡᠭᠡᠷ᠎ᠡ ᠭᠤᠣᠯᠳᠠᠯᠭ᠎ᠠ ᠪᠠᠨ ᠲᠠᠯᠪᠢᠵᠤ᠂ ᠪᠦᠬᠦ ᠲᠠᠯ᠎ᠠ ᠪᠠᠷ ᠣᠨᠣᠪᠴᠢᠲᠠᠢ ᠰᠤᠷᠤᠯᠴᠠᠬᠤ᠂ ᠲᠤᠰᠬᠠᠢ ᠰᠡᠳᠦᠪᠲᠦ ᠰᠤᠷᠤᠯᠴᠠᠯᠭ᠎ᠠ ᠶᠢ ᠵᠣᠬᠢᠶᠠᠨ ᠪᠠᠶᠢᠭᠤᠯᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠵᠡᠷᠭᠡ ᠤᠯᠠᠨ ᠠᠷᠭ᠎ᠠ ᠪᠠᠷ ᠦᠨᠡᠨᠴᠢ ᠰᠢᠳᠤᠷᠭᠤ ᠢᠲᠡᠭᠡᠯ ᠪᠢᠰᠢᠷᠡᠯ ᠢ ᠰᠤᠷᠤᠯᠴᠠᠬᠤ᠂ ᠬᠠᠷᠢᠭᠤᠴᠠᠯᠭ᠎ᠠ ᠡᠭᠦᠷᠭᠡᠯᠡᠯ ᠢ ᠰᠤᠷᠤᠯᠴᠠᠬᠤ᠂ ᠡᠷᠡᠯᠬᠡᠭᠯᠡᠨ ᠤᠷᠤᠭᠰᠢᠯᠠᠬᠤ ᠬᠥᠳᠡᠯᠭᠡᠭᠦ ᠬᠦᠴᠦᠨ ᠢ ᠰᠤᠷᠤᠯᠴᠠᠬᠤ ᠬᠡᠷᠡᠭᠲᠡᠢ᠃   ᠪᠣᠯᠪᠠᠰᠤᠷᠠᠯ ᠲᠡᠬᠡᠷ᠎ᠡ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠵᠥᠪ ᠲᠠᠯ᠎ᠠ ᠶᠢᠨ ᠤᠬᠠᠭᠤᠯᠭ᠎ᠠ ᠶᠢ ᠬᠦᠴᠦᠯᠡᠨ ᠴᠢᠩᠭᠠᠳᠬᠠᠵᠤ᠂  ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ ︽ᠰᠢᠨ᠎ᠡ ᠵᠢᠭᠰᠠᠭᠠᠯ ᠤᠨ ᠭᠠᠵᠠᠷ︾ ᠢ ᠰᠠᠶᠢᠲᠤᠷ ᠰᠠᠬᠢᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠪᠣᠯ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠨᠠᠮ ᠤᠨ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠵᠢᠯᠤᠭᠤᠳᠬᠤ ᠦᠵᠡᠯ ᠰᠠᠨᠠᠭ᠎ᠠ ᠪᠣᠯᠬᠤ ᠶᠢ ᠤᠬᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠭᠰᠡᠨ ᠦᠢᠯᠡᠳᠦᠯᠭᠡ ᠶᠢᠨ ᠦᠷ᠎ᠡ ᠪᠦᠲᠦᠭᠡᠯ ᠢ ᠤᠬᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ ᠬᠢ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠬᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ ᠬᠢ ᠲᠡᠷᠢᠭᠦᠨ ᠤ ᠨᠡᠶᠢᠲᠡᠯᠢᠭ ᠵᠢᠱᠢᠶ᠎ᠡ᠂ ᠲᠡᠷᠢᠭᠦᠨ ᠤ ᠬᠥᠮᠥᠨ ᠪᠠ ᠴᠠᠭ ᠦᠶ᠎ᠡ ᠶᠢᠨ ᠴᠤᠭ ᠵᠢᠪᠬᠤᠭ᠎ᠠ ᠶᠢ ᠤᠬᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠯᠠᠮ ᠴᠢᠨᠠᠭᠰᠢᠳᠠ  ᠪᠠᠷᠢᠮᠳᠠᠯᠠᠬᠤ ᠬᠡᠷᠡᠭᠲᠡᠢ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号