ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠵᠠᠰᠠᠭ ᠵᠠᠬᠢᠷᠭᠠᠨ | ᠤ ᠤᠷᠤᠨ ᠬᠤᠪᠢᠶᠠᠷᠢᠯᠠᠯ ᠭᠠᠵᠠᠷ ᠤᠨ ᠨᠡᠷ᠎ᠡ ᠶᠢᠨ ᠭᠠᠵᠠᠷ ᠤᠨ ᠦᠨᠳᠤᠰᠤᠨ ᠪᠠᠶᠢᠳᠠᠯ | | | ᠨᠢᠭᠡ᠂ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠬᠠᠮᠢᠶᠠᠷᠤᠯᠲᠠ | ᠠᠷᠠᠳ ᠤᠨ ᠶᠠᠪᠤᠳᠠᠯ ᠤᠨ ᠶᠠᠮᠤᠨ ᠠᠴᠠ ᠬᠤᠪᠢᠶᠠᠷᠢᠯᠠᠭᠰᠠᠨ ︽ᠬᠢᠯᠢ ᠬᠢᠵᠠᠭᠠᠷ ᠣᠷᠣᠨ ᠤ ᠵᠠᠰᠠᠭ ᠵᠠᠬᠢᠷᠭᠠᠨ ᠤ | ᠣᠷᠣᠨ ᠬᠤᠪᠢᠶᠠᠷᠢᠯᠠᠯ ᠤᠨ ᠪᠦᠲᠦᠴᠡ ᠶᠢᠨ ᠲᠣᠭᠳᠠᠯᠴᠠᠭ᠎ᠠ ᠪᠠ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠰᠤᠳᠤᠯᠭᠠᠨ ᠤ ᠰᠡᠳᠦᠪ︾ ᠢ ᠪᠡᠶᠡᠯᠡᠭᠦᠯᠪᠡ︔ ᠮᠤᠵᠢ ᠶᠢᠨ ᠳᠡᠰ ᠤᠨ ︽ | ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ ᠬᠢ ᠬᠥᠬᠡᠬᠤᠲᠠ ᠪᠤᠭᠤᠲᠤ | ᠣᠷᠳᠣᠰᠦᠬᠠᠢ ᠶᠢᠨ ᠣᠷᠣᠨ ᠪᠦᠰᠡ ᠶᠢᠨ ᠨᠢᠭᠡ ᠴᠤᠭᠴᠠᠵᠢᠯᠲᠠ ᠬᠢᠭᠡᠳ ᠵᠠᠰᠠᠭ ᠵᠠᠬᠢᠷᠭᠠᠨ ᠤ ᠣᠷᠣᠨ | ᠬᠤᠪᠢᠶᠠᠷᠢᠯᠠᠯ ᠤᠨ ᠬᠠᠷᠢᠴᠠᠭᠠᠨ ᠤ ᠰᠤᠳᠤᠯᠭᠠᠨ ᠤ ᠰᠡᠳᠦᠪ︾ ᠢ ᠦᠷᠨᠢᠭᠦᠯᠪᠡ︔ ᠬᠥᠬᠡᠬᠤᠲᠠ᠂ ᠣᠷᠳᠣᠰ | ᠬᠤᠲᠠ᠂ ᠪᠠᠶᠠᠨᠨᠠᠭᠤᠷ ᠬᠤᠲᠠ ᠶᠢᠨ ᠮᠡᠳᠡᠭᠦᠯᠦᠭᠰᠡᠨ 6 ᠲᠦᠷᠦᠯ ᠤᠨ ᠵᠠᠰᠠᠭ ᠵᠠᠬᠢᠷᠭᠠᠨ ᠤ ᠣᠷᠣᠨ | ᠬᠤᠪᠢᠶᠠᠷᠢᠯᠠᠯ ᠢ ᠬᠤᠪᠢᠷᠠᠭᠤᠯᠬᠤ ᠶᠠᠪᠤᠳᠠᠯ ᠤᠨ ᠲᠤᠬᠠᠢ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠲᠤᠬᠠᠶ ᠶᠢᠨ | ᠭᠠᠵᠠᠷ ᠲᠤ ᠨᠢ ᠪᠠᠶᠢᠴᠠᠭᠠᠨ ᠰᠤᠳᠤᠯᠬᠤ᠂ ᠰᠠᠨᠠᠯ ᠬᠤᠷᠢᠶᠠᠬᠤ ᠵᠡᠷᠭᠡ ᠠᠵᠢᠯ ᠢ ᠪᠡᠶᠡᠯᠡᠭᠦᠯᠪᠡ︔ ᠪᠥᠬᠦ ᠣᠷᠣᠨ ᠤ | 2019 ᠣᠨ ᠠᠴᠠ 2021 ᠣᠨ ᠬᠦᠷᠳᠡᠯᠡᠬᠢ ᠡᠯ᠎ᠡ ᠭᠠᠵᠠᠷ ᠤᠨ ᠮᠡᠳᠡᠭᠦᠯᠦᠨ ᠬᠦᠷᠭᠡᠭᠰᠡᠨ 23 ᠲᠦᠷᠦᠯ ᠤᠨ | ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢ ᠬᠤᠪᠢᠷᠠᠭᠤᠯᠬᠤ ᠶᠠᠪᠤᠳᠠᠯ ᠢ ᠭᠥᠯᠢᠶᠡᠨ ᠠᠪᠴᠤ | ᠰᠢᠢᠳᠪᠤᠷᠢᠯᠡᠭᠰᠡᠨ᠂ ᠭᠦᠢᠴᠡᠳᠬᠡᠭᠰᠡᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠬᠤᠪᠢᠳᠠᠨ ᠬᠠᠮᠢᠶᠠᠷᠬᠤ ᠲᠡᠷᠢᠭᠦᠯᠡᠭᠴᠢ ᠳᠤ 2 ᠤᠳᠠᠭ᠎ᠠ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠬᠢᠵᠦ᠂ | ᠠᠵᠢᠯ ᠢᠶᠠᠨ ᠠᠬᠢᠭᠤᠯᠬᠤ ᠰᠠᠨᠠᠭᠤᠯᠭ᠎ᠠ ᠳᠤᠷᠠᠳᠪᠠ︔ ︽ᠮᠣᠩᠭᠤᠯ ᠬᠢᠲᠠᠳ ᠬᠠᠷᠢᠴᠠᠭᠤᠯᠤᠭᠰᠠᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷ᠎ᠡ ᠶᠢᠨ | ᠳᠣᠪᠴᠢᠯᠠᠯ ᠳᠡᠪᠲᠡᠷ 2021︾ ︵ᠲᠤᠷᠰᠢᠨ ᠬᠡᠷᠡᠭᠵᠢᠭᠦᠯᠬᠦ ᠬᠡᠪᠯᠡᠯ︶᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠵᠢᠷᠤᠭ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠤᠷᠤᠨ ᠬᠤᠪᠢᠶᠠᠷᠢᠯᠠᠯ ᠤᠨ ᠵᠢᠷᠤᠭ ᠤᠨ ᠲᠡᠭᠦᠪᠦᠷᠢ︾ ᠶᠢ | ᠨᠠᠶᠢᠷᠠᠭᠤᠯᠤᠨ ᠦᠢᠯᠡᠳᠬᠦ ᠡᠭᠦᠷᠭᠡ ᠪᠠᠨ ᠪᠡᠶᠡᠯᠡᠭᠦᠯᠪᠡ᠃ | ᠬᠤᠶᠠᠷ᠂ ᠭᠠᠵᠠᠷ ᠤᠨ ᠨᠡᠷ᠎ᠡ ᠶᠢᠨ ᠬᠠᠮᠢᠶᠠᠷᠤᠯᠲᠠ | ᠠᠷᠠᠳ ᠤᠨ ᠶᠠᠪᠤᠳᠠᠯ ᠤᠨ ᠶᠠᠮᠤᠨ ᠠᠴᠠ ᠬᠢᠨᠠᠨ ᠬᠠᠷᠭᠤᠭᠤᠯᠵᠤ ᠳᠠᠩᠰᠠᠯᠠᠭᠰᠠᠨ ᠬᠤᠶᠠᠷ ᠪᠦᠯᠦᠭ ᠨᠡᠶᠢᠲᠡ 21 | ᠵᠤᠷᠪᠤᠰ ᠪᠦᠬᠦᠢ ︽ᠭᠠᠳᠠᠭᠠᠳᠤ ᠬᠡᠯᠡᠨ ᠠᠴᠠ ᠠᠪᠣᠭᠰᠠᠨ︾ ︽ ᠳᠠᠪᠬᠤᠴᠠᠭᠰᠠᠨ︾ ᠭᠠᠵᠠᠷ ᠤᠨ ᠨᠡᠷ᠎ᠡ ᠶᠢ | ᠴᠡᠪᠡᠷᠯᠡᠵᠦ ᠴᠡᠭᠴᠡᠯᠡᠨ ᠵᠠᠰᠠᠬᠤ ᠠᠵᠢᠯ ᠢ ᠥᠨᠳᠥᠷ ᠪᠦᠲᠦᠮᠵᠢᠲᠡᠶ ᠪᠠᠷ ᠪᠡᠶᠡᠯᠡᠭᠦᠯᠪᠡ︔ ᠳᠤᠮᠳᠠᠳᠤ ᠤᠯᠤᠰ · | ᠤᠯᠤᠰ ᠤᠨ ᠭᠠᠵᠠᠷ ᠤᠨ ᠨᠡᠷ᠎ᠡ ᠶᠢᠨ ᠰᠤᠷᠠᠭ ᠵᠠᠩᠭᠢ ᠶᠢᠨ ᠬᠦᠮᠦᠷᠭᠡ ᠶᠢᠨ 2019 ᠣᠨ ᠠᠴᠠ 2020 ᠣᠨ | ᠬᠦᠷᠲᠡᠯᠡᠬᠢ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠨᠡᠷ᠎ᠡ ᠶᠢᠨ ᠰᠤᠷᠠᠭ ᠵᠠᠩᠭᠢ ᠶᠢ ᠨᠥᠬᠦᠪᠥᠷᠢᠯᠡᠬᠦ ᠪᠠ | ᠰᠢᠨᠡᠳᠬᠡᠬᠦ ᠠᠵᠢᠯ ᠢ ᠦᠷᠨᠢᠭᠦᠯᠵᠡᠢ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ | ᠨᠡᠷ᠎ᠡ ᠶᠢᠨ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠶᠢ ᠮᠠᠭᠠᠳᠯᠠᠨ ᠲᠣᠭᠲᠠᠭᠠᠬᠤ | ᠠᠵᠢᠯ ᠢ ᠬᠡᠷᠡᠭᠵᠢᠭᠦᠯᠬᠦ ᠲᠥᠰᠦᠯ︾ ᠢ ᠰᠤᠳᠤᠯᠤᠨ ᠲᠤᠭᠤᠷᠪᠢᠪᠠ︔ ︽ ᠬᠤᠪᠢᠰᠬᠠᠯ ᠤᠨ ᠭᠠᠵᠠᠷ ᠤᠨ | ᠨᠡᠷ᠎ᠡ ᠶᠢᠨ ᠰᠣᠶᠣᠯ ᠢ ᠪᠠᠳᠠᠷᠠᠭᠤᠯᠵᠤ᠂ ᠨᠤᠲᠤᠭ ᠤᠰᠤᠨ ᠤ ᠭᠠᠵᠠᠷ ᠤᠨ ᠨᠡᠷ᠎ᠡ ᠶᠢᠨ ᠥᠯᠢᠭᠡᠷ ᠢᠶᠠᠨ ᠰᠠᠶᠢᠲᠤᠷ | ᠶᠠᠷᠢᠬᠤ︾ ᠦᠢᠯᠡᠳᠤᠯᠭᠡ ᠶᠢᠨ ᠠᠵᠢᠯᠯᠠᠭ᠎ᠠ ᠦᠷᠨᠢᠭᠦᠯᠪᠡ᠃ | ᠭᠤᠷᠪᠠ᠂ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠵᠠᠭᠠᠭ ᠱᠤᠭᠤᠮ ᠤᠨ ᠬᠠᠮᠢᠶᠠᠷᠤᠯᠲᠠ ᠵᠠᠰᠠᠭ | ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠮᠲᠤᠷᠠᠨ ᠪᠠᠶᠢᠴᠠᠭᠠᠬᠤ ᠠᠵᠢᠯ ᠢᠶᠠᠨ ᠲᠡᠭᠦᠰ ᠠᠮᠵᠢᠯᠳᠠ ᠲᠠᠢ | ᠪᠡᠶᠡᠯᠡᠭᠦᠯᠪᠡ ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠲᠠᠢ | ᠬᠤᠯᠪᠣᠭᠠᠯᠠᠨ ᠮᠤᠵᠢ ᠶᠢᠨ ᠬᠤᠭᠤᠷᠣᠨᠳᠣᠬᠢ ᠬᠢᠯᠢ ᠶᠢᠨ ᠵᠠᠭᠠᠭ ᠱᠤᠭᠤᠮ ᠤᠨ ᠮᠠᠷᠭᠤᠭᠠᠨ ᠢ ᠰᠡᠷᠭᠡᠶᠢᠯᠡᠬᠦ 7 | ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠪᠠ︔ ᠡᠯ᠎ᠡ ᠭᠠᠵᠠᠷ ᠤᠨ ᠵᠠᠰᠠᠭ ᠤᠨ ᠣᠷᠳᠣᠨ᠂ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠤᠨ ᠵᠠᠭᠠᠭ ᠱᠤᠭᠤᠮ ᠤᠨ ᠳᠠᠯᠳᠠ ᠬᠡᠮ ᠰᠣᠭᠤᠭ ᠢ ᠰᠢᠭᠰᠢᠨ ᠪᠠᠶᠢᠴᠠᠭᠠᠵᠤ | ᠰᠡᠷᠭᠡᠶᠢᠯᠡᠨ ᠠᠷᠢᠯᠭᠠᠬᠤ ᠠᠵᠢᠯᠯᠠᠭ᠎ᠠ ᠶᠢ ᠭᠦᠨᠵᠡᠭᠡᠶᠢᠷᠡᠭᠦᠯᠬᠦ ᠶᠢ ᠨᠢ ᠬᠢᠨᠠᠨ ᠵᠢᠯᠣᠭᠤᠳᠴᠤ᠂ ᠨᠠᠮ | ᠪᠠᠶᠢᠭᠤᠯᠤᠭᠳᠠᠭᠰᠠᠨ 100 ᠵᠢᠯ ᠤᠨ ᠣᠢ ᠳᠤ ᠬᠢ ᠠᠮᠤᠷ ᠠᠮᠤᠭᠤᠯᠠᠩ ᠬᠢᠯᠢ ᠶᠢᠨ ᠵᠠᠭᠠᠭ ᠱᠣᠭᠤᠮ ᠢ | ᠪᠠᠶᠢᠭᠤᠯᠬᠤ ᠬᠠᠷᠠᠯᠲᠠ ᠪᠠᠨ ᠪᠡᠶᠡᠯᠡᠭᠦᠯᠦᠭᠰᠡᠨ ᠪᠦᠭᠡᠳ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠬᠢᠯᠢ ᠶᠢᠨ | ᠱᠤᠩ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠵᠠᠭᠠᠭ ᠱᠤᠭᠤᠮ ᠢ ᠲᠤᠭᠠᠴᠠᠯᠠᠨ ᠰᠢᠢᠳᠪᠤᠷᠢᠯᠡᠬᠦ | ᠲᠤᠷᠰᠢᠯᠲᠠ ᠶᠢᠨ ᠴᠡᠭ ᠤᠨ ᠠᠵᠢᠯ ᠢᠶᠠᠨ ᠪᠡᠶᠡᠯᠡᠭᠦᠯᠵᠡᠢ᠃ | |