︽ᠦᠬᠠᠢ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠵᠢᠷᠤᠭ︾ ︽ᠦᠬᠠᠢ ᠬᠤᠲᠠ ᠶᠢᠨ ᠬᠤᠲᠠ ᠲᠣᠭᠤᠷᠢᠭ ᠤᠨ ᠵᠢᠷᠤᠭ︾ ︽ᠦᠬᠠᠢ ᠬᠤᠲᠠ ᠶᠢᠨ ᠪᠠᠷᠢᠮᠵᠢᠶᠠᠲᠤ ᠭᠠᠵᠠᠷ ᠤᠨ ᠨᠡᠷ᠎ᠡ ᠶᠢᠨ ᠵᠢᠷᠤᠭ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2022/4/20
   4 ᠳ᠋ᠤᠬᠡᠷ ᠰᠠᠷ᠎ᠠ ᠶᠢᠨ 13 ᠤ ᠡᠳᠦᠷ᠂ ᠦᠬᠠᠢ ᠬᠤᠲᠠ ᠰᠣᠨᠢᠨ ᠮᠡᠳᠡᠭᠡ ᠨᠡᠶᠢᠲᠡᠯᠡᠬᠦ ᠬᠤᠷᠠᠯ ᠪᠠ ᠠᠩᠬ᠎ᠠ ᠲᠠᠷᠬᠠᠭᠠᠬᠤ ᠶᠣᠰᠣᠯᠠᠯ ᠬᠢᠵᠦ᠂  ︽ᠦᠬᠠᠢ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠵᠢᠷᠤᠭ ︾ ︽ᠦᠬᠠᠢ ᠬᠤᠲᠠ ᠶᠢᠨ ᠬᠤᠲᠠ ᠲᠣᠭᠤᠷᠢᠭ ᠤᠨ ᠵᠢᠷᠤᠭ︾ ︽ᠦᠬᠠᠢ ᠬᠤᠲᠠ ᠶᠢᠨ ᠪᠠᠷᠢᠮᠵᠢᠶᠠᠲᠤ ᠭᠠᠵᠠᠷ ᠤᠨ ᠨᠡᠷ᠎ᠡ ᠶᠢᠨ ᠵᠢᠷᠤᠭ︾ ᠢ ᠨᠡᠶᠢᠲᠡᠯᠡᠪᠡ᠃ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠵᠡᠷᠭᠡ 11 ᠨᠢᠬᠡᠴᠢ ᠶᠢᠨ ᠠᠵᠢᠯᠲᠠᠨ ᠪᠠ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠵᠡᠷᠭᠡ 5 ᠵᠠᠭᠤᠴᠢᠯᠠᠭᠤᠷ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃ 
W020220414696635948141.jpg
   ᠦᠬᠠᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠭᠦᠸᠧ ᠵᠧᠨ ᠯᠢᠶᠠᠨ ᠭᠤᠷᠪᠠᠨ ᠵᠦᠢᠯ ᠤᠨ   ᠭᠠᠵᠠᠷ ᠤᠨ ᠵᠢᠷᠤᠭ ᠢ ᠨᠠᠶᠢᠷᠠᠭᠤᠯᠤᠬᠰᠠᠨ ᠶᠡᠷᠦᠩᠬᠡᠢ ᠪᠠᠶᠢᠳᠠᠯ ᠢ ᠲᠠᠨᠢᠯᠴᠠᠭᠤᠯᠪᠠ᠃ ᠲᠡᠷᠡ ᠶᠠᠷᠢᠬᠤ  ᠳᠤ ᠪᠠᠨ ᠭᠠᠵᠠᠷ ᠤᠨ ᠵᠢᠷᠤᠭ ᠨᠢ ᠭᠠᠵᠠᠷ ᠵᠦᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠪᠠᠶᠠᠯᠢᠭᠵᠢᠭᠤᠯᠤᠨ ᠲᠡᠭᠦᠯᠳᠡᠷᠵᠢᠭᠦᠯᠬᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠠᠮᠢ ᠠᠬᠤᠢ  ᠶᠢᠨ ᠪᠣᠯᠪᠠᠰᠤᠨ ᠤ ᠪᠠᠶᠢᠭᠤᠯᠤᠯᠲᠠ ᠳᠤ ᠴᠢᠬᠤᠯᠠ ᠶᠡᠭᠡ ᠠᠴᠢ ᠬᠤᠯᠪᠣᠭᠳᠠᠯ  ᠲᠠᠢ ᠶᠤᠮ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠭᠠᠵᠠᠷ ᠤᠨ ᠨᠡᠷ᠎ᠡ ᠶᠢᠨ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠣᠨᠳᠣᠣᠰᠢᠭᠤᠯᠬᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠦᠬᠠᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠠᠵᠠᠷ ᠤᠨ ᠵᠢᠷᠤᠭ ᠢ ᠨᠠᠶᠢᠷᠠᠭᠤᠯᠤᠨ ᠵᠣᠬᠢᠶᠠᠬᠤ ᠶᠠᠪᠤᠴᠠ ᠳᠤ᠂ ᠡᠯ᠎ᠡ ᠲᠠᠯ᠎ᠠ ᠶᠢᠨ ᠬᠢᠨ ᠥᠷᠭᠡᠨ ᠢᠶᠠᠷ ᠣᠷᠣᠯᠴᠠᠵᠤ᠂ ᠶᠡᠭᠡ ᠪᠠᠷ ᠳᠡᠮᠵᠢᠵᠦ᠂ ᠵᠢᠯ ᠭᠠᠷᠤᠢ ᠶᠢᠨ ᠬᠤᠭᠤᠴᠠᠭᠠᠨ ᠳᠤ ᠨᠠᠷᠢᠨ ᠨᠢᠮᠪᠠᠢ ᠵᠢᠳᠬᠦᠵᠤ᠂ ᠭᠤᠷᠪᠠᠨ ᠵᠦᠢᠯ ᠤᠨ ᠭᠠᠵᠠᠷ ᠤᠨ ᠵᠢᠷᠤᠭ  ᠪᠦᠳᠦᠬᠡᠯ᠎ᠡ᠃ ᠭᠤᠷᠪᠠᠨ ᠵᠦᠢᠯ ᠤᠨ ᠭᠠᠵᠠᠷ ᠤᠨ ᠵᠢᠷᠤᠭ ᠨᠢ ᠰᠢᠨᠵᠢᠯᠡᠬᠦ ᠤᠬᠠᠭᠠᠨᠴᠢ᠂ ᠲᠤᠰᠬᠠᠢ ᠮᠡᠷᠭᠡᠵᠢᠯ ᠤᠨ᠂ ᠴᠢᠩᠭ᠎ᠠ ᠨᠢᠮᠪᠠᠢ ᠪᠦᠬᠡᠳ ᠤᠷᠠᠯᠢᠭᠴᠢ ᠴᠢᠨᠠᠷ ᠢ ᠲᠤᠪᠤᠶᠢᠯᠭᠠᠵᠦ᠂ ᠪᠦᠬᠦ ᠬᠤᠳᠠ ᠶᠢᠨ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ᠂ ᠠᠭᠤᠯᠠ ᠤᠰᠤ᠂ ᠦᠵᠡᠮᠵᠢ ᠶᠢᠨ ᠤᠷᠤᠨ ᠡᠷᠲᠡᠨ ᠤ ᠦᠯᠡᠳᠡᠭᠳᠡᠯ ᠂ ᠰᠠᠭᠤᠭᠠᠯᠢ ᠠᠷᠠᠳ ᠤᠨ ᠲᠣᠭᠤᠷᠢᠭ ᠵᠡᠷᠭᠡ ᠭᠠᠵᠠᠷ ᠵᠦᠢ ᠶᠢᠨ ᠮᠡᠳᠡᠭᠡ ᠵᠠᠩᠭᠢ ᠶᠢᠨ ᠡᠯᠧᠮᠧᠨ᠋ᠲ ᠢ ᠨᠠᠷᠢᠨ ᠲᠣᠳᠣᠷᠬᠠᠶᠢᠯᠠᠵᠤ᠂ ᠦᠬᠠᠢ ᠶᠢᠨ ᠭᠠᠵᠠᠷ ᠤᠨ ᠨᠡᠷ᠎ᠡ ᠶᠢᠨ ᠮᠡᠳᠡᠭᠡ ᠵᠠᠩᠭᠢ ᠪᠣᠯᠣᠨ ᠭᠠᠵᠠᠷ ᠣᠷᠣᠨ ᠤ ᠰᠣᠶᠣᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠦᠬᠠᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ ᠳᠡᠯᠭᠡᠨ ᠦᠵᠡᠭᠦᠯᠵᠡᠢ᠃
  W020220414696635953654.jpg
   ︽ᠦᠬᠠᠢ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠵᠢᠷᠤᠭ︾ ︽ᠦᠬᠠᠢ ᠬᠤᠲᠠ ᠶᠢᠨ ᠬᠤᠲᠠ ᠲᠣᠭᠤᠷᠢᠭ ᠤᠨ ᠵᠢᠷᠤᠭ︾ ︽ᠦᠬᠠᠢ ᠬᠤᠲᠠ ᠶᠢᠨ ᠪᠠᠷᠢᠮᠵᠢᠶᠠᠲᠤ ᠭᠠᠵᠠᠷ ᠤᠨ ᠨᠡᠷ᠎ᠡ ᠶᠢᠨ ᠵᠢᠷᠤᠭ︾ ᠨᠢ ᠡᠶᠢᠮᠤ ᠭᠤᠷᠪᠠᠨ ᠣᠨᠴᠠᠯᠢᠭ ᠲᠠᠢ᠃   ᠨᠢᠭᠡ ᠳᠤ᠂ ᠠᠭᠤᠯᠭ᠎ᠠ ᠨᠢ ᠪᠦᠬᠦ ᠲᠠᠯ᠎ᠠ ᠶᠢᠨ᠂ ᠪᠠᠶᠢᠷᠢᠰᠢᠯ ᠨᠢ ᠵᠦᠢ ᠵᠣᠬᠢᠰᠲᠠᠢ᠃ ︽ᠦᠬᠠᠢ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠵᠢᠷᠤᠭ︾ ᠲᠤ ᠭᠤᠣᠯᠳᠠᠭᠤ ᠪᠥᠬᠦ ᠬᠤᠲᠠ ᠶᠢᠨ 3 ᠲᠣᠭᠤᠷᠢᠭ᠂ 15 ᠵᠡᠭᠡᠯᠢ ᠭᠤᠳᠤᠮᠵᠢ᠂ 5 ᠪᠠᠯᠭᠠᠰᠤ᠂ 70 ᠨᠡᠶᠢᠭᠡᠮ ᠲᠣᠭᠤᠷᠢᠭ᠂ 13 ᠵᠠᠰᠠᠭ ᠵᠠᠬᠢᠷᠭᠠᠨ ᠤ ᠲᠣᠰᠬᠤᠨ ᠢ ᠲᠣᠳᠣᠷᠬᠠᠶᠢᠯᠠᠵᠤ᠂ ᠲᠣᠳᠣᠷᠬᠠᠢ ᠵᠠᠭᠠᠭ ᠱᠤᠭᠤᠮ ᠤᠨ ᠬᠤᠪᠢᠶᠠᠷᠢᠯᠠᠯ ᠢᠶᠠᠷ ᠳᠠᠮᠵᠢᠭᠤᠯᠤᠨ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠣᠳᠣᠬᠢ ᠪᠠᠶᠢᠳᠠᠯ ᠢ ᠢᠯᠡᠷᠡᠭᠦᠯᠪᠡ᠃ ︽ᠦᠬᠠᠢ ᠬᠤᠲᠠ ᠶᠢᠨ ᠬᠤᠲᠠ ᠲᠣᠭᠤᠷᠢᠭ ᠤᠨ ᠵᠢᠷᠤᠭ︾ ᠲᠤ ᠬᠤᠲᠠ ᠶᠢᠨ ᠲᠣᠭᠤᠷᠢᠭ ᠤᠨ ᠳᠣᠲᠣᠷᠠᠬᠢ ᠵᠠᠮ᠂ ᠨᠡᠶᠢᠭᠡᠮ ᠲᠣᠭᠤᠷᠢᠭ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠶᠢ ᠲᠣᠳᠣᠷᠬᠠᠶᠢᠯᠠᠵᠤ᠂ ᠬᠤᠲᠠ ᠶᠢᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢᠨ ᠪᠣᠷᠣ ᠲᠥᠯᠥᠪ ᠢ ᠳᠣᠪᠤᠶᠢᠯᠭᠠᠪᠠ᠃ ︽ᠦᠬᠠᠢ ᠬᠤᠲᠠ ᠶᠢᠨ ᠪᠠᠷᠢᠮᠵᠢᠶᠠᠲᠤ ᠭᠠᠵᠠᠷ ᠤᠨ ᠨᠡᠷ᠎ᠡ ᠶᠢᠨ ᠵᠢᠷᠤᠭ︾ ᠨᠢ ᠠᠭᠤᠯᠠ ᠤᠰᠤ᠂ ᠨᠠᠭᠤᠷ ᠴᠥᠭᠦᠷᠥᠮ᠂ ᠭᠤᠣᠯ ᠪᠠᠷᠢᠯᠭ᠎ᠠ ᠵᠡᠷᠭᠡ ᠶᠢ ᠪᠥᠬᠦ ᠲᠠᠯ᠎ᠠ ᠪᠠᠷ ᠲᠣᠳᠣᠷᠬᠠᠶᠢᠯᠠᠵᠤ᠂ ᠭᠠᠵᠠᠷ ᠤᠨ ᠵᠢᠷᠤᠭ ᠤᠨ ᠪᠦᠬᠦᠯᠢ ᠴᠣᠭᠴᠠ ᠶᠢ ᠳᠣᠪᠤᠶᠢᠯᠭᠠᠭᠰᠠᠨ ᠪᠠᠶᠢᠨ᠎ᠠ᠃ ᠡᠨᠡ ᠭᠤᠷᠪᠠᠨ ᠵᠦᠢᠯ ᠤᠨ ᠭᠠᠵᠠᠷ ᠤᠨ ᠵᠢᠷᠤᠭ ᠤᠨ ᠲᠦᠷᠦᠯ ᠵᠦᠢᠯ ᠨᠢ ᠰᠢᠨᠵᠢᠯᠡᠬᠦ ᠤᠬᠠᠭᠠᠨᠴᠢ᠂ ᠪᠠᠶᠢᠷᠢᠰᠢᠯ ᠨᠢ ᠵᠦᠢ ᠵᠣᠬᠢᠰᠲᠠᠢ ᠪᠠᠶᠢᠵᠤ᠂ ᠦᠬᠠᠢ ᠬᠤᠳᠠ ᠶᠢᠨ ᠡᠳᠦᠷ ᠢᠷᠡᠬᠦᠶ᠎ᠡ ᠰᠢᠨᠡᠳᠴᠦ ᠪᠠᠶᠢᠭ᠎ᠠ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠶᠢ ᠲᠤᠰᠬᠠᠵᠠᠢ᠃
W020220414696635956990.jpg
    ᠬᠤᠶᠠᠷ ᠲᠤ᠂ ᠤᠷᠠᠨ ᠨᠠᠷᠢᠯᠢᠭ᠂ ᠦᠵᠡᠮᠤᠷᠢ ᠲᠠᠢ᠃ ᠭᠤᠷᠪᠠᠨ ᠵᠦᠢᠯ ᠤᠨ ᠭᠠᠵᠠᠷ ᠤᠨ ᠵᠢᠷᠤᠭ‌ᠢ ᠪᠥᠬᠦ ᠤᠯᠤᠰ ᠤᠨ ᠬᠥᠬᠡ ᠲᠠᠰ ᠤᠨ ᠲᠤᠰᠬᠠᠢ ᠮᠡᠷᠭᠡᠵᠢᠯ ᠤᠨ ᠭᠠᠵᠠᠷ ᠤᠨ ᠵᠢᠷᠤᠭ ᠤᠨ ᠬᠡᠪᠯᠡᠯ ᠤᠨ ᠬᠤᠷᠢᠶ᠎ᠠ ᠶᠢᠨ ︽ᠳᠤᠮᠳᠠᠳᠤ ᠤᠯᠤᠰ ᠤᠨ ᠭᠠᠵᠠᠷ ᠤᠨ ᠵᠢᠷᠤᠭ ᠤᠨ ᠬᠡᠪᠯᠡᠯ ᠤᠨ ᠬᠤᠷᠢᠶ᠎ᠠ︾ ᠳᠠᠷᠤᠮᠠᠯᠯᠠᠨ ᠦᠢᠯᠡᠳᠴᠦ᠂ ᠬᠠᠮᠤᠭ ᠤᠨ ᠲᠡᠷᠢᠭᠦᠨ ᠤ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠪᠠ ᠴᠤ᠋ ᠰᠢᠨ᠎ᠡ ᠮᠡᠷᠭᠡᠵᠢᠯ ᠢ ᠬᠡᠷᠡᠭᠯᠡᠨ᠂ ᠭᠠᠵᠠᠷ ᠤᠨ ᠵᠢᠷᠤᠭ ᠤᠨ ᠦᠢᠯᠡᠴᠢᠯᠡᠭᠡᠨ ᠤ ᠡᠳᠦᠷ ᠲᠤᠲᠤᠮ ᠤᠨ ᠬᠡᠷᠡᠭᠴᠡᠭᠡ ᠶᠢ ᠭᠦᠢᠴᠡᠳ ᠪᠣᠳᠣᠯᠬᠢᠯᠠᠵᠤ᠂ ᠠᠮᠠᠷᠬᠠᠨ ᠬᠤᠪᠢᠷᠠᠬᠤ ᠦᠭᠡᠢ᠂ ᠬᠠᠳᠠᠭᠠᠯᠠᠨ ᠬᠠᠮᠢᠶᠠᠷᠬᠤ ᠳᠤ ᠲᠥᠬᠦᠮ ᠮᠠᠲ᠋ᠧᠷᠢᠶᠠᠯ ᠤᠨ ᠴᠢᠨᠠᠷ ᠢ ᠬᠡᠷᠡᠭᠯᠡᠨ᠂ ᠭᠠᠵᠠᠷ ᠤᠨ ᠨᠡᠷ᠎ᠡ ᠶᠢᠨ ᠰᠣᠶᠣᠯ ᠤᠨ ᠬᠡᠷᠡᠭᠯᠡᠯᠲᠡ ᠪᠠ ᠬᠤᠷᠢᠶᠠᠨ ᠬᠠᠳᠠᠭᠠᠯᠠᠬᠤ ᠦᠨ᠎ᠡ ᠥᠷᠲᠡᠭ ᠢ ᠲᠡᠭᠡᠭᠰᠢᠯᠡᠬᠦᠯᠪᠡ᠃    ᠭᠤᠷᠪᠠ ᠳᠤ᠂ ᠠᠷᠠᠳ ᠤᠯᠠᠨ ᠳᠤ ᠠᠰᠢᠭ ᠬᠦᠷᠲᠡᠭᠡᠵᠦ᠂ ᠨᠡᠶᠢᠭᠡᠮ ᠨᠡᠶᠢᠳᠡ ᠳᠤ ᠦᠢᠯᠡᠴᠢᠯᠡᠭᠰᠡᠨ ᠰᠢᠨᠵᠢ ᠲᠠᠢ ᠃ ᠭᠠᠵᠠᠷ ᠤᠨ ᠵᠢᠷᠤᠭ ᠤᠨ ᠦᠷ᠎ᠡ ᠪᠦᠲᠦᠭᠡᠯ ᠢ ᠬᠡᠷᠡᠭᠯᠡᠬᠦ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ᠬᠦᠮᠦᠰ ᠤᠨ ᠭᠠᠵᠠᠷ ᠤᠨ ᠵᠢᠷᠤᠭ ᠤᠨ ᠡᠮᠬᠢᠳᠬᠡᠯ ᠢ ᠣᠯᠬᠤ ᠪᠠ ᠬᠡᠷᠡᠭᠯᠡᠬᠦ ᠶᠢᠨ ᠳᠥᠭᠦᠮ ᠲᠦᠳᠡ ᠪᠤᠯᠭᠠᠵᠤ᠂ ᠭᠠᠵᠠᠷ ᠤᠨ ᠵᠢᠷᠤᠭ ᠤᠨ ᠦᠷ᠎ᠡ ᠪᠦᠲᠦᠭᠡᠯ ᠢ ᠠᠷᠠᠳ ᠤᠯᠠᠨ ᠳᠤ ᠬᠦᠷᠲᠡᠭᠡᠵᠦ᠂ ᠨᠡᠶᠢᠭᠡᠮ ᠳᠤ ᠦᠢᠯᠡᠴᠢᠯᠡᠭᠦᠯᠬᠦ ᠶᠢᠨ ᠤᠯᠠᠮ ᠠᠴᠠ ᠪᠣᠳᠠᠲᠤ ᠬᠡᠷᠡᠭᠯᠡᠭᠡᠨ ᠤ ᠦᠷᠳᠡᠭ ᠢ ᠨᠡᠩ ᠰᠠᠶᠢᠨ ᠪᠡᠶᠡᠯᠡᠬᠦᠯᠬᠦ ᠶᠢᠨ ᠲᠦᠯᠦᠬᠡ᠂ ᠭᠤᠷᠪᠠᠨ ᠵᠦᠢᠯ ᠤᠨ ᠭᠠᠵᠠᠷ ᠤᠨ ᠵᠢᠷᠤᠭ ᠢ ᠡᠯ᠎ᠡ ᠰᠠᠯᠠᠭ᠎ᠠ ᠮᠥᠴᠢᠷ ᠡᠯ᠎ᠡ ᠨᠢᠬᠡᠴᠢ ᠳᠤ ᠦᠨ᠎ᠡ ᠲᠥᠯᠥᠪᠦᠷᠢ ᠦᠭᠡᠢ ᠪᠠᠷ ᠬᠠᠩᠭᠠᠬᠤ ᠶᠢᠨ ᠬᠠᠮᠲᠤ ᠭᠠᠵᠠᠷ ᠤᠨ ᠵᠢᠷᠤᠭ ᠤᠨ ᠡᠯᠧᠺᠲᠷᠣᠨ ᠬᠡᠪᠯᠡᠯ ᠢ ᠦᠬᠠᠢ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠯᠪᠠᠨ ᠤ ᠰᠦᠯᠵᠢᠶ᠎ᠡ ᠳᠤ ᠨᠡᠶᠢᠲᠡᠯᠡᠵᠦ᠂ ᠦᠵᠡᠬᠦ ᠪᠤᠶᠤ ᠪᠠᠭᠤᠯᠭᠠᠨ ᠠᠪᠬᠤ ᠳᠤ ᠲᠦᠬᠦᠮ ᠪᠤᠯᠭᠠᠪᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号