ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠶ᠎ᠠ᠄ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨ ︽ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠠᠮᠵᠢᠯᠲᠠ ᠪᠦᠲᠦᠮᠵᠢ ᠶᠢᠨ ᠦᠵᠡᠬᠦᠯᠤᠯᠬᠡ ᠶᠢ ᠦᠵᠡᠪᠡ
ᠨᠡᠶᠢᠲᠡᠯᠡᠭᠰᠡᠨ ᠴᠠᠭ᠄
2022/12/6
   10 ᠳ᠋ᠤᠭᠠᠷ ᠰᠠᠷ᠎ᠠ ᠶᠢᠨ 17 ᠤ ᠣᠷᠣᠢ᠂ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠪᠡᠭᠡᠵᠢᠩ ᠤᠨ ᠦᠵᠡᠰᠬᠦᠯᠡᠩ ᠤᠨ ᠣᠷᠳᠣᠨ ᠳᠤ ︽ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠠᠮᠵᠢᠯᠲᠠ ᠪᠦᠲᠦᠮᠵᠢ ᠶᠢᠨ ᠦᠵᠡᠭᠦᠯᠦᠯᠭᠡ ᠶᠢ ᠲᠣᠭᠤᠷᠢᠨ ᠦᠵᠡᠵᠡᠬᠡᠪᠡ᠃ 
     10 ᠳ᠋ᠤᠭᠠᠷ ᠰᠠᠷ᠎ᠠ ᠶᠢᠨ 17 ᠤ ᠣᠷᠣᠢ᠂ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠪᠡᠭᠡᠵᠢᠩ ᠤᠨ ᠦᠵᠡᠰᠬᠦᠯᠡᠩ ᠤᠨ ᠣᠷᠳᠣᠨ ᠳᠤ ︽ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠠᠮᠵᠢᠯᠲᠠ ᠪᠦᠲᠦᠮᠵᠢ ᠶᠢᠨ ᠦᠵᠡᠭᠦᠯᠦᠯᠭᠡ ᠶᠢ ᠲᠣᠭᠤᠷᠢᠨ ᠦᠵᠡᠵᠤ ᠪᠠᠶᠢᠭ᠎ᠠ ᠨᠢ   ᠦᠵᠡᠭᠦᠯᠦᠯᠭᠡ ᠨᠢ ︽ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠣᠯ ᠰᠡᠳᠦᠪ ᠲᠠᠢ ᠨᠢᠭᠲᠠ ᠤᠶᠠᠯᠳᠤᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠦᠷᠦ ᠶᠢ ᠵᠠᠰᠠᠵᠤ ᠵᠠᠰᠠᠭ ᠢ ᠡᠷᠬᠢᠯᠡᠬᠦ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ 10 ᠵᠢᠯ ᠤᠨ ᠨᠠᠮ ᠪᠣᠯᠣᠨ ᠤᠯᠤᠰ ᠤᠨ ᠦᠢᠯᠡᠰ ᠤᠨ ᠠᠭᠤᠤ ᠶᠡᠭᠡ ᠠᠮᠵᠢᠯᠲᠠ ᠪᠦᠲᠦᠮᠵᠢ᠂ ᠠᠭᠤᠤ ᠶᠡᠭᠡ ᠬᠤᠪᠢᠰᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠰᠢᠨ᠎ᠡ ᠳᠦᠷᠰᠦ ᠪᠠᠶᠢᠳᠠᠯ ᠢ ᠢᠯᠡᠷᠡᠭᠦᠯᠦᠭᠰᠡᠨ ᠪᠥᠭᠡᠳ ᠬᠤᠪᠢᠰᠤᠯᠲᠠ ᠶᠢᠨ ᠠᠷᠤ  ᠳᠤ ᠬᠢ ᠬᠦᠴᠦᠨ ᠴᠢᠳᠠᠯ ᠪᠣᠯᠣᠨ ᠬᠥᠳᠡᠯᠭᠡᠭᠦ ᠬᠦᠴᠦᠨ ᠢ ᠢᠯᠡᠷᠡᠭᠦᠯᠵᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠤᠯᠤᠰ ᠲᠦᠷᠦ ᠶᠢᠨ ᠵᠢᠯᠣᠭᠤᠳᠤᠯᠭ᠎ᠠ᠂ ᠦᠵᠡᠯ ᠰᠠᠨᠠᠭᠠᠨ ᠤ ᠵᠢᠯᠣᠭᠤᠳᠤᠯᠭ᠎ᠠ ᠶᠢ ᠢᠯᠡᠷᠡᠭᠦᠯᠦᠭᠰᠡᠨ ᠮᠥᠷᠲᠡᠭᠡᠨ ᠪᠠᠰᠠ ᠥᠷᠭᠡᠨ ᠤᠯᠠᠨ ᠠᠷᠠᠳ ᠲᠦᠮᠡᠨ ᠤ ᠪᠦᠯᠬᠦᠮᠳᠡᠨ ᠨᠢᠭᠡᠳᠴᠦ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠳᠦᠷᠰᠦ ᠪᠠᠶᠢᠳᠠᠯ ᠢ ᠲᠤᠰᠬᠠᠵᠠᠢ᠃    ᠲᠥᠯᠥᠭᠡᠯᠡᠭᠴᠢᠳ ᠪᠠᠶᠢᠨ ᠪᠠᠶᠢᠨ ᠵᠣᠭᠰᠣᠵᠤ᠂ ᠲᠠᠶᠢᠯᠤᠮᠵᠢ ᠶᠢ ᠰᠣᠨᠣᠰᠴᠤ᠂ ᠬᠠᠮᠢᠶ᠎ᠠ ᠪᠦᠬᠦᠢ ᠪᠠᠶᠢᠳᠠᠯ ᠢ ᠠᠰᠠᠭᠤᠨ ᠯᠠᠪᠯᠠᠵᠤ᠂ ᠵᠢᠭᠰᠠᠭᠠᠯᠲᠠ ᠶᠢᠨ ᠲᠢᠩᠬᠢᠮ᠂ ᠲᠥᠪ ᠤᠨ ᠶᠡᠷᠦᠩᠬᠡᠶᠢᠯᠡᠭᠰᠡᠨ ᠦᠵᠡᠭᠦᠯᠦᠯᠭᠡ ᠶᠢᠨ ᠲᠣᠭᠤᠷᠢᠭ᠂ ᠣᠷᠣᠨ ᠨᠤᠲᠤᠭ ᠤᠨ ᠦᠵᠡᠭᠦᠯᠦᠯᠭᠡ ᠶᠢᠨ ᠲᠣᠭᠤᠷᠢᠭ᠂ ᠪᠠᠷᠠᠯᠠᠨ ᠪᠠᠷᠠᠯᠠᠬᠤ ᠦᠵᠡᠭᠦᠯᠦᠯᠭᠡ ᠶᠢᠨ ᠲᠣᠭᠤᠷᠢᠭ᠂ ᠭᠡᠷ ᠤᠨ ᠭᠠᠳᠠᠨᠠᠬᠢ ᠦᠵᠡᠭᠦᠯᠦᠯᠭᠡ ᠶᠢᠨ ᠲᠣᠭᠤᠷᠢᠭ ᠪᠠ ᠬᠠᠷᠢᠯᠴᠠᠨ ᠦᠢᠯᠡᠳᠦᠯᠴᠡᠬᠦ ᠦᠵᠡᠭᠦᠯᠦᠯᠭᠡ ᠶᠢᠨ ᠲᠣᠭᠤᠷᠢᠭ ᠵᠡᠷᠭᠡ 6 ᠦᠵᠡᠭᠦᠯᠦᠯᠭᠡ ᠶᠢᠨ ᠲᠣᠭᠤᠷᠢᠭ ᠢ ᠲᠣᠭᠤᠷᠢᠨ ᠦᠵᠡᠵᠦ᠂ ᠬᠡᠷᠡᠯ ᠵᠢᠷᠤᠭ᠂ ᠥᠰᠥᠭ ᠪᠢᠴᠢᠭ᠂ ᠸᠢᠳᠢᠤ᠋᠂ ᠪᠣᠳᠠᠲᠤ ᠪᠣᠳᠠᠰ᠂ ᠵᠠᠭᠪᠤᠷ᠂ ᠬᠠᠷᠢᠯᠴᠠᠨ ᠦᠢᠯᠡᠳᠦᠯᠴᠡᠬᠦ ᠪᠡᠶᠡᠴᠢ ᠣᠶᠢᠯᠠᠭᠠᠯᠲᠠ ᠵᠡᠷᠭᠡ ᠣᠯᠠᠨ ᠬᠡᠯᠪᠡᠷᠢ ᠪᠠᠷ  ᠮᠠᠨ ᠤ ᠤᠯᠤᠰ ᠤᠨ ᠣᠯᠣᠭᠰᠠᠨ ᠬᠡᠷᠡᠯ ᠰᠠᠴᠤᠷᠠᠩᠭᠤᠢ ᠠᠮᠵᠢᠯᠲᠠ ᠶᠢ ᠭᠦᠨᠵᠡᠭᠡᠢ  ᠤᠶᠢᠯᠠᠭᠠᠪᠠ᠃ ᠣᠯᠠᠨ ᠢᠶᠠᠷ ᠢᠶᠠᠨ ᠰᠠᠨᠠᠯ ᠨᠢᠭᠡᠲᠡᠢ ᠦᠵᠡᠭᠰᠡᠨ ᠨᠢ᠂ ︽ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠠᠮᠵᠢᠯᠲᠠ ᠪᠦᠲᠦᠮᠵᠢ ᠶᠢᠨ ᠦᠵᠡᠭᠦᠯᠦᠯᠭᠡ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠪᠦᠯᠬᠦᠮᠳᠡᠨ ᠲᠡᠮᠡᠴᠡᠭᠰᠡᠨ ᠲᠡᠦᠬᠡᠨ ᠠᠬᠢᠴᠠ ᠪᠣᠯᠣᠨ ᠣᠯᠣᠭᠰᠠᠨ ᠪᠡᠯᠭᠡ ᠲᠡᠮᠳᠡᠭ ᠤᠨ ᠴᠢᠨᠠᠷᠲᠠᠢ ᠠᠮᠵᠢᠯᠲᠠ ᠪᠦᠲᠦᠮᠵᠢ ᠶᠢ ᠲᠥᠪᠯᠡᠷᠡᠩᠭᠦᠢ ᠳᠡᠯᠭᠡᠨ ᠦᠵᠡᠭᠦᠯᠵᠡᠢ᠃ ᠪᠦᠬᠦ ᠲᠠᠯ᠎ᠠ ᠶᠢᠨ ᠤᠬᠠᠭᠤᠯᠭ᠎ᠠ ᠨᠢ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠦᠢᠯᠡᠰ ᠤᠨ ᠣᠯᠣᠭᠰᠠᠨ ᠠᠭᠤᠤ ᠶᠡᠭᠡ ᠠᠮᠵᠢᠯᠲᠠ ᠪᠦᠲᠦᠮᠵᠢ᠂ ᠠᠭᠤᠤ ᠶᠡᠭᠡ ᠬᠤᠪᠢᠰᠤᠯᠲᠠ ᠶᠢ ᠳᠡᠯᠭᠡᠨ ᠦᠵᠡᠭᠦᠯᠵᠦ᠂ ᠮᠠᠨ ᠤ ᠤᠯᠤᠰ ᠤᠨ ᠳᠡᠭᠡᠳᠦ ᠰᠢᠨᠵᠢᠯᠡᠬᠦ ᠮᠡᠷᠭᠡᠵᠢᠯ ᠤᠨ ᠬᠦᠷᠢᠶᠡᠨ ᠳᠤ ᠪᠡᠶᠡᠯᠡᠭᠦᠯᠦᠭᠰᠡᠨ ᠰᠢᠨ᠎ᠡ ᠳᠠᠪᠠᠯᠲᠠ ᠶᠢ ᠪᠦᠬᠦ ᠲᠠᠯ᠎ᠠ ᠪᠠᠷ ᠢᠯᠡᠷᠡᠭᠦᠯᠪᠡ᠃ ᠲᠥᠯᠥᠭᠡᠯᠡᠭᠴᠢᠳ ᠢᠯᠡᠷᠬᠡᠶᠢᠯᠡᠬᠦ  ᠳᠤ ᠪᠠᠨ᠂ ᠦᠵᠡᠭᠦᠯᠦᠯᠭᠡ ᠶᠢ ᠲᠣᠭᠤᠷᠢᠨ ᠦᠵᠡᠬᠦ ᠪᠠᠷ ᠳᠡᠮᠵᠢᠨ ᠵᠣᠷᠢᠭᠵᠢᠭᠤᠯᠤᠯ ᠣᠯᠵᠤ᠂ ᠢᠲᠡᠭᠡᠯ ᠵᠣᠷᠢᠭ ᠢᠶᠠᠨ ᠪᠠᠲᠤᠳᠬᠠᠵᠠᠢ᠂ ᠬᠤᠶᠢᠰᠢᠳᠠ ᠯᠠᠪᠲᠠᠢ ᠠᠵᠢᠯ ᠤᠨ ᠪᠠᠶᠢᠷᠢ  ᠳᠤ ᠪᠠᠨ ᠰᠠᠭᠤᠷᠢᠯᠠᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠪᠦᠯᠬᠦᠮᠳᠡᠨ ᠲᠡᠮᠡᠴᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠢᠯᠠᠯᠲᠠ ᠶᠢ ᠲᠡᠮᠡᠴᠡᠨ ᠣᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号