ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠢᠨ᠎ᠡ ᠪᠠᠷ ᠲᠤᠰᠢᠶᠠᠯ ᠳᠤ ᠲᠣᠮᠢᠯᠠᠭᠰᠠᠨ ᠲᠦᠷᠦ‌‍ᠶᠢᠨ ᠠᠵᠢᠯᠲᠠᠨ ᠤ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠬᠳᠠᠭᠤᠯᠪᠠ
ᠨᠡᠶᠢᠲᠡᠯᠡᠭᠰᠡᠨ ᠴᠠᠭ᠄
2022/12/8
ᠸᠠᠩ ᠯᠢ ᠰᠢᠶᠠ ᠲᠠᠩᠭᠠᠷᠢᠬᠯᠠᠬᠤ ᠶᠤᠰᠤᠯᠠᠯ ᠢ ᠬᠢᠨᠠᠬᠰᠠᠨ ᠪᠦᠬᠡᠳ ᠶᠠᠷᠢᠶ᠎ᠠ ᠲᠠᠯᠪᠢᠪᠠ    12 ᠳ᠋ᠤᠭᠠᠷ ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ  ᠦᠪᠤᠷ ᠮᠤᠩᠭᠤᠯ ᠤᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠢᠨ᠎ᠡ ᠪᠠᠷ ᠲᠣᠮᠢᠯᠠᠭᠰᠠᠨ ᠲᠥᠷᠥ ᠶᠢᠨ ᠠᠵᠢᠯᠲᠠᠨ ᠤ ᠦᠨᠳᠦᠰᠦᠨ ᠬᠠᠤᠯᠢ ᠳᠤ ᠲᠠᠩᠭᠠᠷᠢᠭᠯᠠᠬᠤ  ᠶᠤᠰᠤᠯᠠᠯ ᠢ ᠶᠠᠪᠤᠬᠳᠠᠭᠤᠯᠵᠤ᠂ ᠸᠠᠩ ᠯᠢ ᠰᠢᠶᠠ ᠲᠡᠩᠭᠠᠷᠢᠬᠯᠠᠬᠤ ᠶᠤᠰᠤᠯᠠᠯ ᠢ ᠬᠢᠨᠠᠬᠰᠠᠨ ᠪᠦᠬᠡᠳ ᠶᠠᠷᠢᠶ᠎ᠠ ᠲᠠᠯᠪᠢᠪᠠ᠃
W020221205298267644507.jpg 
     12 ᠳ᠋ᠤᠭᠠᠷ ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠨ᠎ᠡ ᠪᠠᠷ ᠲᠣᠮᠢᠯᠠᠭᠰᠠᠨ ᠲᠥᠷᠥ ᠶᠢᠨ ᠠᠵᠢᠯᠲᠠᠨ ᠤ ᠦᠨᠳᠦᠰᠦᠨ ᠬᠠᠤᠯᠢ ᠳᠤ ᠲᠠᠩᠭᠠᠷᠢᠭᠯᠠᠬᠤ ᠶᠤᠰᠤᠯᠠᠯ  ᠶᠠᠪᠤᠬᠳᠠᠭᠤᠯᠵᠤ ᠪᠠᠶᠢᠭ᠎ᠠ ᠨᠢ    ᠦᠳᠡ ᠶᠢᠨ ᠡᠮᠦᠨᠡᠬᠢ 10 ᠴᠠᠭ ᠲᠤ ᠲᠠᠩᠭᠠᠷᠢᠭᠯᠠᠬᠤ ᠶᠣᠰᠣᠯᠠᠯ ᠡᠬᠢᠯᠡᠵᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠲᠠᠭᠤᠯᠠᠪᠠ᠃  ᠲᠠᠭᠠᠭᠤᠯᠤᠨ ᠲᠠᠩᠭᠠᠷᠢᠬᠯᠠᠬᠴᠢ ᠤᠯᠤᠰ ᠤᠨ ᠲᠤᠭ ᠪᠠ ᠤᠯᠤᠰ ᠤᠨ ᠰᠦᠯᠳᠡ ᠶᠢᠨ ᠥᠭᠡᠳᠡ ᠬᠠᠨᠳᠤᠨ᠂ ᠦᠨᠳᠦᠰᠦᠨ ᠬᠠᠤᠯᠢ ᠲᠡᠬᠡᠷ᠎ᠡ ᠭᠠᠷ ᠢᠶᠠᠨ ᠲᠠᠯᠪᠢᠵᠤ᠂ ᠲᠠᠩᠭᠠᠷᠢᠭ ᠢ ᠳᠠᠭᠠᠭᠤᠯᠤᠨ ᠤᠩᠰᠢᠵᠤ᠂ ᠲᠠᠩᠭᠠᠷᠢᠬᠯᠠᠬᠰᠠᠳ ᠳᠠᠭᠠᠵᠤ ᠤᠡᠭᠰᠢᠵᠠᠭᠠᠪᠠ᠃    ᠸᠠᠩ ᠯᠢ ᠰᠢᠶᠠ ᠴᠢᠬᠤᠯᠠᠴᠢᠯᠠᠬᠰᠠᠨ ᠨᠢ᠂ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠬᠤ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ᠂ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠴᠢᠬᠤᠯᠠ ᠠᠷᠭ᠎ᠠ ᠪᠣᠯᠣᠨ᠎ᠠ᠂ ᠤᠯᠠᠨ ᠢᠶᠠᠷ ᠢᠶᠠᠨ ᠲᠠᠩᠭᠠᠷᠢᠭ ᠢᠶᠠᠨ ᠪᠠᠲᠤ ᠴᠡᠭᠡᠵᠢᠯᠡᠵᠦ᠂ ᠡᠭᠦᠷᠭᠡ ᠲᠤᠰᠢᠶᠠᠯ ᠢᠶᠠᠨ ᠴᠢᠷᠮᠠᠶᠢᠨ ᠭᠦᠢᠴᠡᠳᠬᠡᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠮᠠᠷᠳᠠᠯ ᠦᠬᠡᠢ᠂ ᠨᠠᠮ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠦᠯᠦ ᠬᠥᠰᠡᠷᠳᠡᠭᠦᠯᠬᠦ ᠬᠡᠷᠡᠭᠲᠡᠢ᠃ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠢᠮᠠᠭᠲᠠ ᠨᠠᠮ ᠳᠤ ᠪᠠᠨ ᠦᠨᠡᠨᠴᠢ ᠰᠢᠳᠤᠷᠭᠤ᠂ ᠤᠯᠤᠰ ᠣᠷᠣᠨ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠪᠠᠨ ᠦᠨᠡᠨᠴᠢ ᠰᠢᠳᠤᠷᠭᠤ᠂ ᠬᠠᠤᠯᠢ ᠴᠠᠭᠠᠵᠠ ᠳᠤ ᠦᠨᠡᠨᠴᠢ ᠰᠢᠳᠤᠷᠭᠤ ᠪᠠᠶᠢᠵᠤ᠂ ︽ᠬᠤᠶᠠᠷ ᠢ ᠲᠤᠬᠳᠠᠭᠠᠬᠰᠠᠨ︾ ᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠬᠠᠤᠯᠢ ᠴᠠᠭᠠᠵᠠ ᠠᠴᠠ ᠰᠦᠷᠳᠡᠵᠦ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠦᠨᠳᠦᠰᠦᠨ ᠬᠠᠤᠯᠢ ᠶᠢᠨ ᠡᠷᠬᠡ ᠰᠦᠷ ᠢ ᠲᠦᠷᠦᠭᠦᠯᠡᠨ ᠬᠠᠮᠠᠭᠠᠯᠠᠵᠤ᠂ ᠦᠨᠳᠦᠰᠦᠨ ᠬᠠᠤᠯᠢ ᠳᠤ ᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ᠂ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠵᠢᠷᠤᠮᠯᠠᠨ ᠡᠷᠬᠡ ᠪᠠᠨ ᠬᠡᠷᠡᠭᠵᠢᠭᠦᠯᠬᠦ ᠬᠡᠷᠡᠭᠲᠡᠢ᠃ ᠤᠭ ᠰᠠᠨᠠᠭ᠎ᠠ ᠪᠠᠨ ᠪᠠᠲᠤ ᠴᠡᠬᠡᠵᠢᠯᠡᠵᠤ᠂ ᠠᠷᠠᠳ ᠲᠦᠮᠡᠨ ᠳᠤ ᠪᠤᠶᠠᠨ  ᠦᠢᠯᠡᠳᠤᠨ᠂ ᠤᠯᠠᠨ ᠲᠦᠮᠡᠨ ᠤ ᠠᠮᠤᠷ ᠵᠢᠮᠤᠷ ᠠᠵᠤ ᠲᠦᠷᠦᠭᠦ᠂ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ  ᠨᠢ ᠢᠮᠠᠭᠲᠠ ᠪᠤᠳᠤᠵᠤ᠂ ᠠᠷᠠᠳ ᠤᠯᠠᠨ ᠤ ᠠᠮᠢᠳᠤᠷᠠᠯ ᠢ ᠤᠯᠠᠮ ᠦᠬᠡᠳᠡᠯᠡᠬᠦᠯᠵᠤ᠂ ᠬᠦᠰᠡᠯ ᠡᠷᠡᠮᠡᠯᠵᠡᠯ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯ ᠶᠠᠪᠤᠳᠠᠯ ᠬᠢᠵᠦ᠂ ᠥᠷᠯᠥᠭᠡ ᠦᠳᠡᠰᠢ ᠲᠠᠢ ᠤᠷᠤᠯᠳᠤᠨ ᠪᠤᠰᠢᠭᠤ ᠱᠠᠯᠠᠮᠠᠭᠠᠢ ᠪᠠᠷ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠴᠢᠨᠠᠷᠵᠢᠭᠤᠨ ᠪᠦᠬᠡᠳ ᠥᠨᠳᠥᠷ ᠦᠷ᠎ᠡ ᠪᠦᠲᠦᠮᠵᠢ ᠲᠠᠢ ᠠᠬᠢᠭᠤᠯᠬᠤ ᠬᠡᠷᠡᠭᠲᠡᠢ᠃ ᠠᠷᠢᠭᠤᠨ ᠴᠢᠭᠴᠢ ᠪᠠᠷ ᠨᠡᠶᠢᠲᠡ ᠶᠢᠨ ᠲᠥᠯᠥᠭᠡ ᠵᠢᠳᠬᠦᠵᠦ᠂ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠪᠠᠳᠤ ᠰᠠᠬᠢᠨ᠂ ᠰᠠᠬᠢᠯᠭ᠎ᠠ ᠪᠠᠲᠤ ᠶᠣᠰᠣ ᠳᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠠᠷᠢᠭᠤᠨ ᠴᠢᠭᠴᠢ ᠪᠠᠷ ᠬᠥᠮᠥᠨ ᠪᠣᠯᠵᠤ᠂ ᠠᠷᠢᠭᠤᠨ ᠴᠢᠭᠴᠢ ᠪᠠᠷ ᠠᠵᠢᠯ ᠶᠠᠪᠤᠳᠠᠯ ᠬᠢᠵᠦ᠂ ᠰᠤᠷᠲᠠᠯ ᠴᠢᠭᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠲᠦᠷᠦᠭᠦᠯᠡᠨ ᠪᠤᠢ ᠪᠣᠯᠭᠠᠵᠤ᠂ ᠥᠪᠥᠷ ᠮᠣᠩᠭᠤᠯ ᠢᠶᠠᠨ ᠨᠡᠩ ᠦᠵᠡᠰᠬᠦᠯᠡᠩ ᠰᠠᠶᠢᠬᠠᠨ ᠪᠤᠯᠭᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠳᠤ ᠪᠠᠷ ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号