ᠮᠠᠨ ᠤ ᠣᠷᠣᠨ 47.7 ᠳ᠋ᠦᠩᠰᠢᠭᠤᠷ ᠲᠥᠭᠦᠷᠢᠭ ᠤᠨ ᠵᠢᠵᠢᠭ ᠪᠢᠴᠢᠯ ᠠᠵᠤ ᠠᠬᠤᠶᠢᠯᠠᠯ ᠤᠨ ᠦᠯᠡᠳᠡᠬᠡᠵᠤ ᠪᠤᠴᠠᠭᠠᠬᠤ ᠭᠠᠶᠢᠯᠢ ᠶᠢᠨ ᠮᠥᠩᠭᠦ ᠶᠢ ᠠᠶᠢᠮᠠᠭ ᠬᠤᠲᠠ ᠬᠤᠰᠢᠭᠤ ᠰᠢᠶᠠᠨ ᠳᠤ ᠪᠠᠭᠤᠯᠭᠠᠪᠠ
ᠨᠡᠶᠢᠲᠡᠯᠡᠭᠰᠡᠨ ᠴᠠᠭ᠄
2022/4/19
    ᠦᠯᠡᠳᠡᠭᠡᠬᠦ ᠪᠠ ᠪᠤᠴᠠᠭᠠᠬᠤ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠬᠤ ᠶᠢᠨ ᠲᠥᠯᠥᠭᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠳ᠋ ᠤᠨ ᠵᠠᠰᠠᠭ ᠤᠨ ᠶᠠᠮᠤᠨ ᠤ ᠤᠷᠢᠶᠠᠯᠠᠭ᠎ᠠ ᠶᠢ ᠴᠤᠤᠷᠢᠶᠠᠳᠤᠨ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠲᠠᠷᠤᠢ ᠬᠠᠷᠢᠴᠠᠵᠤ ᠪᠦᠬᠦ ᠣᠷᠣᠨ ᠤ  ᠦᠯᠳᠡᠬᠡᠵᠤ ᠪᠤᠴᠠᠭᠠᠬᠤ ᠭᠠᠶᠢᠯᠢ ᠶᠢᠨ ᠪᠠᠶᠢᠳᠠᠯ ᠢ ᠤᠶᠢᠯᠠᠭᠠᠬᠰᠠᠨ ᠤ ᠬᠠᠮᠲᠤ ᠦᠯᠡᠳᠡᠭᠡᠵᠦ ᠪᠤᠴᠠᠭᠠᠬᠤ ᠭᠠᠶᠢᠯᠢ ᠶᠢᠨ ᠮᠥᠩᠭᠦ ᠶᠢ ᠰᠢᠭᠤᠳ ᠬᠦᠷᠭᠡᠬᠦ ᠪᠡᠯᠡ ᠮᠥᠩᠭᠦ ᠶᠢᠨ ᠬᠠᠮᠢᠶᠠᠷᠤᠯᠲᠠ ᠳᠤ ᠣᠷᠣᠭᠤᠯᠬᠤ ᠪᠠ ᠲᠤᠰᠠᠭᠠᠷ ᠰᠢᠯᠵᠢᠭᠦᠯᠦᠨ ᠥᠭᠬᠦ ᠱᠠᠭᠠᠷᠳᠠᠯᠭ᠎ᠠ ᠶᠣᠰᠣᠭᠠᠷ᠂ ᠵᠢᠵᠢᠭ ᠪᠢᠴᠢᠯ ᠠᠵᠤ ᠠᠬᠤᠶᠢᠯᠠᠯ ᠤᠨ ᠨᠢᠭᠡᠳᠦᠭᠡᠷ ᠪᠦᠯᠦᠭ ᠤᠨ ᠦᠯᠡᠳᠡᠭᠡᠵᠦ ᠪᠤᠴᠠᠭᠠᠬᠤ 47.7 ᠳ᠋ᠦᠩᠰᠢᠭᠤᠷ ᠲᠥᠭᠦᠷᠢᠭ ᠭᠠᠶᠢᠯᠢ ᠶᠢᠨ ᠲᠤᠰᠬᠠᠢ ᠪᠡᠯᠡ ᠮᠥᠩᠭᠦ ᠶᠢ ᠬᠤᠶᠠᠷ ᠤᠳᠠᠭ᠎ᠠ ᠳᠤ ᠪᠦᠬᠦᠨ ᠢᠶᠠᠷ ᠨᠢ ᠠᠶᠢᠮᠠᠭ ᠬᠤᠲᠠ ᠬᠤᠰᠢᠭᠤ ᠰᠢᠶᠠᠨ ᠤ ᠤᠯᠤᠰ ᠤᠨ ᠬᠥᠮᠥᠷᠭᠡ ᠳᠤ ᠡᠳ᠋ ᠤᠨ ᠵᠠᠰᠠᠭ ᠤᠨ ᠶᠠᠮᠤᠨ ᠤ ᠱᠠᠭᠠᠷᠳᠠᠭᠰᠠᠨ ᠰᠢᠯᠵᠢᠭᠦᠯᠦᠨ ᠥᠭᠬᠦ ᠴᠠᠭ  ᠠᠴᠠ ᠡᠷᠳᠡ ᠪᠠᠭᠤᠯᠭᠠᠵᠤ᠂ ᠭᠠᠶᠢᠯᠢ ᠠᠴᠠ ᠪᠤᠴᠠᠭᠠᠬᠤ ᠪᠡᠯᠡ ᠮᠥᠩᠭᠦ ᠶᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠦᠷᠭᠡᠨ ᠬᠦᠷᠭᠡᠬᠦ ᠶᠢ ᠦᠨᠡᠨ ᠬᠦ ᠪᠠᠳᠤᠯᠠᠪᠠ᠃    ᠶᠡᠭᠡ ᠬᠡᠪᠴᠢᠶᠡᠨ ᠤ ᠥᠷᠲᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠬᠦ ᠪᠠ ᠪᠤᠴᠠᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠣᠯ ᠦᠨᠤ ᠵᠢᠯ ᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠬᠤᠷᠸ᠎ᠠ ᠠᠵᠤ ᠠᠬᠤᠢ ᠶᠢᠨ ᠶᠡᠭᠡ ᠪᠠᠶᠢᠳᠠᠯ ᠢ ᠲᠣᠭᠲᠠᠪᠤᠷᠢᠵᠢᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠭᠠᠶᠢᠯᠢ ᠶᠢ ᠪᠤᠴᠠᠭᠠᠬᠤ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠤᠰ ᠤᠨ ᠬᠥᠮᠥᠷᠭᠡ ᠠᠴᠠ ᠭᠦᠢᠴᠡᠳ ᠪᠡᠯᠡ ᠮᠥᠩᠭᠦ ᠦᠯᠡᠳᠡᠭᠡᠨ ᠭᠠᠶᠢᠯᠢ ᠶᠢ ᠪᠤᠴᠠᠭᠠᠬᠤ ᠳᠤ ᠬᠡᠷᠡᠭᠯᠡᠬᠦ ᠶᠢ ᠦᠨᠡᠨ ᠬᠦ ᠪᠠᠲᠤᠯᠠᠬᠤ ᠪᠣᠯ ᠭᠠᠶᠢᠯᠢ ᠶᠢ ᠪᠤᠴᠠᠭᠠᠬᠤ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠃ ᠪᠡᠯᠡ ᠮᠥᠩᠭᠦ ᠰᠠᠯᠭᠠᠨ ᠥᠭᠬᠦ ᠠᠬᠢᠴᠠ ᠶᠢ ᠲᠦᠷᠭᠡᠳᠬᠡᠬᠦ ᠶᠢᠨ ᠬᠠᠮᠲᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠦᠯᠡᠳᠡᠬᠡᠵᠤ ᠪᠤᠴᠠᠭᠠᠬᠤ ᠭᠠᠶᠢᠯᠢ ᠶᠢᠨ ᠲᠥᠯᠥᠪᠯᠡᠭᠡ ᠶᠢ ᠳᠡᠭᠡᠭᠰᠢ ᠮᠡᠳᠡᠭᠦᠯᠬᠦ ᠪᠤᠯᠤᠨ ᠪᠡᠯᠡ ᠮᠥᠩᠭᠦ ᠶᠢ ᠤᠷᠢᠳᠴᠢᠯᠠᠨ ᠰᠠᠯᠭᠠᠨ ᠥᠭᠬᠦ ᠲᠣᠭᠲᠠᠴᠠ ᠶᠢ ᠪᠠᠶᠢᠭᠤᠯᠵᠤ᠂ ᠪᠠᠴᠢᠮ ᠢ ᠠᠷᠭᠠᠴᠠᠭᠠᠬᠤ ᠪᠡᠯᠡ ᠮᠥᠩᠭᠦ ᠶᠢ ᠰᠢᠯᠵᠢᠭᠦᠯᠦᠨ ᠥᠭᠬᠦ ᠶᠢᠨ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠪᠠ᠃ ᠭᠠᠶᠢᠯᠢ ᠪᠤᠴᠠᠭᠠᠬᠤ ᠪᠡᠯᠡ ᠮᠥᠩᠭᠦ ᠶᠢᠨ ᠭᠠᠶᠢᠯᠢ ᠲᠠᠲᠠᠪᠤᠷᠢ ᠶᠢᠨ ᠳᠣᠲᠣᠷ᠎ᠠ ᠡᠵᠡᠯᠡᠬᠦ ᠬᠤᠪᠢ ᠶᠢᠨ ᠵᠢᠩ ᠨᠢ ᠨᠡᠯᠢᠶᠡᠳ ᠥᠨᠳᠥᠷ ᠪᠤᠶᠤ ᠲᠣᠮᠣ ᠠᠵᠤ ᠠᠬᠤᠶᠢᠯᠠᠯ ᠤᠨ ᠶᠡᠭᠡ ᠬᠡᠪᠴᠢᠶ᠎ᠡ ᠪᠠᠷ ᠭᠠᠶᠢᠯᠢ ᠪᠤᠴᠠᠭᠠᠬᠤ ᠭᠠᠵᠠᠷ ᠣᠷᠣᠨ ᠳᠤ ᠴᠢᠭᠯᠡᠭᠦᠯᠦᠨ᠂ ᠪᠠᠴᠢᠮ ᠢ  ᠠᠷᠭᠠᠴᠠᠭᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠭᠠᠶᠢᠯᠢ ᠶᠢ ᠪᠤᠴᠠᠭᠠᠬᠤ ᠤᠯᠠᠨ ᠵᠦᠢᠯ ᠤᠨ ᠭᠡᠨᠡᠳᠲᠡ ᠶᠢᠨ ᠡᠯ᠎ᠡ ᠭᠠᠵᠠᠷ ᠤᠨ ᠦᠯᠡᠳᠡᠭᠡᠬᠦ ᠪᠠ ᠪᠤᠴᠠᠭᠠᠬᠤ ᠭᠠᠶᠢᠯᠢ ᠶᠢ ᠪᠤᠴᠠᠭᠠᠬᠤ ᠠᠵᠢᠯ ᠢ ᠰᠠᠶᠢᠲᠤᠷ ᠬᠢᠬᠦ ᠶᠢ ᠳᠡᠮᠵᠢᠭᠰᠡᠨ ᠰᠠᠭᠤᠷᠢᠨ ᠳᠡᠭᠡᠷ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠡᠭᠡ ᠪᠠᠶᠢᠭ᠎ᠠ ᠪᠠᠶᠢᠳᠠᠯ ᠤᠨ ᠡᠮᠦᠨ᠎ᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠦᠨᠳᠦᠰᠦᠨ ᠱᠠᠲᠤᠨ ᠤ ᠡᠳ᠋ ᠤᠨ ᠵᠠᠰᠠᠭ ᠤᠨ ᠬᠥᠮᠥᠷᠭᠡ ᠶᠢᠨ ᠵᠣᠭᠤᠰ ᠤᠨ ᠠᠵᠢᠯᠯᠠᠭᠠᠨ ᠤ ᠪᠠᠶᠢᠳᠠᠯ ᠢ ᠨᠢᠭᠲᠠ ᠠᠩᠬᠠᠷᠴᠤ᠂ ᠭᠠᠶᠢᠯᠢ ᠪᠤᠴᠠᠭᠠᠬᠤ ᠪᠡᠯᠡ ᠮᠥᠩᠭᠦ᠂ ᠰᠢᠭᠤᠳ ᠬᠦᠷᠭᠡᠬᠦ ᠪᠡᠯᠡ ᠮᠥᠩᠭᠦ ᠪᠠ ᠪᠤᠰᠤᠳ ᠰᠢᠯᠵᠢᠭᠦᠯᠦᠨ ᠥᠭᠬᠦ ᠪᠡᠯᠡ ᠮᠥᠩᠭᠦ ᠶᠢᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠨ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠶᠢᠨ ᠬᠤᠷᠢᠭ᠎ᠠ ᠱᠤᠭᠤᠮ ᠢ ᠰᠠᠶᠢᠳᠤᠷ ᠪᠠᠳᠤᠯᠠᠵᠤ ᠪᠠᠶᠢᠨ᠎ᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号