| ᠪᠣᠦ ᠭᠦᠢ ᠷᠦᠩ ᠭᠧᠩ ᠮᠢᠨ ᠵᠤᠤ ᠳ᠋ᠠᠨ ᠰᠤᠷᠭᠠᠯᠲᠤ ᠵᠤᠬᠢᠶᠠᠪᠠ | ᠴᠣᠯᠮᠣᠨ ᠣᠷᠴᠢᠭᠤᠯᠪᠠ | ᠵᠤᠨ ᠤ ᠤᠯᠠᠷᠢᠯ ᠤᠨ ᠡᠬᠢᠨ ᠳᠤ ᠰᠢᠯᠢ ᠶᠢᠨ ᠭᠤᠣᠯ ᠠᠶᠢᠮᠠᠭ ᠤᠨ ᠦᠵᠦᠮᠦᠴᠢᠨ ᠤ ᠲᠠᠯ᠎ᠠ ᠨᠤᠲᠤᠭ ᠨᠤᠭᠤᠭᠠᠨ | ᠥᠩᠭᠡ ᠪᠠᠷ ᠬᠤᠴᠢᠭᠳᠠᠪᠠ᠃ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ | ᠪᠠᠯᠭᠠᠰᠦ ᠠᠴᠠ ᠣᠶᠢᠷᠠᠬᠠᠨ ᠰᠠᠭᠤᠭ᠎ᠠ ᠨᠢᠭᠡᠨ ᠮᠠᠯᠴᠢᠨ ᠠᠶᠢᠯ ᠤᠨ ᠵᠤᠤᠬᠠᠨ ᠲᠤᠭᠤᠭᠠᠨ ᠳᠤ ᠨᠢ ᠮᠢᠬ᠎ᠠ ︽ | ᠫᠣᠷ ᠫᠣᠷ︾ ᠪᠣᠴᠠᠯᠵᠦ᠂ ᠰᠢᠷᠡᠭᠡᠨ ᠲᠡᠭᠡᠷ᠎ᠡ ᠨᠢ ᠡᠯ᠎ᠡ ᠵᠦᠢᠯ ᠤᠨ ᠴᠠᠭᠠᠨ ᠢᠳᠡᠭᠡᠨ ᠢ ᠨᠠᠷᠢᠯᠢᠭ ᠭᠡᠭᠴᠢ ᠲᠠᠪᠠᠭᠯᠠᠨ | ᠦᠷᠦᠵᠦ ᠲᠠᠯᠪᠢᠭᠠᠳ᠂ ᠭᠡᠭᠡᠨ ᠲᠣᠬᠢᠯᠢᠭ ᠣᠷᠣᠨ ᠰᠠᠭᠤᠴᠠ ᠨᠢ ᠵᠣᠯ ᠵᠢᠷᠭᠠᠯ ᠤᠨ ᠦᠶᠦᠭ ᠲᠤᠯᠠᠭᠠᠨ ᠢ | ᠮᠡᠳᠡᠭᠦᠯᠦᠨ᠎ᠡ᠃ | ᠠᠮᠤᠭᠤᠯᠠᠩ ᠪᠠᠶᠢᠰᠢᠩ ᠭᠡᠷ ᠤᠨ ᠭᠠᠳᠠᠨᠠᠬᠢ ᠮᠣᠩᠭᠤᠯ ᠭᠡᠷ ᠢᠶᠠᠨ ᠴᠡᠪᠡᠷᠯᠡᠨ᠎ᠡ᠃ ᠣᠳᠣ ᠬᠡᠳᠦᠶᠢᠪᠡᠷ ᠮᠣᠩᠭᠤᠯ | ᠭᠡᠷ ᠲᠤ ᠨᠢ ᠬᠦᠮᠦᠨ ᠰᠠᠭᠤᠭ᠎ᠠ ᠦᠭᠡᠢ ᠪᠣᠯᠪᠠᠴᠦ ᠡᠨᠡ ᠨᠢ ᠲᠡᠭᠦᠨ ᠤ ᠡᠳᠦᠷ ᠪᠦᠷᠢ ᠬᠢᠳᠡᠭ ᠠᠵᠢᠯ ᠪᠣᠯᠬᠤ ᠶᠤᠮ | ᠃ ︽ᠠᠷᠴᠢᠵᠦ ᠴᠡᠪᠡᠷᠯᠡᠬᠦ ᠨᠢ ᠲᠡᠶᠢᠮᠦ ᠴᠢᠬᠤᠯᠠ ᠪᠢᠰᠢ᠂ ᠭᠤᠣᠯ ᠨᠢ ᠡᠨᠡ ᠠᠵᠢᠯ ᠨᠢ ᠨᠠᠳᠠ ᠶᠢ ᠤᠷᠢᠳᠤ ᠶᠢᠨ | ᠶᠠᠳᠠᠭᠤ ᠵᠦᠳᠡᠭᠦᠦ ᠡᠳᠦᠷ ᠬᠤᠨᠤᠭ ᠤᠳ ᠢ ᠴᠠᠭ ᠢᠮᠠᠭᠳᠠ ᠰᠡᠷᠡᠭᠦᠯᠵᠦ᠂ ᠣᠳᠣ ᠶᠢᠨ ᠵᠣᠯ ᠵᠢᠷᠭᠠᠯᠲᠤ | ᠠᠮᠢᠳᠤᠷᠠᠯ ᠢ ᠡᠪ ᠬᠠᠮᠲᠤ ᠨᠠᠮ ᠪᠢᠳᠡᠨ ᠳᠤ ᠡᠳ᠋ᠯᠡᠭᠦᠯᠦᠭᠰᠡᠨ ᠠᠴᠢ ᠡᠨᠡᠷᠢᠯ ᠢ ᠪᠠᠲᠤ ᠴᠡᠭᠡᠵᠢᠯᠡᠬᠦ ᠶᠢᠨ ᠲᠥᠯᠦᠭᠡ | ᠶᠤᠮ︾ ᠭᠡᠵᠦ ᠲᠡᠷᠡ ᠶᠠᠷᠢᠨ᠎ᠠ᠃ | ᠠᠮᠤᠭᠤᠯᠠᠩ ᠪᠣᠯ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠦ ᠶᠢᠨ ᠳᠠᠪᠰᠢᠯᠲᠤ ᠭᠠᠴᠠᠭᠠᠨ ᠤ | ᠨᠠᠮ ᠤᠨ ᠡᠭᠦᠷ ᠤᠨ ᠱᠦᠵᠢ᠂ ᠭᠠᠴᠠᠭᠠᠨ ᠤ ᠵᠦᠪᠯᠡᠯ ᠤᠨ ᠡᠷᠬᠢᠯᠡᠭᠴᠢ ᠪᠣᠯᠣᠨ᠎ᠠ᠃ ᠬᠡᠯᠡᠪᠡᠯ 7 ᠵᠢᠯ ᠤᠨ ᠡᠮᠦᠨ᠎ᠡ | ᠲᠡᠷᠡ ᠪᠠᠰᠠ ᠭᠠᠴᠠᠭᠠᠨ ᠤ ᠪᠠᠨ ᠳᠠᠩᠰᠠ ᠺᠠᠷᠲ ᠲᠠᠢ ᠶᠠᠳᠠᠭᠤ ᠬᠦᠴᠢᠷᠳᠡᠯᠲᠠᠢ ᠡᠷᠦᠬᠡ ᠶᠢᠨ ᠨᠢᠭᠡᠨ ᠪᠠᠶᠢᠭᠰᠠᠨ | ᠠᠵᠢ᠃ | 2000 ᠣᠨ ᠳᠤ᠂ ᠦᠵᠦᠮᠦᠴᠢᠨ ᠨᠤᠲᠤᠭ ᠨᠢᠭᠡ ᠤᠳᠠᠭᠠᠨ ᠤ ᠬᠤᠪᠣᠷ ᠲᠣᠬᠢᠶᠠᠯᠳᠤᠳᠠᠭ ᠶᠡᠭᠡ ᠴᠠᠰᠤᠨ ᠳᠤ | ᠳᠠᠭᠠᠷᠢᠭᠳᠠᠭᠠᠳ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠨᠢ ᠬᠦᠨᠳᠦ ᠬᠡᠴᠡᠭᠦᠦ ᠳᠠᠷᠤᠭᠠᠰᠦ ᠲᠠᠢ ᠪᠤᠯᠵᠣ᠂ | ᠲᠤᠬᠠᠢ ᠶᠢᠨ ᠦᠶ᠎ᠡ ᠳᠤ ᠭᠡᠷ ᠤᠨ ᠠᠮᠢᠳᠤᠷᠠᠯ ᠨᠢ ᠬᠠᠷᠠᠬᠠᠨ ᠪᠠᠷᠤᠭᠲᠠᠢ ᠪᠠᠶᠢᠭᠰᠠᠨ ᠠᠮᠤᠭᠤᠯᠠᠩ ᠤᠨ ᠬᠢᠨ ᠢ ᠨᠡᠩ | ᠴᠦ ᠬᠦᠴᠢᠷᠳᠡᠯ ᠳᠤ ᠣᠷᠣᠭᠤᠯᠵᠠᠢ᠃ ᠲᠡᠭᠦᠨ ᠤ ᠶᠠᠷᠢᠭᠰᠠᠠᠴᠢᠯᠠᠨ ᠢᠶᠠᠷ ᠄ ︽ ᠮᠠᠯ ᠣᠨᠣᠭᠠᠨ ᠤ ᠬᠠᠭᠠᠰ ᠨᠢ | ᠰᠦᠢᠳᠴᠦ᠂ ᠦᠯᠡᠳᠡᠭᠰᠡᠨ ᠬᠤᠷᠢ ᠭᠠᠷᠤᠢ ᠬᠤᠨᠢ ᠨᠢ ᠨᠢᠭᠡ ᠭᠡᠷ ᠤᠨ ᠬᠦᠮᠦᠰ ᠢ ᠲᠡᠵᠢᠭᠡᠵᠦ ᠲᠡᠶᠢᠯᠬᠦ ᠦᠭᠡᠢ | ᠪᠣᠯᠣᠭᠰᠠᠨ ᠨᠢ ᠮᠡᠳᠡᠭᠡᠵᠢ ᠶᠢᠨ ᠬᠡᠷᠡᠭ᠃︾ ᠲᠡᠶᠢᠨ ᠬᠦ᠂ ᠠᠮᠤᠭᠤᠯᠠᠩ ᠰᠦᠢᠳᠦᠭᠰᠡᠨ ᠬᠤᠨᠢ ᠦᠬᠡᠷ ᠢᠶᠠᠨ | ᠰᠢᠢᠳᠪᠦᠷᠢᠯᠡᠴᠢᠬᠡᠭᠡᠳ ᠂ ᠬᠦᠮᠦᠨ ᠤ ᠮᠠᠯ ᠢ ᠬᠠᠷᠢᠭᠤᠯᠵᠦ ᠂ ᠬᠦᠯᠦᠰᠦᠨ ᠠᠵᠢᠯ ᠬᠢᠵᠦ ᠡᠬᠢᠯᠡᠵᠠᠢ᠃ ᠲᠡᠷᠡ | ᠭᠡᠷ ᠠᠴᠠ ᠪᠠᠨ ᠵᠠᠶᠢᠳᠠᠭᠰᠠᠨ 13 ᠵᠢᠯ ᠤᠨ ᠬᠤᠭᠤᠴᠠᠭᠠᠨ ᠳᠤ ᠪᠣᠰᠣᠳ ᠢ ᠬᠠᠪᠰᠤᠷᠤᠨ ᠮᠠᠯ ᠣᠨᠤᠭ᠎ᠠ | ᠬᠠᠷᠢᠭᠤᠯᠬᠤ᠂ ᠬᠠᠳᠤᠯᠠᠩ ᠬᠤᠷᠢᠶᠠᠬᠤ᠂ ᠲᠣᠣᠷ ᠲᠠᠳᠠᠵᠦ ᠬᠦᠷᠢᠶ᠎ᠡ ᠬᠠᠰᠢᠶ᠎ᠠ ᠪᠠᠷᠢᠬᠤ ᠠᠵᠢᠯ ᠤᠳ ᠢ ᠬᠢᠵᠦ | ᠪᠠᠶᠢᠭᠰᠠᠨ ᠪᠣᠯᠪᠠᠴᠦ ᠠᠮᠢᠳᠤᠷᠠᠯ ᠨᠢ ᠲᠣᠭᠲᠠᠪᠤᠷᠢ ᠦᠭᠡᠢ᠂ ᠲᠣᠭᠳᠠᠭᠰᠠᠨ ᠣᠷᠣᠯᠭ᠎ᠠ ᠦᠭᠡᠢ ᠤᠴᠢᠷ ᠠᠴᠠ ᠨᠢᠭᠡ | ᠭᠡᠷ ᠤᠨ ᠠᠮᠢᠳᠤᠷᠠᠯ ᠢᠶᠠᠨ ᠳᠦᠩᠭᠡᠵᠦ ᠠᠷᠭᠠᠴᠠᠭᠠᠵᠦ ᠪᠠᠶᠢᠵᠠᠢ᠃ ᠤᠯᠤᠰ᠂ ᠦᠪᠡᠷᠲᠡᠭᠡᠨ ᠵᠠᠰᠠᠬᠤ ᠣᠷᠣᠨ ᠤ ᠡᠯ᠎ᠡ | ᠵᠦᠢᠯ ᠤᠨ ᠮᠠᠯᠵᠢᠬᠤ ᠳᠤ ᠠᠰᠢᠭᠲᠠᠢ ᠲᠦᠷᠦ ᠶᠢᠨ ᠪᠣᠳᠣᠯᠭ᠎ᠠ ᠨᠤᠭᠤᠳ ᠢ ᠨᠡᠶᠢᠲᠡᠯᠡᠬᠦ ᠶᠢ ᠲᠠᠭᠠᠯᠳᠤᠨ᠂ | ᠠᠮᠤᠭᠤᠯᠠᠩ ᠤᠨ ᠮᠠᠯ ᠠᠵᠦ ᠠᠬᠤᠢ ᠪᠠᠨ ᠲᠠᠬᠢᠨ ᠬᠦᠭᠵᠢᠭᠦᠯᠬᠦ ᠬᠦᠰᠡᠯ ᠡᠷᠡᠮᠡᠯᠵᠡᠯ ᠨᠢ ᠤᠯᠠᠮ ᠢᠶᠠᠷ ᠴᠢᠩᠭᠠᠷᠠᠵᠦ᠂ | ᠴᠡᠯᠡᠭᠡᠷ ᠠᠭᠤᠳᠠᠮ ᠲᠠᠯ᠎ᠠ ᠨᠤᠲᠤᠭ ᠢᠶᠠᠨ ᠪᠠᠷᠠᠯᠠᠭᠰᠠᠭᠠᠷ ᠨᠤᠲᠤᠭ ᠲᠤ ᠪᠠᠨ ᠬᠠᠷᠢᠬᠤ ᠪᠠᠷ ᠰᠢᠢᠳᠴᠠᠢ᠃ | 2013 ᠣᠨ ᠳᠤ᠂ ᠠᠮᠤᠭᠤᠯᠠᠩ ᠭᠠᠴᠠᠭᠠᠨ ᠳᠤ ᠪᠠᠨ ᠬᠠᠷᠢᠭᠰᠠᠨ ᠤ ᠲᠠᠷᠠᠭ᠎ᠠ ᠡᠬᠢᠯᠡᠨ ᠮᠠᠯ ᠮᠠᠯᠵᠢᠵᠦ᠂ | ᠭᠡᠷ ᠢᠶᠠᠷ ᠢᠶᠠᠨ ᠮᠣᠩᠭᠤᠯ ᠭᠡᠷ ᠲᠤ ᠪᠠᠨ ᠰᠠᠭᠤᠨ᠂ ᠵᠢᠷᠠ ᠭᠠᠷᠤᠢ ᠬᠤᠨᠢ ᠳᠤ ᠪᠠᠨ ᠲᠦᠰᠢᠭᠯᠡᠨ ᠠᠵᠦ ᠲᠦᠷᠦᠵᠦ | ᠪᠠᠶᠢᠭᠰᠠᠨ ᠤᠴᠢᠷ ᠲᠡᠷᠡ ᠵᠢᠯ ᠢᠶᠠᠨ ᠶᠡᠭᠡ ᠯᠡ ᠬᠦᠴᠢᠷᠳᠡᠯᠲᠠᠢ ᠦᠩᠭᠡᠷᠡᠭᠡᠵᠠᠢ᠃ 2014 ᠣᠨ ᠳᠤ᠂ | ᠠᠮᠤᠭᠤᠯᠠᠩ ᠤᠨ ᠬᠢᠨ ᠳᠠᠩᠰᠠ ᠺᠠᠷᠲ ᠲᠠᠢ ᠶᠠᠳᠠᠭᠤ ᠬᠦᠴᠢᠷᠳᠡᠯᠲᠠᠢ ᠡᠷᠦᠬᠡ ᠳᠤ ᠵᠢᠭᠰᠠᠭᠠᠭᠳᠠᠵᠤ᠂ ᠡᠯ᠎ᠡ | ᠲᠦᠷᠦᠯ ᠤᠨ ᠶᠠᠳᠠᠭᠤ ᠶᠢ ᠳᠡᠳᠬᠦᠬᠦ ᠲᠦᠰᠦᠯ ᠤᠨ ᠳᠡᠮᠵᠢᠯᠭᠡ ᠪᠠᠷ ᠲᠡᠳᠡ ᠵᠢᠷᠠ ᠭᠠᠷᠤᠢ ᠺᠦᠸᠠᠳ᠋ ᠮᠧᠲᠷ ᠤᠨ | ᠲᠤᠯᠠᠭᠠᠨ ᠪᠠᠶᠢᠰᠢᠩ ᠳᠤ ᠨᠡᠭᠦᠵᠦ ᠣᠷᠣᠪᠠ᠃ ᠴᠠᠬᠢᠯᠭᠠᠨ ᠲᠠᠲᠠᠨ᠂ ᠬᠤᠷᠤᠭ᠎ᠠ ᠬᠠᠰᠢᠶ᠎ᠠ᠂ ᠡᠪᠡᠰᠦᠨ ᠤ ᠰᠠᠷᠠᠪᠴᠢ | ᠵᠡᠷᠭᠡ ᠰᠠᠭᠤᠷᠢ ᠲᠦᠬᠦᠭᠡᠷᠦᠮᠵᠢ ᠨᠦᠭᠦᠳ ᠢᠶᠠᠨ ᠰᠢᠨ᠎ᠡ ᠪᠠᠷ ᠪᠠᠶᠢᠭᠤᠯᠵᠦ᠂ ᠬᠤᠨᠢ ᠨᠢ ᠴᠦ ᠦᠰᠦᠭᠡᠳ 200 | ᠭᠠᠷᠤᠢ ᠪᠣᠯᠵᠠᠢ᠃ ᠭᠠᠴᠠᠭᠠᠨ ᠳᠤ ᠪᠠᠨ ᠬᠠᠷᠢᠭᠠᠳ ᠨᠢᠭᠡ ᠵᠢᠯ ᠪᠣᠯᠤᠭ᠎ᠠ ᠦᠭᠡᠢ ᠪᠠᠷ ᠲᠡᠳᠡᠨ ᠤ ᠦᠢᠯᠡᠳᠪᠦᠷᠢᠯᠡᠯ | ᠠᠮᠢᠳᠤᠷᠠᠯ ᠨᠢ ᠵᠠᠮ ᠳᠤ ᠪᠠᠨ ᠣᠷᠣᠭᠰᠠᠨ ᠪᠠᠶᠢᠯ᠎ᠠ᠃ | 2015 ᠣᠨ ᠳᠤ ᠠᠮᠤᠭᠤᠯᠠᠩ ᠤᠨ ᠬᠢᠨ ᠶᠠᠳᠠᠭᠤ ᠠᠴᠠ ᠪᠠᠨ ᠪᠠᠲᠤᠲᠠᠢ ᠠᠩᠬᠢᠵᠢᠷᠠᠪᠠ᠃ ︽ᠨᠠᠮ ᠤᠨ | ᠲᠦᠷᠦ ᠶᠢᠨ ᠪᠣᠳᠣᠯᠭ᠎ᠠ ᠡᠶᠢᠨ ᠬᠦ ᠰᠠᠶᠢᠨ ᠪᠠᠶᠢᠳᠠᠯ᠎ᠠ᠂ ᠪᠢᠳᠡ ᠵᠠᠪᠠᠯ ᠶᠠᠳᠠᠭᠤ ᠶᠢᠨ ᠮᠠᠯᠠᠭᠠᠢ ᠪᠠᠨ ᠡᠷᠲᠡᠬᠡᠨ | ᠳᠠᠶᠠᠭᠳᠠᠵᠤ᠂ ᠤᠯᠤᠰ ᠭᠡᠷ ᠲᠤ ᠪᠠᠨ ᠲᠡᠭᠡᠭᠡᠷ᠎ᠡ ᠪᠣᠯᠬᠤ ᠦᠭᠡᠢ ᠪᠠᠷ ᠴᠢᠷᠮᠠᠶᠢᠬᠤ ᠬᠡᠷᠡᠭᠲᠡᠢ︾ ᠭᠡᠵᠢ ᠲᠡᠷᠡ | ᠶᠠᠷᠢᠨ᠎ᠠ᠃ ᠣᠳᠣ ᠠᠮᠤᠭᠤᠯᠠᠩ ᠤᠨ ᠬᠢᠨ 430 ᠬᠤᠨᠢ᠂ 7 ᠦᠬᠡᠷ᠂ 8 ᠠᠳᠤᠭᠤ ᠲᠠᠢ ᠪᠣᠯᠵᠦ᠂ ᠲᠡᠷᠡ | ᠪᠠᠰᠠ ᠰᠤᠯᠠ ᠰᠡᠯᠡᠭᠦᠦ ᠴᠠᠭ ᠢᠶᠠᠷ ᠢᠶᠠᠨ ᠮᠠᠯ ᠤᠨ ᠡᠪᠡᠰᠦ ᠪᠣᠷᠳᠤᠭ᠎ᠠ ᠬᠤᠳᠠᠯᠳᠤᠵᠦ ᠂ ᠵᠢᠯ ᠤᠨ ᠣᠷᠣᠯᠭ᠎ᠠ ᠨᠢ 12 | ᠲᠦᠮᠡ ᠳᠤ ᠬᠦᠷᠴᠠᠢ᠃ | ᠶᠠᠳᠠᠭᠤ ᠠᠴᠠ ᠠᠩᠬᠢᠵᠢᠷᠠᠭᠤᠯᠤᠭᠰᠠᠨ ᠨᠠᠮ ᠤᠨ ᠠᠴᠢ ᠶᠢ ᠮᠠᠷᠳᠠᠵᠦ ᠪᠣᠯᠬᠤ ᠦᠭᠡᠢ᠃ ᠠᠮᠤᠭᠤᠯᠠᠩ ᠴᠢᠳᠠᠯ ᠤᠨ | ᠬᠢᠷᠢ ᠪᠠᠷ ᠢᠶᠠᠨ ᠪᠣᠰᠣᠳ ᠶᠠᠳᠠᠭᠤ ᠬᠦᠴᠢᠷᠳᠡᠯᠲᠠᠢ ᠡᠷᠦᠬᠡ ᠶᠢ ᠢᠳᠡᠪᠬᠢᠲᠠᠢ ᠬᠠᠪᠰᠤᠷᠤᠨ ᠶᠠᠳᠠᠭᠤ ᠠᠴᠠ ᠨᠢ | ᠠᠩᠬᠢᠵᠢᠷᠠᠭᠤᠯᠤᠨ ᠴᠢᠨᠡᠭᠡᠯᠢᠭᠵᠢᠭᠦᠯᠵᠦ᠂ ᠪᠠᠰᠠ ᠦᠷᠭᠦᠯᠵᠢ ᠰᠠᠨᠠᠭᠠᠴᠢᠯᠠᠭ᠎ᠠ ᠠᠴᠠ ᠪᠠᠨ ᠭᠠᠴᠠᠭᠠᠨ ᠤ ᠪᠠᠨ ᠮᠠᠯᠴᠢᠨ | ᠡᠷᠦᠬᠡ ᠶᠢᠨ ᠳᠤ ᠬᠦᠷᠴᠦ ᠦᠢᠯᠡᠳᠪᠦᠷᠢᠯᠡᠯ ᠠᠮᠢᠳᠤᠷᠠᠯ ᠤᠨ ᠬᠦᠴᠢᠷᠳᠡᠯ ᠢ ᠨᠢ ᠰᠢᠢᠳᠪᠦᠷᠢᠯᠡᠵᠦ ᠦᠭᠳᠡᠭ ᠃ | ᠠᠮᠤᠭᠤᠯᠠᠩ ᠤᠨ ᠳᠡᠰᠪᠦᠷᠢ ᠬᠠᠳᠠᠭᠤᠵᠢᠯᠲᠠᠢ᠂ ᠪᠣᠰᠣᠳ ᠢ ᠬᠠᠪᠰᠤᠷᠬᠤ ᠲᠤᠷᠠᠲᠠᠢ ᠵᠠᠩ ᠴᠢᠨᠠᠷ ᠨᠢ ᠭᠠᠴᠠᠭᠠᠨ ᠤ | ᠨᠠᠮ ᠤᠨ ᠡᠭᠦᠷ ᠤᠨ ᠱᠦᠵᠢ ᠪᠠᠶᠢᠭᠰᠠᠨ ᠪᠢᠯᠢᠭᠦᠨ ᠤ ᠰᠡᠳᠬᠢᠯ ᠢ ᠬᠦᠳᠡᠯᠭᠡᠵᠦ᠂ ᠲᠡᠷᠡ ᠠᠮᠤᠭᠤᠯᠠᠩ ᠳᠤ ᠨᠠᠮ ᠤᠨ | ᠵᠣᠬᠢᠶᠠᠨ ᠪᠠᠶᠢᠭᠤᠯᠤᠯᠲᠠ ᠳᠤ ᠣᠷᠣᠬᠤ ᠶᠢ ᠰᠠᠨᠠᠭᠤᠯᠤᠭᠰᠠᠨ ᠮᠦᠷᠳᠡᠭᠡᠨ ᠠᠮᠤᠭᠤᠯᠠᠩ ᠢ ᠨᠠᠮ ᠳᠤ ᠣᠷᠤᠭᠤᠯᠬᠤ | ᠲᠠᠨᠢᠯᠴᠠᠭᠤᠯᠤᠭᠴᠢ ᠨᠢ ᠪᠣᠯᠬᠤ ᠭᠡᠵᠠᠢ᠃ | ︽ᠠᠬᠠᠮᠠᠳ ᠱᠦᠵᠢ ᠶᠢᠨ ᠢᠩᠬᠢᠵᠦ ᠶᠠᠷᠢᠬᠤ ᠶᠢ ᠨᠢ ᠰᠣᠨᠣᠰᠣᠭᠠᠳ ᠪᠢ ᠶᠡᠭᠡ ᠯᠠ ᠰᠡᠳᠬᠢᠯ ᠳᠣᠭᠳᠣᠯᠣᠭᠰᠠᠨ᠂ | ᠭᠡᠪᠡᠴᠦ ᠲᠡᠷᠡ ᠦᠶ᠎ᠡ ᠳᠤ ᠪᠢ ᠭᠠᠴᠠᠭᠠᠨ ᠳᠤ ᠪᠠᠨ ᠢᠷᠡᠭᠡᠳ ᠲᠡᠮᠡᠢ ᠤᠳᠠᠭ᠎ᠠ ᠦᠭᠡᠢ ᠂ ᠦᠪᠡᠷ ᠤᠨ | ᠠᠮᠢᠳᠤᠷᠠᠯ ᠢᠶᠠᠨ ᠳᠦᠩᠭᠡᠵᠦ ᠠᠷᠭᠠᠴᠠᠭᠠᠵᠦ ᠪᠠᠶᠢᠭᠰᠠᠨ ᠴᠠᠭ᠂ ᠨᠢᠭᠡᠨ ᠬᠢᠷᠢ ᠲᠡᠩᠴᠡᠭᠰᠡᠨ ᠨᠠᠮ ᠤᠨ ᠭᠡᠰᠢᠭᠦᠨ | ᠪᠣᠯᠬᠤ ᠨᠦᠬᠦᠴᠡᠯ ᠬᠠᠷᠠᠬᠠᠨ ᠪᠦᠷᠢᠳᠦᠭᠡ ᠦᠭᠡᠢ︾ ᠭᠡᠵᠦ ᠠᠮᠤᠭᠤᠯᠠᠩ ᠶᠠᠷᠢᠬᠤ ᠶᠤᠮ ᠪᠢᠯᠡ᠃ ᠠᠬᠠᠮᠠᠳ ᠱᠦᠵᠢ | ᠨᠢ ᠲᠡᠭᠦᠨ ᠢ ᠲᠠᠷᠤᠢ ᠰᠢᠭᠦᠮᠵᠢᠯᠡᠵᠦ᠄ ︽ᠴᠢᠨᠦ ᠴᠢᠷᠮᠠᠶᠢᠯᠭ᠎ᠠ ᠶᠢ ᠣᠯᠠᠨ ᠢᠶᠠᠷ ᠢᠶᠠᠨ ᠪᠦᠷ ᠣᠯᠵᠦ ᠬᠠᠷᠠᠭᠰᠠᠨ᠂ | ᠲᠣᠳᠣᠷ᠎ᠠ ᠪᠠᠨ ᠪᠦᠷ ᠲᠤᠭᠠᠲᠠᠢ᠂ ᠴᠢ ᠨᠠᠮ ᠤᠨ ᠭᠡᠰᠢᠭᠦᠨ ᠤ ᠨᠦᠬᠦᠴᠡᠯ ᠳᠤ ᠨᠡᠶᠢᠴᠡᠬᠦ ᠦᠭᠡᠢ ᠪᠣᠯ ᠬᠡᠨ | ᠨᠡᠶᠢᠴᠡᠬᠦ ᠪᠣᠢ︾ ᠭᠡᠵᠠᠢ᠃ ᠠᠮᠤᠭᠤᠯᠠᠩ ᠠᠬᠠᠮᠠᠳ ᠱᠦᠵᠢ ᠶᠢᠨ ᠬᠦᠰᠡᠯ ᠨᠠᠶᠢᠳᠠᠯᠭ᠎ᠠ ᠶᠢ ᠬᠦᠰᠡᠷᠳᠡᠭᠦᠯᠬᠦ ᠦᠭᠡᠢ | ᠲᠦᠯᠦᠭᠡ᠂ ᠨᠢᠭᠡ ᠰᠡᠳᠬᠢᠯ ᠨᠢᠭᠡ ᠵᠣᠷᠢᠭ ᠢᠶᠠᠷ ᠦᠢᠯᠡᠳᠪᠦᠷᠢᠯᠡᠯ ᠢᠶᠠᠨ ᠬᠦᠭᠵᠢᠭᠦᠯᠦᠨ᠂ ᠴᠢᠳᠠᠯ ᠤᠨ ᠬᠢᠷᠢ ᠪᠠᠷ | ᠮᠠᠯᠴᠢᠳ ᠢᠶᠠᠨ ᠬᠠᠪᠰᠤᠷᠤᠨ ᠬᠦᠴᠢᠷ ᠵᠣᠪᠠᠯᠠᠩ ᠢ ᠨᠢ ᠰᠢᠢᠳᠪᠦᠷᠢᠯᠡᠵᠦ ᠦᠭᠭᠦᠭᠰᠡᠨ ᠠᠴᠠ ᠣᠯᠠᠨ ᠤ ᠬᠦᠷᠢᠶᠡᠯᠡᠯ ᠢ | ᠣᠯᠵᠠᠢ᠃ 2021 ᠣᠨ ᠤ 1 ᠳ᠋ᠣᠭᠡᠷ ᠰᠠᠷ᠎ᠠ ᠳᠤ᠂ ᠠᠮᠤᠭᠤᠯᠠᠩ ᠦᠨᠳᠦᠷ ᠪᠢᠯᠧᠲ ᠢᠶᠠᠷ ᠭᠠᠴᠠᠭᠠᠨ ᠤ ᠪᠠᠨ | ᠨᠠᠮ ᠤᠨ ᠡᠭᠦᠷ ᠤᠨ ᠱᠦᠵᠢ᠂ ᠭᠠᠴᠠᠭᠠᠨ ᠤ ᠵᠦᠪᠯᠡᠯ ᠤᠨ ᠡᠷᠬᠢᠯᠡᠭᠴᠢ ᠪᠠᠷ ᠰᠤᠩᠭᠤᠭᠳᠠᠪᠠ᠃ | ᠶᠠᠳᠠᠭᠤ ᠬᠦᠴᠢᠷᠳᠡᠯᠲᠠᠢ ᠡᠷᠦᠬᠡ ᠪᠠᠶᠢᠭᠰᠠᠨ ᠠᠴᠠ ᠪᠠᠨ ᠭᠠᠴᠠᠭᠠᠨ ᠤ ᠪᠠᠨ ᠨᠠᠮ ᠤᠨ ᠡᠭᠦᠷ ᠤᠨ ᠱᠦᠵᠢ᠂ | ᠭᠠᠴᠠᠭᠠᠨ ᠤ ᠵᠦᠪᠯᠡᠯ ᠤᠨ ᠡᠷᠬᠢᠯᠡᠭᠴᠢ ᠪᠣᠯᠣᠭᠰᠠᠨ ᠳᠤ ᠪᠠᠨ ᠠᠮᠤᠭᠤᠯᠠᠩ ︽ᠨᠠᠮ ᠤᠨ ᠲᠦᠷᠦ ᠶᠢᠨ ᠪᠣᠳᠣᠯᠭ᠎ᠠ | ᠮᠢᠨᠦ ᠬᠤᠪᠢ ᠵᠠᠶᠠᠭ᠎ᠠ ᠶᠢ ᠦᠭᠡᠷᠡᠴᠢᠯᠡᠭᠰᠡᠨ︾ ᠭᠡᠵᠦ ᠰᠡᠳᠬᠢᠯ ᠬᠦᠳᠡᠯᠦᠨ ᠶᠠᠷᠢᠨ᠎ᠠ᠃ ᠣᠳᠣᠬᠠᠨ ᠳᠤ ᠬᠦᠳᠡᠭᠡ | ᠲᠤᠰᠬᠤᠨ ᠢ ᠬᠦᠭᠵᠢᠭᠦᠯᠦᠨ ᠮᠠᠨᠳᠤᠭᠤᠯᠬᠤ ᠬᠦᠰᠢᠭᠡ ᠨᠢᠭᠡᠨᠲᠡ ᠰᠡᠬᠦᠭᠳᠡᠵᠦ᠂ ᠠᠮᠤᠭᠤᠯᠠᠩ ᠴᠦ ᠰᠢᠨ᠎ᠡ ᠠᠯᠤᠰ | ᠬᠡᠳᠦ ᠶᠢᠨ ᠲᠦᠰᠦᠯ ᠲᠦᠯᠦᠪᠯᠡᠭᠡ ᠲᠠᠢ ᠪᠣᠯᠵᠠᠢ᠃ ︽ᠭᠠᠴᠠᠭᠠᠨ ᠳᠤ ᠪᠠᠨ ᠨᠢᠭᠡᠨ ᠮᠠᠯ ᠠᠷᠠᠯᠵᠢᠶᠠᠯᠠᠬᠤ ᠵᠠᠬ᠎ᠠ | ᠭᠠᠷᠭᠠᠬᠤ ᠪᠠᠷ ᠲᠦᠯᠦᠪᠯᠡᠵᠦ ᠪᠣᠢ᠂ ᠭᠠᠴᠠᠭᠠᠨ ᠤ ᠪᠠᠨ ᠬᠠᠮᠳᠤ ᠶᠢᠨ ᠠᠵᠦ ᠠᠬᠤᠢ ᠶᠢ ᠪᠣᠵᠠᠭᠠᠶᠢᠷᠠᠭᠤᠯᠤᠨ᠂ | ᠣᠯᠠᠨ ᠲᠠᠢ ᠪᠠᠨ ᠴᠢᠨᠡᠭᠡᠯᠢᠭᠵᠢᠯ ᠤᠨ ᠵᠠᠮ ᠢᠶᠠᠷ ᠵᠠᠮᠨᠠᠵᠦ᠂ ᠨᠡᠩ ᠰᠠᠶᠢᠨ ᠠᠮᠢᠳᠤᠷᠠᠯ ᠢ ᠡᠳ᠋ᠯᠡᠬᠦ ᠪᠠᠷ ᠴᠢᠷᠮᠠᠶᠢᠨ᠎ᠠ︾ | ᠭᠡᠵᠦ ᠲᠡᠷᠡ ᠤᠷᠮᠠᠲᠠᠶᠢᠬᠠᠨ ᠶᠠᠷᠢᠵᠦ ᠪᠠᠶᠢᠯ᠎ᠠ᠃ | (《ᠰᠤᠷᠤᠯᠴᠠᠯᠭ᠎ᠠ ᠶᠢᠨ ᠬᠦᠴᠦᠷᠬᠡᠭ ᠭᠦᠷᠦᠨ》 ᠸᠢᠴᠠᠲ ᠳᠠᠪᠴᠠᠩ ᠤᠨ ᠦᠪᠦᠷ ᠮᠣᠩᠭᠤᠯ ᠤᠨ | ᠰᠤᠷᠤᠯᠴᠠᠯᠭ᠎ᠠ ᠶᠢᠨ ᠳᠠᠪᠴᠠᠩ ᠠᠴᠠ ᠰᠤᠩᠭᠤᠨ ᠣᠷᠴᠢᠭᠤᠯᠪᠠ ) | |