ᠳ᠋ᠤᠸᠠᠨ ᠬᠤᠢ ᠯᠢᠨ᠂ ᠷᠧᠨ ᠯᠢᠩ ᠴᠢ ᠰᠤᠷᠪᠤᠯᠵᠢᠯᠠᠪᠠ | ᠭᠠᠷᠠᠭ ᠤᠨ ᠲᠠᠪᠤᠨ ᠤ ᠤᠷᠤᠢ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ | ᠡᠮᠡᠭᠲᠡᠶᠢᠴᠦᠳ ᠤᠨ ᠬᠤᠯᠪᠤᠭ᠎ᠠ ᠶᠢᠨ ᠲᠡᠷᠢᠭᠦᠯᠡᠭᠴᠢ ᠸᠠᠩ ᠶᠠᠨ᠂ ︽ᠥᠬᠢᠨ︾ ᠶᠣᠣ ᠶᠣᠣ ᠪᠠᠨ ᠲᠤᠰᠬᠤ ᠪᠠᠷ | ᠰᠤᠷᠭᠠᠭᠤᠯᠢ ᠡᠬᠦᠳᠡᠨ ᠳᠤ ᠢᠷᠡᠪᠡ᠂ ᠸᠠᠩ ᠶᠠᠨ ︽ᠭᠠᠷᠠᠭ ᠤᠨ ᠰᠡᠭᠦᠯᠴᠢ ᠶᠢᠨ ᠡᠵᠢ︾ ᠶᠢᠨ ᠠᠵᠢᠯᠯᠠᠭ᠎ᠠ ᠪᠠᠷ | ᠶᠤᠤ ᠶᠤᠤ ᠲᠠᠢ ︽ᠡᠵᠢ︾ ︽ᠦᠬᠢᠨ︾ ᠪᠤᠯᠤᠯᠴᠠᠬᠰᠠᠨ ᠶᠤᠮ ᠃ ᠸᠠᠩ ᠶᠠᠨ ᠵᠠᠮ ᠲᠤᠵᠢ ᠬᠡᠦᠬᠡᠳ ᠤᠨ ᠢᠶᠠᠨ | ᠰᠤᠷᠤᠯᠭ᠎ᠠ᠂ ᠠᠮᠢᠳᠤᠷᠠᠯ ᠤᠨ ᠨᠠᠷᠢᠨ ᠵᠦᠢᠯᠡᠰ ᠢ ᠬᠠᠯᠠᠮᠵᠢᠯᠠᠨ ᠠᠰᠠᠭᠤᠵᠤ ᠯᠨ ᠪᠠᠶᠢᠯ᠎ᠠ᠃ | ᠵᠢᠷᠭᠤᠭᠠᠨ ᠵᠢᠯ ᠤᠨ ᠡᠮᠦᠨ᠎ᠡ᠂ ᠸᠠᠩ ᠶᠠᠨ ︽ᠭᠠᠷᠠᠭ ᠤᠨ ᠰᠡᠭᠦᠯᠴᠢ ᠤᠨ ᠡᠵᠢ᠂ ᠭᠠᠷᠠᠭ ᠤᠨ ᠰᠡᠬᠦᠯᠴᠢ ᠶᠢᠨ | ᠡᠯᠢᠬᠡᠰᠡᠭ ᠬᠡᠷ ᠪᠦᠯᠢ ᠨᠠᠬᠢᠶ᠎ᠠ ᠪᠦᠪᠠᠢ ᠶᠢ ᠬᠠᠯᠠᠮᠵᠢᠯᠠᠬᠤ︾ ᠠᠵᠢᠯᠯᠠᠭ᠎ᠠ ᠪᠠᠷ ᠲᠠᠮᠵᠢᠨ ᠶᠤᠤ ᠶᠤᠤ ᠶᠢ ᠬᠠᠪᠰᠤᠷᠬᠤ | ᠡᠬᠦᠷᠬᠡ ᠶᠢ ᠬᠦᠯᠢᠶᠡᠨ ᠠᠪᠤᠬᠰᠠᠨ ᠢᠶᠠᠷ ᠶᠤᠤ ᠶᠤᠤ ᠸᠠᠩ ᠶᠠᠨ ᠤ ᠠᠮᠢᠳᠤᠷᠠᠯ ᠳᠤ ᠢᠳᠡᠬᠡᠰᠢᠭᠰᠡᠨ ᠶᠤᠮ᠃ | ᠶᠣᠣ ᠶᠣᠣ ᠶᠢᠨ ᠠᠪᠤ ᠬᠤ᠋ ᠰᠢᠶᠦᠶᠢᠩ ᠸᠧᠢ ᠰᠤᠷᠪᠤᠯᠵᠢᠯᠠᠭ᠎ᠠ ᠬᠦᠯᠢᠶᠡᠬᠦ ᠳᠤ ᠪᠠᠨ᠄ ︽ᠬᠡᠦᠬᠡᠳ ᠣᠲᠣ | ᠡᠭᠡᠨᠡᠭᠲᠡ ᠡᠵᠢ ᠲᠠᠢ ᠪᠣᠯᠣᠯ᠎ᠠ ᠭᠡᠵᠦ ᠪᠤᠳᠤᠬᠤ ᠪᠤᠯᠵᠤ ᠪᠠᠶᠢᠨ᠎ᠠ᠂ ᠭᠠᠷᠠᠭ ᠤᠨ ᠰᠡᠭᠦᠯᠴᠢ ᠪᠣᠯᠭᠠᠨ ᠸᠠᠩ ᠶᠠᠨ ᠢ | ᠡᠷᠳᠡᠬᠡᠨ ᠢᠷᠡᠬᠡᠰᠡᠢ ᠭᠡᠵᠤ ᠬᠦᠰᠡᠨ ᠬᠦᠯᠢᠶᠡᠵᠤ᠂ ᠸᠠᠩ ᠶᠠᠨ ᠢ ᠢᠷᠡᠵᠦ ᠳᠡᠶᠢᠯᠬᠦ ᠦᠭᠡᠢ ᠦᠶ᠎ᠡ ᠳᠤ ︽ᠭᠠᠷᠠᠭ ᠤᠨ | ᠰᠡᠭᠦᠯᠴᠢ ᠶᠢᠨ ᠡᠵᠢ︾ ᠲᠠᠢ ᠪᠠᠨ ᠸᠢᠳᠢᠤ᠋ ᠪᠠᠷ ᠵᠤᠭᠤᠬᠳᠠᠳᠠᠭ ᠪᠤᠯᠬᠤᠷ ᠦᠬᠢᠨ ᠮᠢᠨᠢ ᠢᠳᠡᠭ ᠢᠳᠡᠭ ᠢᠶᠠᠷ ᠪᠡᠶ᠎ᠡ | ᠳᠤ ᠪᠠᠨ ᠢᠳᠡᠬᠡᠯ ᠲᠠᠢ᠂ ᠴᠤᠪᠤᠭᠤ ᠲᠡᠭᠵᠢᠨ ᠪᠤᠯᠵᠠᠢ︾ ᠭᠡᠵᠤ ᠶᠠᠷᠢᠵᠢ ᠪᠢᠯᠨ᠃ | ᠤᠷᠠᠳ ᠤᠨ ᠬᠤᠶᠢᠲᠤ ᠬᠤᠰᠢᠭᠤᠨ ᠳᠤ᠂ ᠸᠠᠩ ᠶᠠᠨ ᠪᠣᠯᠣᠨ ᠶᠣᠣ ᠶᠣᠣ ᠮᠡᠲᠦ ᠶᠢᠨ ᠬᠤᠯᠪᠤᠭ᠎ᠠ ᠪᠠᠷᠢᠯᠳᠤᠬᠰᠠᠨ | ᠭᠡᠷ ᠪᠦᠯᠢ 147 ᠪᠠᠶᠢᠵᠤ᠂ ᠡᠭᠦᠨ ᠳᠤ ᠬᠢᠲᠠᠳ ᠦᠨᠳᠦᠰᠦᠲᠡᠨ᠂ ᠮᠣᠩᠭᠤᠯ ᠦᠨᠳᠦᠰᠦᠲᠡᠨ᠂ ᠬᠤᠲᠣᠩ | ᠦᠨᠳᠦᠰᠦᠲᠡᠨ ᠬᠤᠭᠤᠷᠤᠨᠳᠤ ᠪᠠᠨ ᠬᠤᠯᠪᠤᠭ᠎ᠠ ᠪᠠᠷᠢᠯᠳᠤᠬᠰᠠᠨ ᠭᠡᠷ ᠪᠦᠯᠢ 75 ᠬᠤᠣᠰ ᠪᠠᠶᠢᠳᠠᠭ᠃ | ᠤᠷᠠᠳ ᠤᠨ ᠬᠤᠶᠢᠲᠤ ᠬᠤᠰᠢᠭᠤᠨ ᠤ ᠨᠤᠲᠤᠭ ᠳᠡᠪᠢᠰᠬᠡᠷ ᠥᠷᠭᠡᠨ ᠠᠭᠤᠳᠠᠮ᠂ 2.1 ᠲᠦᠮᠡᠨ ᠲᠡᠭᠰᠢ | ᠳᠥᠷᠪᠡᠯᠵᠢᠨ ᠺᠢᠯᠣᠮᠧᠲᠷ ᠠᠭᠤᠯᠠᠨ ᠤ ᠠᠷᠤ ᠶᠢᠨ ᠮᠠᠯᠵᠢᠬᠤ ᠣᠷᠣᠨ ᠳᠤ ᠰᠤᠷᠭᠠᠭᠤᠯᠢ ᠶᠢᠨ ᠨᠠᠰᠤᠨ ᠤ ᠬᠡᠦᠬᠡᠳ | 1400 ᠭᠠᠷᠤᠢ ᠪᠠᠶᠢᠨ᠎ᠠ᠃ ᠬᠢᠯᠢ ᠬᠢᠵᠠᠭᠠᠷ ᠣᠷᠣᠨ ᠤ ᠬᠡᠦᠬᠡᠳ ᠭᠡᠷ ᠠᠴᠠ ᠪᠠᠨ ᠰᠤᠷᠭᠠᠭᠤᠯᠢ ᠬᠦᠷᠲᠡᠯ᠎ᠡ | ᠬᠠᠮᠤᠭ ᠤᠨ ᠬᠤᠯᠠ ᠳᠤ ᠪᠠᠨ 260 ᠭᠠᠷᠤᠢ ᠺᠢᠯᠣᠮᠧᠲᠷ ᠵᠠᠮᠨᠠᠳᠠᠭ ᠪᠤᠯᠬᠤᠷ ᠤᠯᠠᠩᠭᠢ ᠬᠡᠦᠬᠡᠳ ᠭᠠᠷᠠᠭ ᠤᠨ ᠰᠡᠬᠦᠯ | ᠳᠤ ᠭᠡᠷ ᠲᠤ ᠪᠠᠨ ᠬᠠᠷᠢᠵᠤ ᠳᠡᠶᠢᠯᠬᠦ ᠦᠭᠡᠢ ᠪᠠᠶᠢᠳᠠᠭ᠃ ᠡᠶᠢᠮᠤ ᠨᠦᠬᠦᠴᠡᠯ ᠪᠠᠶᠢᠳᠠᠯ ᠲᠤᠤᠷ᠎ᠠ ᠬᠡᠦᠬᠡᠳ ᠲᠤ | ᠭᠠᠷᠠᠭ ᠤᠨ ᠰᠡᠭᠦᠯᠴᠢ ᠶᠢᠨ ᠣᠷᠣᠨ ᠰᠠᠭᠤᠴᠠ ᠪᠠ ᠭᠡᠷ ᠪᠦᠯᠢ ᠶᠢᠨ ᠬᠠᠯᠠᠭᠤᠨ ᠳᠤᠯᠠᠭᠠᠨ ᠢ ᠣᠯᠭᠤᠬᠤ ᠶᠢᠨ | ᠲᠥᠯᠥᠭᠡ ︽ᠭᠠᠷᠠᠭ ᠤᠨ ᠰᠡᠭᠦᠯᠴᠢ ᠤᠨ ᠡᠵᠢ᠂ ᠭᠠᠷᠠᠭ ᠤᠨ ᠰᠡᠬᠦᠯᠴᠢ ᠶᠢᠨ ᠡᠯᠢᠬᠡᠰᠡᠭ ᠬᠡᠷ ᠪᠦᠯᠢ ᠨᠠᠬᠢᠶ᠎ᠠ ᠪᠦᠪᠠᠢ | ᠶᠢ ᠬᠠᠯᠠᠮᠵᠢᠯᠠᠬᠤ︾ ᠠᠵᠢᠯᠯᠠᠭ᠎ᠠ ᠡᠬᠢᠯᠡᠭᠰᠡᠨ ᠶᠤᠮ᠃ | ᠸᠠᠩ ᠶᠠᠨ᠄ ︽ᠬᠡᠦᠬᠡᠳ ᠤᠳ ᠬᠦᠮᠦᠨ ᠬᠠᠷ᠎ᠠ ᠲᠠᠢ ᠬᠠᠪᠢᠳᠠᠬᠤ ᠲᠤᠷ᠎ᠠ ᠦᠬᠡᠢ᠂ ᠪᠦᠷᠦᠭ ᠢᠴᠢᠮᠡᠳᠡᠬᠡᠢ | ᠪᠠᠶᠢᠬᠰᠠᠨ ᠠᠴᠠ ᠢᠳᠡᠭ ᠢᠳᠡᠭ ᠢᠶᠠᠷ ᠴᠤᠪᠤᠭᠤ ᠬᠦᠬᠡᠷᠤᠬᠦᠨ ᠪᠤᠯᠤᠬᠰᠠᠨ ᠢ ᠦᠵᠡᠭᠡᠳ᠂ ᠠᠮᠵᠢᠯᠲᠠ ᠲᠦᠬᠦᠷᠡᠩ | ᠰᠠᠨᠠᠬᠳᠠᠬᠤ ᠶᠤᠮ᠃ ︿ᠭᠠᠷᠠᠭ ᠤᠨ ᠰᠡᠭᠦᠯᠴᠢ ᠶᠢᠨ ᠡᠵᠢ﹀ ᠨᠠᠷ ᠨᠠᠰᠤ ᠵᠢᠯ᠂ ᠠᠵᠢᠯ ᠲᠥᠷᠥᠯ ᠤᠨ ᠢᠯᠭᠠᠯ ᠦᠭᠡᠢ᠂ | ᠵᠢᠵᠢᠭ ᠰᠠᠵᠢᠭ ᠶᠠᠪᠤᠳᠠᠯ ᠠᠴᠠ ᠡᠬᠢᠯᠡᠨ ᠬᠢᠵᠦ᠂ ᠬᠡᠤᠬᠡᠳ ᠪᠤᠯᠭᠠᠨ ᠳᠤ ᠠᠳᠠᠯᠢᠬᠠᠨ ᠬᠠᠨᠳᠤᠳᠠᠭ︾ ᠭᠡᠵᠤ | ᠰᠤᠷᠪᠤᠯᠵᠢᠯᠠᠬᠴᠢ ᠳᠤ ᠶᠠᠷᠢᠪᠠ᠃ | ᠸᠠᠩ ᠶᠠᠨ ᠶᠢᠰᠦᠨ ᠵᠢᠯ ᠭᠠᠷᠤᠢ ᠶᠢᠨ ᠬᠤᠭᠤᠴᠠᠭᠠᠨ ᠳᠤ ᠡᠮᠡᠭᠲᠡᠶᠢᠴᠦᠳ ᠬᠡᠦᠬᠡᠳ ᠢ ᠬᠠᠯᠠᠮᠵᠢᠯᠠᠨ ᠬᠠᠶᠢᠷᠠᠯᠠᠬᠤ | ᠪᠠ ᠬᠠᠮᠠᠭᠠᠯᠠᠬᠤ ᠵᠡᠷᠭᠡ ᠡᠯ᠎ᠡ ᠲᠦᠷᠦᠯ ᠤᠨ ᠠᠵᠢᠯ ᠳᠤ ᠪᠦᠬᠦ ᠰᠡᠳᠬᠢᠯ ᠪᠦᠬᠦ ᠵᠤᠷᠢᠭ ᠢᠶᠠᠷ ᠣᠷᠣᠯᠴᠠᠵᠤ᠂ | ᠠᠵᠢᠯ ᠢᠶᠠᠨ ᠨᠡᠩ ᠰᠠᠶᠢᠨ ᠥᠷᠨᠢᠭᠦᠯᠬᠦ ᠶᠢᠨ ᠲᠥᠯᠥᠭᠡ ᠪᠦᠬᠦ ᠬᠤᠰᠢᠭᠤᠨ ᠤ 50 ᠭᠠᠴᠠᠭ᠎ᠠ ᠲᠣᠰᠬᠤᠨ ᠳᠤ | ᠲᠤᠭᠤᠷᠢᠨ ᠪᠠᠶᠢᠴᠠᠭᠠᠬᠤ ᠳᠤ ᠪᠠᠨ 30 ᠲᠡᠮᠳᠡᠭᠯᠡᠯ ᠬᠢᠭᠰᠡᠨ ᠶᠤᠮ᠃ ᠮᠠᠯᠵᠢᠬᠤ ᠲᠠᠷᠢᠶᠠᠯᠠᠬᠤ ᠣᠷᠣᠨ ᠤ | ᠡᠮᠡᠭᠲᠡᠶᠢᠴᠦᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ | ᠲᠥᠯᠥᠭᠡ ᠲᠡᠷᠡ 120 ᠭᠠᠷᠤᠢ ᠬᠤᠭᠤᠴᠠᠭᠠᠨ ᠤ ᠪᠣᠯᠪᠠᠰᠤᠷᠠᠯ ᠤᠨ ᠠᠩᠭᠢ ᠪᠠᠨ ᠮᠠᠯᠵᠢᠬᠤ ᠲᠠᠷᠢᠶᠠᠯᠠᠬᠤ | ᠣᠷᠣᠨ ᠳᠤ ᠡᠷᠬᠢᠯᠡᠵᠦ᠂ ᠪᠣᠳᠠᠲᠤ ᠬᠡᠷᠡᠭᠯᠡᠭᠡᠨ ᠤ ᠮᠡᠷᠭᠡᠵᠢᠯ ᠢ ᠨᠢᠭᠤᠷᠳᠠᠨ ᠵᠢᠭᠠᠵᠤ᠂ 4800 ᠭᠠᠷᠤᠢ | ᠡᠮᠡᠭᠲᠡᠶᠢᠴᠦᠳ ᠢ ᠪᠣᠯᠪᠠᠰᠤᠷᠠᠭᠤᠯᠵᠠᠢ᠃ | ︽ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾ ᠶᠢᠨ ᠮᠡᠳᠡᠯᠭᠡ ᠶᠢ ᠲᠦᠭᠡᠮᠡᠯᠵᠢᠭᠦᠯᠵᠦ᠂ ᠥᠮᠡᠨ | ᠡᠪᠡᠳᠴᠢᠨ ᠳᠤ ᠨᠡᠷᠪᠡᠭᠳᠡᠭᠰᠡᠨ ᠬᠤᠶᠠᠷ ᠡᠵᠢ ᠶᠢ ᠬᠠᠯᠠᠮᠵᠢᠯᠠᠨ᠂ ᠭᠡᠷ ᠲᠤ ᠪᠠᠨ ᠬᠤᠴᠣᠷᠤᠭᠰᠠᠨ ᠪᠠ ᠥᠨᠥᠴᠢᠨ | ᠥᠷᠥᠭᠡᠰᠦᠨ ᠭᠡᠷ ᠪᠦᠯᠢ ᠶᠢᠨ ᠬᠡᠦᠬᠡᠳ ᠢ ᠬᠠᠯᠠᠮᠵᠢᠯᠠᠪᠠ᠃ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠡᠳᠡᠬᠡᠷ | ᠵᠢᠵᠢᠭ ᠰᠠᠵᠢᠭ ᠶᠠᠪᠤᠳᠠᠯ ᠤᠳ ᠠᠴᠠ ᠪᠢᠳᠡ ᠸᠠᠩ ᠶᠠᠨ ᠤ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠴᠢᠩ | ᠦᠨᠡᠨᠴᠢ ᠰᠡᠳᠬᠢᠯ ᠢ ᠤᠯᠵᠤ ᠬᠠᠷᠠᠬᠤ ᠲᠡᠳᠤᠢ ᠦᠬᠡᠢ ᠲᠡᠬᠦᠨ ᠤ ᠣᠯᠠᠨ ᠲᠦᠮᠡᠨ ᠳᠤ ᠡᠷᠬᠦᠭᠰᠡᠨ ᠭᠦᠨ ᠵᠤᠵᠠᠭᠠᠨ | ᠬᠠᠶᠢᠷ᠎ᠠ ᠰᠡᠳᠬᠢᠯᠭᠡ ᠪᠠ ᠬᠠᠷᠢᠭᠤᠴᠠᠯᠭ᠎ᠠ ᠡᠭᠦᠷᠭᠡᠯᠡᠯ ᠤᠨ ᠬᠢ ᠨᠢ ᠪᠤᠳᠠᠳᠤ ᠢᠯᠡᠷᠡᠯ ᠶᠤᠮ᠃ ᠲᠡᠷᠡ ᠪᠠᠷ ᠪᠦᠬᠦ | ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠪᠠᠶᠠᠨᠨᠠᠭᠤᠷ ᠬᠤᠳᠠ ᠶᠢᠨ ᠬᠥᠬᠢᠭᠦᠯᠦᠯ ᠢ ᠣᠯᠠᠨᠲᠠ ᠬᠦᠷᠳᠡᠭᠰᠡᠨ | ᠪᠦᠬᠡᠳ ᠲᠦᠷᠤᠬᠦᠬᠡᠨ ᠪᠠᠰᠨ ᠪᠦᠬᠦ ᠤᠯᠤᠰ ᠤᠨ ︽ᠬᠠᠮᠤᠭ ᠤᠨ ᠰᠤᠳᠤᠨ ᠠᠯᠪᠠᠳᠠᠨ︾ ᠤ ᠴᠣᠯᠠ ᠶᠢ ᠬᠦᠷᠲᠡᠵᠡᠢ᠃ | ᠲᠡᠷᠨ᠄ ︽ᠪᠢ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠶᠢ ᠡᠪᠦᠷᠯᠡᠵᠦ᠂ ᠦᠨᠳᠦᠰᠦᠨ ᠱᠠᠲᠤᠨ ᠳᠤ | ᠦᠨᠳᠤᠰᠤ ᠬᠠᠳᠬᠤᠵᠤ᠂ ᠡᠮᠡᠭᠲᠡᠶᠢᠴᠦᠳ ᠬᠡᠦᠬᠡᠳ ᠢ ᠬᠠᠯᠠᠮᠵᠢᠯᠠᠨ ᠬᠠᠶᠢᠷᠠᠯᠠᠬᠤ ᠪᠠ ᠬᠠᠮᠠᠭᠠᠯᠠᠬᠤ ᠵᠡᠷᠭᠡ ᠡᠯ᠎ᠡ | ᠵᠦᠢᠯ ᠤᠨ ᠠᠵᠢᠯ ᠢ ᠴᠢᠷᠮᠠᠶᠢᠨ ᠠᠬᠢᠭᠤᠯᠤᠨ᠎ᠠ︾ ᠭᠡᠵᠤ ᠬᠡᠯᠡᠵᠢ ᠪᠢᠯᠨ᠃ | ᠵᠣᠬᠢᠶᠠᠭᠴᠢ ᠶᠢᠨ ᠬᠠᠶ᠋ᠢᠭ᠄ ᠪᠠᠶᠠᠨᠨᠠᠭᠤᠷ ᠤᠨ ᠷᠠᠳᠢᠣ᠋ ᠲᠧᠯᠸᠢᠰ ᠬᠤᠷᠢᠶ᠎ᠠ | | |