ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠷᠡᠬᠦᠯᠵᠢᠯ ᠤᠨ ᠲᠤᠰᠠᠯᠠᠬᠤ ᠪᠠᠭᠠᠵᠢ ᠶᠢᠨ ᠲᠦᠪ  ᠠᠮᠤᠷ ᠲᠦᠪᠰᠢᠨ ᠤ ᠭᠡᠮ ᠰᠣᠭᠤᠭ ᠢ  ᠰᠢᠭᠰᠢᠨ ᠪᠠᠶᠢᠴᠠᠭᠠᠪᠠ
ᠨᠡᠶᠢᠲᠡᠯᠡᠭᠰᠡᠨ ᠴᠠᠭ᠄
2022/4/20
                                     ᠪᠠᠳᠠᠷᠠ ᠤᠷᠴᠢᠭᠤᠯᠪᠠ   《 ᠰᠢ ᠶᠢᠨ ᠫᠢᠩ  ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ   ᠣᠳᠣ ᠶᠢᠨ ᠠᠷᠠᠳ ᠤᠨ ᠶᠠᠪᠤᠳᠠᠯ ᠤᠨ ᠬᠦᠷᠢᠶ᠎ᠡ ᠴᠠᠷᠠᠭᠠᠨ ᠳᠤ ᠬᠢ ᠠᠮᠤᠷ ᠲᠦᠪᠰᠢᠨ ᠤ ᠬᠠᠮᠢᠶᠠᠷᠤᠯᠲᠠ  ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠣᠬᠠᠢ ᠦᠪᠡᠷᠲᠡᠭᠡᠨ ᠵᠠᠰᠠᠬᠤ ᠣᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠡᠳᠡᠭᠳᠡᠯ》 ᠤᠨ ᠱᠠᠭᠠᠷᠳᠠᠯᠭ᠎ᠠ ᠪᠠ ᠠᠷᠠᠳ ᠤᠨ ᠶᠠᠪᠤᠳᠠᠯ ᠤᠨ ᠬᠦᠷᠢᠶ᠎ᠡ ᠴᠠᠷᠠᠭᠠᠨ ᠳᠤ ᠬᠢ ᠠᠶᠤᠯᠭᠦᠢ ᠦᠢᠯᠡᠳᠪᠦᠷᠢᠯᠡᠯ ᠤᠨ  ᠲᠤᠰᠬᠠᠢ ᠲᠥᠷᠦᠯ ᠤᠨ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠤᠭᠠᠷ᠂  ᠡᠯ᠎ᠡ ᠲᠥᠷᠦᠯ ᠤᠨ  ᠠᠮᠤᠷ ᠲᠦᠪᠰᠢᠨ ᠤ  ᠠᠳᠡᠯ  ᠭᠠᠷᠬᠤ  ᠶᠢ  ᠠᠰᠢᠭᠲᠠᠢ ᠪᠠᠷ ᠰᠡᠷᠭᠡᠶᠢᠯᠡᠬᠦ ᠪᠠ   ᠵᠣᠭᠰᠣᠭᠠᠨ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ  ᠡᠷᠡᠬᠦᠯᠵᠢᠯ ᠤᠨ ᠲᠤᠰᠠᠯᠠᠬᠤ ᠪᠠᠭᠠᠵᠢ ᠶᠢᠨ  ᠲᠦᠪ  ᠤᠨ  ᠪᠦᠬᠦ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠳᠡᠭᠡᠭᠰᠢᠯᠡᠭᠦᠯᠦᠨ᠂  ᠠᠵᠢᠯᠲᠠᠳ ᠤᠨ ᠠᠮᠢ ᠨᠠᠰᠤ ᠪᠤᠯᠤᠨ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ 3 ᠳ᠋ᠤᠭᠠᠷ ᠰᠠᠷ᠎ᠠ ᠶᠢᠨ 30  ᠤ ᠡᠳᠦᠷ ᠤᠨ ᠦᠳᠡ ᠶᠢᠨ ᠡᠮᠦᠨ᠎ᠡ ᠡᠷᠡᠬᠦᠯᠵᠢᠯ ᠤᠨ ᠲᠤᠰᠠᠯᠠᠬᠤ ᠪᠠᠭᠠᠵᠢ ᠶᠢᠨ ᠲᠥᠪ ᠤᠨ ᠠᠮᠤᠷ ᠲᠦᠪᠰᠢᠨ ᠢ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂  ᠠᠮᠤᠷ ᠲᠦᠪᠰᠢᠨ ᠤ ᠬᠠᠷᠢᠭᠤᠴᠠᠯᠭᠠᠲᠤ ᠬᠦᠮᠦᠨ  ᠠᠴᠠ ᠲᠥᠪ ᠤᠨ  ᠠᠵᠢᠯᠲᠠᠳ ᠤᠨ ᠬᠤᠭᠤᠯᠠᠨ ᠲᠠᠩᠬᠢᠮ᠂  ᠠᠯᠪᠠᠨ ᠭᠡᠷ᠂  ᠺᠣᠮᠫᠢᠦ᠋ᠲ᠋ᠧᠷ ᠤᠨ ᠲᠠᠰᠤᠭ᠂ ᠦᠢᠯᠡᠳᠪᠦᠷᠢᠯᠡᠯ ᠤᠨ ᠲᠠᠰᠤᠭ᠂ ᠤᠭᠢᠶᠠᠯᠭ᠎ᠠ ᠶᠢᠨ ᠭᠡᠷ᠂ ᠡᠪᠡᠳᠴᠢᠲᠡᠨ ᠤ ᠲᠤᠰᠬᠠᠢ ᠬᠡᠷᠡᠭᠯᠡᠳᠡᠭ ᠬᠤᠭᠤᠯᠠᠨ ᠲᠠᠩᠬᠢᠮ᠂ ᠮᠠᠲ᠋ᠧᠷᠢᠶᠠᠯ ᠰᠡᠯᠪᠢᠭ ᠲᠣᠨᠤᠭ  ᠤᠨ ᠬᠦᠮᠦᠷᠭᠡ᠂ ᠰᠢᠲᠠᠮᠠᠬᠠᠢ ᠬᠡᠢ ᠶᠢᠨ ᠠᠭᠤᠷ ᠤᠨ ᠵᠤᠤᠬ᠎ᠠ᠂ ᠴᠠᠬᠢᠯᠭᠠᠨ   ᠲᠦᠭᠡᠭᠡᠬᠦ ᠲᠠᠰᠤᠭ ᠵᠢᠴᠢ ᠠᠷᠠᠳ ᠤᠨ ᠶᠠᠪᠤᠳᠠᠯ ᠤᠨ ᠠᠰᠠᠷᠠᠮᠵᠢ ᠶᠢᠨ ᠭᠠᠷ ᠤᠷᠠᠯᠠᠯ ᠤᠨ ᠦᠢᠯᠡᠳᠪᠦᠷᠢ ᠶᠢᠨ ᠠᠵᠢᠯᠲᠠᠳ ᠤᠨ ᠬᠤᠭᠤᠯᠠᠨ ᠲᠠᠩᠬᠢᠮ᠂ ᠦᠢᠯᠡᠳᠪᠦᠷᠢᠯᠡᠯ ᠤᠨ ᠲᠠᠰᠤᠭ ᠵᠡᠷᠭᠡ ᠭᠤᠤᠯᠳᠠᠯᠭᠠᠲᠤ ᠭᠠᠵᠠᠷ ᠤᠳ ᠤᠨ ᠢᠶᠠᠨ ᠠᠮᠤᠷ ᠲᠦᠪᠰᠢᠨ ᠤ ᠭᠡᠮ ᠰᠤᠭᠤᠭ ᠢ ᠪᠦᠬᠦ ᠲᠠᠯ᠎ᠠ ᠪᠠᠷ ᠨᠠᠷᠢᠨ ᠨᠢᠮᠪᠠᠢ  ᠰᠢᠭᠰᠢᠨ ᠪᠠᠶᠢᠴᠠᠭᠠᠪᠠ᠃      ᠲᠣᠰ ᠤᠳᠠᠭᠠᠨ ᠤ ᠲᠤᠬᠠᠢ ᠶᠢᠨ ᠲᠠᠯᠠᠪᠤᠷ ᠤᠨ ᠰᠢᠭᠰᠢᠨ ᠪᠠᠶᠢᠴᠠᠭᠠᠯᠲᠠ  ᠪᠠᠷ  ᠳᠠᠮᠵᠢᠨ ᠂   ᠡᠷᠡᠬᠦᠯᠵᠢᠯ  ᠤᠨ ᠲᠤᠰᠠᠯᠠᠬᠤ ᠪᠠᠭᠠᠵᠢ ᠶᠢᠨ  ᠲᠦᠪ  ᠤᠨ  ᠬᠤᠭᠤᠯᠠᠨ ᠲᠠᠩᠬᠢᠮ ᠤᠨ ᠭᠠᠯ ᠤᠨᠲᠠᠷᠠᠭᠠᠬᠤ ᠪᠠᠭᠠᠵᠢ  ᠶᠢ ᠲᠠᠯᠪᠢᠵᠤ ᠪᠠᠶᠢᠭ᠎ᠠ ᠤᠷᠤᠨ ᠪᠠᠶᠢᠷᠢ ᠨᠢ ᠵᠣᠬᠢᠰᠲᠠᠢ ᠪᠣᠰᠤ᠂  ᠭᠠᠯ ᠤᠨ ᠠᠶᠤᠯ ᠲᠣᠬᠢᠶᠠᠯᠳᠤᠬᠤ ᠦᠶᠡᠰ ᠲᠡᠷᠡ ᠳᠠᠷᠤᠢ ᠳᠤ ᠨᠢ ᠬᠡᠷᠡᠭᠯᠡᠵᠦ ᠳᠡᠶᠢᠯᠬᠦ ᠦᠬᠡᠢ᠂ ᠡᠷᠡᠬᠦᠯᠵᠢᠯ ᠤᠨ ᠲᠤᠰᠠᠯᠠᠬᠤ ᠪᠠᠭᠠᠵᠢ ᠶᠢᠨ  ᠲᠦᠪ  ᠤᠨ   ᠳᠤᠯᠠᠭᠠᠯᠠᠯᠭ᠎ᠠ ᠶᠢᠨ ᠰᠢᠲᠠᠮᠠᠬᠠᠢ ᠬᠡᠢ ᠶᠢᠨ  ᠠᠭᠤᠷ ᠤᠨ ᠵᠤᠤᠬ᠎ᠠ ᠶᠢᠨ ᠲᠠᠰᠤᠭ ᠤᠨ  ᠡᠳ᠋ ᠬᠡᠷᠡᠭᠰᠡᠯ ᠢᠶᠠᠨ ᠲᠠᠯᠪᠢᠵᠤ ᠪᠠᠶᠢᠭ᠎ᠠ ᠨᠢ  ᠡᠮᠬᠢ ᠴᠡᠭᠴᠡ ᠦᠬᠡᠢ ᠂ ᠲᠤᠰᠠᠯᠠᠬᠤ ᠪᠠᠭᠠᠵᠢ ᠶᠢᠨ  ᠦᠢᠯᠡᠳᠪᠦᠷᠢ ᠶᠢᠨ ᠲᠠᠰᠤᠭ ᠤᠨ  ᠲᠦᠭᠦᠬᠡᠢ ᠮᠠᠲ᠋ᠧᠷᠢᠶᠠᠯ  ᠢᠶᠠᠨ ᠨᠦᠭᠡᠴᠡᠯᠡᠨ ᠲᠠᠯᠪᠢᠵᠦ ᠪᠠᠶᠢᠭ᠎ᠠ ᠨᠢ  ᠳᠦᠷᠢᠮᠵᠢᠯ ᠦᠬᠡᠢ᠂ ᠠᠮᠤᠷ ᠲᠦᠪᠰᠢᠨ ᠤ ᠭᠡᠮ ᠰᠣᠭᠤᠭ  ᠣᠷᠤᠰᠢᠵᠤ   ᠪᠠᠶᠢᠬᠤ ᠶᠢ ᠢᠯᠡᠷᠡᠭᠦᠯᠪᠡ ᠃   ᠡᠳᠡᠭᠡᠷ ᠠᠰᠠᠭᠤᠳᠠᠯ  ᠳᠤ ᠴᠢᠭᠯᠡᠭᠦᠯᠦᠨ᠂  ᠲᠡᠷᠡ ᠳᠠᠷᠤᠢ ᠳᠤ ᠨᠢ  ᠰᠠᠯᠠᠭ᠎ᠠ ᠮᠦᠴᠢᠷ ᠤᠨ  ᠬᠠᠷᠢᠭᠤᠴᠠᠯᠭᠠᠲᠤ ᠬᠦᠮᠦᠨ  ᠳᠤ  ᠠᠮᠤᠷ ᠲᠦᠪᠰᠢᠨ ᠤ ᠭᠡᠮ ᠰᠣᠭᠤᠭ ᠢ ᠨᠢ ᠵᠢᠭᠠᠨ ᠥᠭᠴᠦ᠂  ᠳᠠᠷᠤᠶᠢᠬᠠᠨ  ᠴᠡᠭᠴᠡᠯᠡᠨ ᠦᠭᠡᠷᠡᠴᠢᠯᠡᠬᠦ ᠪᠠᠷ  ᠱᠠᠭᠠᠷᠳᠠᠵᠠᠢ᠃      ᠤᠷᠴᠢᠭᠤᠯᠤᠬᠴᠢ ᠶᠢᠨ ᠬᠠᠶ᠋ᠢᠭ᠄ ᠬᠦᠬᠡᠬᠤᠳᠠ ᠶᠢᠨ ᠰᠠᠶᠢᠬᠠᠨ ᠲᠤᠭᠤᠷᠢᠭ   
 
ᠢᠷᠡᠯᠲᠡ᠄ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号