︽ᠢᠷᠬᠡᠨ ᠤ ᠬᠠᠤᠯᠢ ᠶᠢᠨ ᠪᠢᠴᠢᠭ︾ ᠲᠤ ᠬᠢ ᠬᠡᠷ ᠪᠠᠶᠢᠰᠢᠩ ᠤᠨ ᠬᠤᠳᠠᠯᠳᠤᠭ᠎ᠠ ᠯᠤᠭ᠎ᠠ ᠬᠤᠯᠪᠤᠬᠳᠠᠬᠤ ᠵᠦᠢᠯᠡᠰ ᠠᠴᠠ ᠶᠠᠭᠤ ᠶᠠᠭᠤ ᠶᠢ ᠠᠩᠬᠠᠷᠬᠤ ᠴᠢᠬᠤᠯᠠᠳᠠᠢ ᠪᠤᠢ︖
ᠨᠡᠶᠢᠲᠡᠯᠡᠭᠰᠡᠨ ᠴᠠᠭ᠄
2022/4/20
   ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠢᠷᠬᠡᠨ ᠤ ᠬᠠᠤᠯᠢ ᠶᠢᠨ ᠪᠢᠴᠢᠭ︾ ᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ  ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠴᠠ ᠪᠠᠳᠤᠯᠠᠬᠰᠠᠨ ᠶᠤᠮ᠂ ᠡᠨᠡ ᠬᠦ ᠬᠠᠤᠯᠢ ᠶᠢ 2021 ᠤᠨ ᠤ 1 ᠳ᠋ᠤᠬᠡᠷ ᠰᠠᠷ᠎ᠠ  ᠶᠢᠨ 1 ᠤ ᠡᠳᠤᠷ ᠠᠴᠠ ᠡᠬᠢᠯᠡᠨ ᠬᠡᠷᠡᠭᠵᠢᠬᠦᠯᠪᠡ᠃ ᠬᠡᠷ ᠬᠦᠷᠤᠩᠭᠡ ᠨᠢ ᠲᠤᠮᠳᠠᠳᠤᠴᠤᠳ ᠤᠨ ᠬᠡᠷ ᠪᠦᠯᠢ ᠶᠢᠨ ᠬᠠᠮᠤᠭ ᠤᠨ ᠴᠢᠬᠤᠯᠨ ᠡᠳ᠋ ᠬᠦᠷᠤᠩᠭᠡ ᠪᠤᠯᠤᠬᠰᠠᠨ ᠤ ᠬᠤᠪᠢ ᠳᠤ ︽ᠢᠷᠬᠡᠨ ᠤ ᠬᠠᠤᠯᠢ ᠶᠢᠨ ᠪᠢᠴᠢᠭ︾ ᠲᠤ ᠬᠡᠷ ᠬᠦᠷᠤᠩᠭᠡ ᠶᠢ ᠮᠠᠶᠢᠮᠠᠶᠢᠯᠠᠬᠤ᠂ ᠲᠦᠷᠢᠶᠡᠰᠤᠯᠡᠬᠦ᠂ ᠲᠡᠨᠵᠢᠯᠠᠬᠤ᠂ ᠰᠠᠭᠤᠬᠤ᠂ ᠠᠳᠠᠯ ᠠᠬᠤᠢ ᠶᠢᠨ ᠬᠠᠮᠢᠶᠠᠷᠤᠯᠳᠠ᠂ ᠬᠤᠷᠢᠶᠠᠯᠠᠯ ᠤᠨ ᠵᠠᠰᠠᠯᠳᠠ ᠵᠡᠷᠬᠡ ᠲᠠᠯ᠎ᠠ ᠪᠠᠷ ᠪᠦᠬᠦ ᠲᠠᠯ᠎ᠠ ᠶᠢᠨ ᠲᠤᠬᠳᠠᠭᠠᠯ ᠢ ᠭᠠᠷᠭᠠᠬᠰᠠᠨ ᠪᠠᠶᠢᠨ᠎ᠠ᠃  1᠂ ᠬᠡᠷ ᠬᠦᠷᠤᠩᠭᠡ ᠶᠢᠨ ᠡᠵᠡᠯᠡᠭᠰᠡᠨ ᠭᠠᠵᠠᠷ ᠰᠢᠷᠤᠢ ᠶᠢᠨ ᠦᠯᠡᠳᠡᠵᠤ ᠪᠠᠶᠢᠭ᠎ᠠ ᠬᠡᠷᠡᠭᠯᠡᠬᠦ ᠤᠨ ᠵᠢᠯ ᠢ ᠠᠩᠬᠠᠷᠬᠤ ᠬᠡᠷᠡᠭᠳᠡᠢ᠃    ᠤᠳᠤᠬᠠᠨ ᠤ ᠲᠠᠸᠠᠷ ᠤᠨ ᠤᠷᠤᠨ ᠰᠠᠭᠤᠴᠨ ᠶᠢᠨ ᠬᠡᠷ ᠪᠠᠶᠢᠰᠢᠩ ᠤᠨ ᠭᠠᠵᠠᠷ ᠰᠢᠷᠤᠢ ᠶᠢ ᠬᠡᠷᠡᠭᠯᠡᠬᠦ ᠵᠢᠯ ᠢ 70 ᠵᠢᠯ ᠢᠶᠠᠷ ᠬᠢᠵᠠᠭᠠᠷᠯᠠᠵᠤ ᠪᠠᠶᠢᠭ᠎ᠠ ᠶᠢ ᠪᠢᠳᠡ ᠪᠦᠬᠦᠨ ᠮᠡᠳᠡᠨ᠎ᠡ᠃ 70 ᠵᠢᠯ ᠪᠤᠯᠤᠬᠰᠠᠨ ᠤ ᠲᠠᠷᠠᠭ᠎ᠠ ᠶᠠᠭᠠᠬᠢᠳᠠᠭ ᠪᠤᠯ ︖ ᠬᠡᠳᠡᠭ ᠠᠰᠠᠭᠤᠯᠳᠠ ᠬᠦᠮᠦᠰ ᠤᠨ ᠠᠩᠬᠠᠷᠤᠯ ᠪᠤᠯᠤᠬᠰᠠᠭᠠᠷ ᠢᠷᠡᠯ᠎ᠡ᠃   ᠡᠨᠡ ᠤᠳᠠᠭᠠᠨ ᠤ ︽ᠢᠷᠬᠡᠨ ᠤ ᠬᠠᠤᠯᠢ ᠶᠢᠨ ᠪᠢᠴᠢᠭ︾ ᠲᠤ ᠡᠨᠡ ᠠᠰᠠᠭᠤᠯᠳᠠ ᠶᠢ ᠬᠠᠷᠢᠭᠤᠯᠪᠠ᠄ ᠤᠷᠤᠨ ᠰᠠᠭᠤᠴᠨ ᠶᠢᠨ ᠪᠠᠷᠢᠯᠭ᠎ᠠ ᠳᠤ ᠬᠡᠷᠡᠭᠯᠡᠭᠰᠡᠨ ᠭᠠᠵᠠᠷ ᠰᠢᠷᠤᠢ ᠶᠢ ᠬᠡᠷᠡᠭᠯᠡᠬᠦ ᠡᠷᠬᠡ ᠶᠢᠨ ᠬᠤᠭᠤᠴᠠᠭ᠎ᠠ ᠨᠢ ᠲᠤᠯᠪᠠᠯ ᠬᠤᠭᠤᠴᠠᠭ᠎ᠠ ᠶᠢ ᠨᠢ ᠠᠶᠠᠨᠳᠠᠭᠠᠨ ᠤᠷᠳᠤᠳᠬᠠᠵᠤ᠂  ᠤᠷᠳᠤᠳᠬᠠᠬᠰᠠᠨ ᠬᠤᠭᠤᠴᠠᠭᠠᠨ ᠳᠤ ᠰᠦᠢᠳᠬᠡᠯ ᠲᠤᠰᠢᠶᠠᠨ᠎ᠠ ᠃ ᠪᠤᠳᠠᠰ ᠤᠨ ᠡᠷᠬᠡ ᠶᠢᠨ ᠠᠩᠭᠢ ᠶᠢᠨ 359 ᠳ᠋ᠤᠭᠠᠷ ᠵᠦᠢᠯ ᠤᠨ  1 ᠳ᠋ᠤᠬᠡᠷ ᠵᠤᠷᠪᠤᠰ ᠲᠤ᠄ ︽ᠤᠷᠤᠨ ᠰᠠᠭᠤᠴᠨ ᠶᠢᠨ ᠪᠠᠷᠢᠯᠭ᠎ᠠ ᠶᠢᠨ ᠭᠠᠵᠠᠷ ᠰᠢᠷᠤᠢ ᠶᠢ ᠬᠡᠷᠡᠭᠯᠡᠬᠦ ᠡᠷᠬᠡ ᠶᠢᠨ ᠬᠤᠭᠤᠴᠠᠭ᠎ᠠ ᠨᠢ ᠲᠤᠯᠪᠠᠯ ᠬᠤᠭᠤᠴᠠᠭ᠎ᠠ  ᠶᠢ ᠨᠢ ᠠᠶᠠᠨᠳᠠᠭᠠᠨ ᠤᠷᠳᠤᠳᠬᠠᠨ᠎ᠠ᠂ ᠤᠷᠳᠤᠳᠬᠠᠬᠰᠠᠨ ᠬᠤᠭᠤᠴᠠᠭᠠᠨ ᠳᠤ ᠬᠢ ᠰᠦᠢᠳᠬᠡᠯ ᠢ ᠲᠤᠰᠢᠶᠠᠬᠤ ᠪᠤᠶᠤ ᠬᠡᠯᠳᠤᠷᠢᠬᠦᠯᠬᠦ ᠶᠢ ᠬᠠᠤᠯᠢ ᠴᠠᠭᠠᠵᠨ ᠶᠢᠨ ᠵᠠᠰᠠᠭ ᠵᠠᠬᠢᠷᠭᠠᠨ ᠤ ᠲᠤᠬᠳᠠᠭᠠᠯ ᠢ ᠦᠨᠳᠤᠰᠤᠯᠡᠨ ᠬᠦᠢᠴᠡᠳᠬᠡᠨ᠎ᠡ︾ ᠭᠡᠵᠤ ᠲᠤᠬᠳᠠᠭᠠᠬᠰᠠᠨ ᠪᠠᠶᠢᠳᠠᠭ᠃ ᠤᠷᠳᠤᠳᠬᠠᠬᠤ ᠬᠤᠭᠤᠴᠠᠭᠠᠨ ᠳᠤ ᠲᠤᠰᠢᠶᠠᠬᠤ ᠰᠦᠢᠳᠬᠡᠯ ᠤᠨ ᠪᠠᠷᠢᠮᠵᠢᠶ᠎ᠠ ᠶᠢ ᠢᠷᠬᠡᠨ ᠤ ᠬᠠᠤᠯᠢ ᠶᠢᠨ ᠪᠢᠴᠢᠭ ᠲᠤ ᠪᠤᠳᠠᠳᠠᠢ ᠲᠤᠬᠳᠠᠭᠠᠯ ᠦᠬᠡᠢ ᠪᠤᠯᠬᠤᠷ ᠵᠠᠰᠠᠭ ᠵᠠᠬᠢᠷᠭᠠᠨ ᠤ ᠬᠠᠤᠯᠢ ᠲᠦᠷᠢᠮ  ᠤᠨ ᠲᠤᠬᠳᠠᠭᠠᠯ ᠶᠤᠰᠤᠭᠠᠷ ᠬᠦᠢᠴᠡᠳᠬᠡᠨ᠎ᠡ᠃    ᠡᠶᠢᠮᠤ ᠠᠴᠠ ᠬᠡᠷ ᠪᠠᠶᠢᠰᠢᠩ ᠬᠤᠳᠠᠯᠳᠤᠨ ᠠᠪᠬᠤ ᠳᠤ ᠪᠠᠨ ᠦᠷᠤᠬᠡ ᠬᠡᠷ ᠤᠨ ᠬᠡᠯᠪᠡᠷᠢ ᠮᠠᠶ᠋ᠢᠭ᠂ ᠪᠠᠶᠢᠷᠢᠰᠢᠯ  ᠠᠴᠠ ᠭᠠᠳᠠᠨ᠎ᠠ ᠬᠤᠳᠠᠯᠳᠤᠨ ᠠᠪᠬᠤ ᠭᠡᠵᠤ ᠪᠠᠶᠢᠭ᠎ᠠ ᠬᠡᠷ ᠪᠠᠶᠢᠰᠢᠩ ᠤᠨ ᠢᠶᠠᠨ ᠭᠠᠵᠠᠷ ᠰᠢᠷᠤᠢ ᠶᠢᠨ ᠬᠡᠷᠡᠭᠯᠡᠬᠦ ᠡᠷᠬᠡ  ᠶᠢᠨ ᠬᠤᠭᠤᠴᠠᠭ᠎ᠠ ᠶᠢ ᠵᠠᠪᠠᠯ ᠠᠩᠬᠠᠷᠤᠭᠠᠷᠠᠢ᠂ ᠬᠡᠷᠡᠭᠯᠡᠬᠦ ᠬᠤᠭᠤᠴᠠᠭ᠎ᠠ ᠨᠢ ᠤᠬᠤᠷᠬᠠᠨ ᠰᠢᠭ᠋ ᠪᠠᠶᠢᠪᠠᠯ ᠲᠠ ᠬᠤᠭᠤᠴᠠᠭ᠎ᠠ ᠤᠷᠳᠤᠳᠬᠠᠬᠤ ᠮᠦᠡᠭᠬᠦ ᠲᠦᠬᠦᠷᠢᠭ ᠦᠷᠡᠨ᠎ᠡ ᠬᠡᠰᠡᠨ ᠦᠬᠡ᠃   2᠂ ᠨᠢᠭᠡᠨᠲᠡ ᠪᠠᠷᠢᠴᠠᠭᠠᠯᠠᠭᠰᠠᠨ ᠭᠡᠷ ᠪᠠᠶᠢᠰᠢᠩ ᠤᠨ ᠪᠠᠷᠢᠴᠠᠭ᠎ᠠ ᠶᠢ ᠬᠦᠴᠦᠨ ᠦᠭᠡᠢ ᠪᠣᠯᠭᠠᠬᠤ ᠦᠭᠡᠢ ᠪᠠᠷ ᠰᠢᠭᠤᠳ ᠡᠷᠤᠭᠡ ᠰᠢᠯᠵᠢᠭᠦᠯᠬᠦ ᠭᠠᠷ ᠭᠦᠢᠴᠡᠳᠬᠡᠯ ᠬᠢᠵᠦ ᠪᠣᠯᠣᠨ᠎ᠠ᠃ᠭᠡᠷ ᠪᠠᠶᠢᠰᠢᠩ ᠬᠤᠳᠠᠯᠳᠤᠨ ᠠᠪᠬᠤ ᠳᠤ ᠬᠦᠮᠦᠰ ᠶᠡᠷᠦ ᠳᠤ ᠪᠠᠨ ᠪᠠᠩᠬᠢ ᠠᠴᠠ ᠵᠣᠭᠤᠰ ᠵᠢᠭᠡᠯᠡᠳᠡᠭ᠂ ᠡᠨᠡ ᠦᠶ᠎ᠡ  ᠳᠤ ᠪᠠᠩᠬᠢ ᠠᠴᠠ ᠭᠡᠷ ᠬᠥᠷᠥᠩᠭᠡ ᠶᠢᠨ ᠪᠡᠷᠢᠴᠠᠭᠠᠨ ᠤ ᠭᠠᠷ ᠭᠦᠢᠴᠡᠳᠬᠡᠯ ᠬᠢᠯᠭᠡᠬᠦ ᠪᠠᠷ ᠱᠠᠭᠠᠷᠳᠠᠨ᠎ᠠ᠂ ᠥᠭᠡᠷ᠎ᠡ ᠪᠠᠷ ᠬᠡᠯᠡᠪᠡᠯ ᠪᠠᠩᠬᠢ ᠶᠢᠨ ᠵᠢᠬᠡᠯᠡᠯᠬᠡ ᠶᠢᠨ ᠵᠣᠭᠤᠰ ᠢ ᠬᠡᠵᠢᠶ᠎ᠡ ᠪᠤᠴᠠᠭᠠᠵᠤ ᠲᠠᠭᠤᠰᠪᠠᠯ᠂ ᠪᠠᠩᠬᠢ ᠠᠴᠠ ᠪᠡᠷᠢᠴᠠᠭᠠᠨ ᠤ ᠵᠣᠭᠤᠰ ᠢ ᠬᠡᠵᠢᠶ᠎ᠡ ᠬᠦᠴᠦᠨ ᠦᠭᠡᠢ ᠪᠤᠯᠭᠠᠬᠤ ᠶᠢᠨ ᠵᠡᠷᠬᠡ ᠪᠠᠷ ᠭᠡᠷ ᠬᠥᠷᠥᠩᠭᠡ ᠶᠢ ᠴᠦ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠵᠤ ᠪᠣᠯᠣᠨ᠎ᠠ᠃ ︽ᠢᠷᠭᠡᠨ ᠤ ᠬᠠᠤᠯᠢ ᠶᠢᠨ ᠪᠢᠴᠢᠭ︾ ᠢ ᠬᠡᠷᠡᠭᠵᠢᠭᠦᠯᠦᠭᠰᠡᠨ ᠤ ᠲᠠᠷᠠᠭ᠎ᠠ ᠡᠨᠡ ᠠᠰᠠᠭᠤᠳᠠᠯ ᠠᠶᠠᠨᠳᠠᠭᠠᠨ ᠰᠢᠢᠳᠪᠤᠷᠢᠯᠡᠭᠳᠡᠪᠡ᠃︽ᠢᠷᠭᠡᠨ ᠤ ᠬᠠᠤᠯᠢ ᠶᠢᠨ ᠪᠢᠴᠢᠭ︾ ᠤᠨ ᠪᠣᠳᠠᠰ ᠤᠨ ᠡᠷᠬᠡ ᠶᠢᠨ ᠠᠩᠭᠢ ᠶᠢᠨ 406 ᠳ᠋ᠤᠭᠠᠷ ᠵᠦᠢᠯ ᠤᠨ 1 ᠳ᠋ᠤᠬᠡᠷ ᠵᠤᠷᠪᠤᠰ ᠲᠤ᠄ ︽ᠪᠡᠷᠢᠴᠠᠭᠠᠨ ᠤ ᠬᠤᠭᠤᠴᠠᠭᠠᠨ ᠳᠤ ᠪᠠᠷᠢᠴᠠᠭᠠᠯᠠᠭᠴᠢ ᠨᠢ ᠪᠡᠷᠢᠴᠠᠭᠠᠨ ᠤ ᠡᠳ᠋ ᠬᠥᠷᠥᠩᠭᠡ ᠪᠠᠨ ᠰᠢᠯᠵᠢᠬᠦᠯᠤᠨ ᠦᠭᠴᠤ ᠪᠣᠯᠣᠨ᠎ᠠ᠂ ᠲᠤᠬᠠᠢ ᠶᠢᠨ ᠬᠥᠮᠥᠨ ᠨᠢ ᠠᠰ ᠲᠤ ᠪᠠᠨ ᠪᠣᠯᠵᠣᠯ ᠲᠠᠢ ᠪᠠᠶᠢᠪᠠᠯ ᠂ ᠲᠡᠷᠡ ᠪᠣᠯᠵᠣᠯ ᠢ ᠵᠢᠷᠤᠮᠯᠠᠨ᠎ᠠ᠃ ᠪᠠᠷᠢᠴᠠᠭᠠᠯᠠᠬᠰᠠᠨ ᠡᠳ᠋ ᠬᠥᠷᠥᠩᠭᠡ ᠶᠢ ᠰᠢᠯᠵᠢᠭᠦᠯᠦᠨ ᠥᠭᠬᠦ ᠳᠤ ᠪᠠᠷᠢᠴᠠᠭᠠᠯᠠᠬᠤ ᠡᠷᠬᠡ ᠨᠥᠯᠥᠭᠡᠯᠡᠭᠳᠡᠬᠦ ᠦᠬᠡᠢ︾ ᠭᠡᠵᠤ ᠲᠤᠭᠳᠠᠭᠠᠵᠠᠢ᠃   ︽ᠢᠷᠭᠡᠨ ᠤ ᠬᠠᠤᠯᠢ ᠶᠢᠨ ᠪᠢᠴᠢᠭ︾ ᠤᠨ ᠪᠣᠳᠠᠰ ᠤᠨ ᠡᠷᠬᠡ ᠶᠢᠨ ᠠᠩᠭᠢ ᠶᠢᠨ 406 ᠳ᠋ᠤᠭᠠᠷ ᠵᠦᠢᠯ ᠤᠨ 2 ᠵᠤᠷᠪᠤᠰ ᠲᠤ᠄ ︽ᠪᠠᠷᠢᠴᠠᠭᠠᠯᠠᠭᠴᠢ ᠨᠢ ᠪᠡᠷᠢᠴᠠᠭᠠᠨ ᠤ ᠡᠳ᠋ ᠬᠥᠷᠥᠩᠭᠡ ᠪᠠᠨ ᠰᠢᠯᠵᠢᠭᠦᠯᠦᠨ ᠥᠭᠬᠦ ᠳᠤ ᠬᠦᠷᠪᠡᠯ᠂ ᠪᠡᠷᠢᠴᠠᠭᠠᠨ ᠤ ᠡᠷᠬᠡᠲᠦ ᠬᠥᠮᠥᠨ ᠳᠤ ᠴᠠᠭ ᠲᠤᠬᠠᠢ  ᠳᠤ ᠨᠢ ᠮᠡᠳᠡᠭᠳᠡᠬᠦ ᠬᠡᠷᠡᠭᠲᠡᠢ︾ ᠭᠡᠵᠦ ᠲᠤᠭᠳᠠᠭᠠᠪᠠ᠃   ᠡᠨᠡ ᠬᠤᠶᠠᠷ ᠵᠦᠢᠯ ᠤᠨ ᠬᠠᠤᠯᠢ ᠲᠣᠭᠲᠠᠭᠠᠯ ᠤᠨ ᠤᠳᠬ᠎ᠠ ᠨᠢ ᠭᠡᠷ ᠪᠠᠶᠢᠰᠢᠩ ᠢ ᠪᠠᠷᠢᠴᠠᠭᠠᠯᠠᠬᠰᠠᠨ ᠤᠷᠢᠳᠠᠯ ᠲᠤᠤᠷ᠎ᠠ ᠪᠠᠷᠢᠴᠠᠭᠠᠯᠠᠬᠴᠢ᠂ ᠦᠬᠡᠷ᠎ᠡ ᠪᠠᠷ ᠬᠡᠯᠡᠪᠡᠯ ᠦᠮᠴᠢᠯᠡᠯ ᠤᠨ ᠡᠷᠬᠡᠳᠡᠨ ᠨᠢ ᠡᠨᠡ ᠬᠡᠷ ᠢ ᠮᠥᠨ ᠬᠤᠳᠠᠯᠳᠤᠬᠤ ᠡᠷᠬᠡ ᠲᠠᠢ᠃ ᠦᠬᠡᠷ᠎ᠡ ᠪᠠᠷ ᠬᠡᠯᠡᠪᠡᠯ ᠪᠠᠷᠢᠴᠠᠭᠠᠯᠠᠬᠰᠠᠨ ᠬᠡᠷ ᠪᠠᠶᠢᠰᠢᠩ ᠢ ᠬᠤᠳᠠᠯᠳᠤᠵᠤ ᠪᠤᠯᠤᠨ᠎ᠠ᠂ ᠪᠠᠷᠢᠴᠠᠭᠠᠯᠠᠬᠰᠠᠨ ᠡᠷᠬᠡ ᠴᠦ ᠬᠡᠷ ᠪᠠᠶᠢᠰᠢᠩ ᠢᠶᠠᠨ ᠲᠠᠭᠠᠭᠠᠳ ᠶᠠᠪᠤᠵᠤ ᠪᠤᠯᠤᠨ᠎ᠠ᠂ ᠪᠠᠷᠢᠴᠠᠭᠠᠯᠠᠬᠤ ᠡᠷᠬᠡ ᠶᠢ ᠲᠠᠭᠠᠭᠤᠯᠤᠭᠠᠳ ᠬᠤᠳᠠᠯᠳᠤᠵᠤ ᠪᠤᠯᠤᠨ᠎ᠠ ᠬᠡᠰᠡᠨ ᠦᠬᠡ᠃  ᠪᠠᠷᠢᠴᠠᠭᠠᠯᠠᠬᠤ ᠡᠷᠬᠡ ᠨᠢ ᠭᠡᠷ ᠬᠥᠷᠥᠩᠭᠡ ᠶᠢᠨ ᠠᠷᠠᠯᠵᠢᠶᠠᠨ ᠤ ᠡᠷᠭᠢᠯᠲᠡ ᠳᠤ ᠣᠷᠣᠬᠤ ᠶᠢ ᠨᠥᠯᠥᠭᠡᠯᠡᠬᠦ ᠦᠭᠡᠢ᠂ ᠭᠡᠷ ᠪᠠᠶᠢᠰᠢᠩ ᠢᠶᠠᠨ ᠬᠤᠳᠠᠯᠳᠤᠬᠤ ᠳᠤ ᠪᠡᠷᠢᠴᠠᠭᠠᠨ ᠤ ᠡᠷᠬᠡᠲᠦ ᠬᠥᠮᠥᠨ ᠤ ᠵᠥᠪᠰᠢᠶᠡᠷᠡᠯ ᠢ ᠣᠯᠬᠤ ᠴᠢᠬᠤᠯᠠ ᠦᠭᠡᠢ᠂ ᠭᠡᠪᠡᠴᠦ ᠥᠮᠴᠢᠯᠡᠯ ᠤᠨ ᠡᠷᠬᠡᠲᠦ ᠬᠥᠮᠥᠨ ᠨᠢ ᠭᠡᠷ ᠪᠠᠶᠢᠰᠢᠩ ᠢᠶᠠᠨ ᠬᠤᠳᠠᠯᠳᠤᠬᠤ ᠳᠤ ᠪᠠᠨ ᠪᠡᠷᠢᠴᠠᠭᠠᠨ ᠤ ᠡᠷᠬᠡᠲᠦ ᠬᠥᠮᠥᠨ ᠳᠤ ᠡᠷᠬᠡᠪᠰᠢ ᠮᠡᠳᠡᠭᠳᠡᠬᠦ ᠬᠡᠷᠡᠭᠲᠡᠢ᠃   3᠂ ᠬᠤᠳᠠᠯᠳᠤᠨ ᠠᠪᠬᠤ ᠠᠴᠠ ᠪᠠᠨ ᠡᠮᠦᠨ᠎ᠡ ᠭᠡᠷ ᠬᠥᠷᠥᠩᠭᠡ ᠶᠢᠨ ᠣᠷᠣᠰᠢᠨ ᠰᠠᠭᠤᠬᠤ ᠡᠷᠬᠡ ᠶᠢ ᠵᠠᠪᠠᠯ ᠪᠠᠶᠢᠴᠠᠭᠠᠨ ᠲᠣᠳᠣᠯᠠᠬᠤ ᠬᠡᠷᠡᠭᠲᠡᠢ᠃ᠡᠭᠦᠨ ᠳᠤ ᠤᠳᠤ ᠶᠢᠨ ᠭᠡᠷ ᠪᠠᠶᠢᠰᠢᠩ ᠳᠤ ᠴᠥᠮ ᠣᠷᠣᠰᠢᠨ ᠰᠠᠭᠤᠬᠤ ᠡᠷᠬᠡ ᠶᠢ ᠲᠤᠬᠳᠠᠭᠠᠬᠰᠠᠨ ᠦᠭᠡᠢ ᠬᠡᠳᠡᠭ ᠢ ᠲᠤᠳᠤᠷᠬᠠᠶᠢᠯᠠᠶ᠎ᠠ᠃    ᠣᠷᠣᠰᠢᠨ ᠰᠠᠭᠤᠬᠤ ᠡᠷᠬᠡ ᠶᠢᠨ ᠲᠦᠷᠢᠮ ᠢ 2022 ᠤᠨ ᠤ 1 ᠳ᠋ᠤᠬᠡᠷ ᠰᠠᠷ᠎ᠠ ᠶᠢᠨ 1 ᠤ ᠡᠳᠤᠷ ᠠᠴᠠ ᠡᠬᠢᠯᠡᠨ ᠬᠡᠷᠡᠭᠵᠢᠬᠦᠯᠤᠨ᠎ᠡ᠃ ᠥᠭᠡᠷ᠎ᠡ ᠪᠠᠷ ᠬᠡᠯᠡᠪᠡᠯ 2022 ᠤᠨ ᠠᠴᠠ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ ᠥᠯᠥ ᠬᠥᠳᠡᠯᠬᠦ ᠬᠥᠷᠥᠩᠭᠡ ᠶᠢᠨ ᠲᠣᠪᠴᠢᠶ᠎ᠠ ᠳᠤ ᠬᠦᠷᠴᠦ᠂ ᠥᠪᠡᠷ ᠤᠨ ᠭᠡᠷ ᠪᠠᠶᠢᠰᠢᠩ ᠤᠨ ᠬᠥᠷᠥᠩᠭᠡ ᠶᠢᠨ ᠲᠠᠯ᠎ᠠ ᠪᠠᠷ ᠲᠥᠷᠥᠯ ᠰᠠᠳᠤᠨ᠂ ᠴᠢᠨᠠᠭᠰᠢᠯᠠᠪᠠᠯ ᠠᠰᠠᠷᠠᠭᠴᠢ ᠳᠤ ᠪᠠᠨ ᠣᠷᠣᠰᠢᠨ ᠰᠠᠭᠤᠬᠤ ᠡᠷᠬᠡ ᠣᠯᠭᠤᠵᠤ ᠪᠤᠯᠤᠨ᠎ᠠ᠃ᠬᠠᠤᠯᠢ ᠴᠠᠭᠠᠵᠠ ᠳᠤ ᠲᠣᠭᠲᠠᠭᠠᠭᠰᠠᠨ ᠢᠶᠠᠷ᠂ ᠣᠷᠣᠰᠢᠨ ᠰᠠᠭᠤᠬᠤ ᠡᠷᠬᠡ ᠶᠢ ᠰᠢᠯᠵᠢᠭᠦᠯᠦᠨ ᠥᠭᠴᠦ᠂ ᠵᠠᠯᠭᠠᠮᠵᠢᠯᠠᠵᠤ ᠪᠣᠯᠬᠤ ᠦᠭᠡᠢ᠃    ᠣᠷᠣᠰᠢᠨ ᠰᠠᠭᠤᠬᠤ ᠡᠷᠬᠡ ᠪᠠᠶᠢᠭᠤᠯᠤᠭᠰᠠᠨ ᠣᠷᠣᠨ ᠰᠠᠭᠤᠴᠠ ᠶᠢ ᠲᠦᠷᠢᠶᠡᠰᠦᠯᠡᠭᠦᠯᠵᠦ ᠪᠣᠯᠬᠤ ᠦᠭᠡᠢ᠂ ᠭᠡᠪᠡᠴᠦ ᠲᠤᠬᠠᠢ ᠶᠢᠨ ᠬᠥᠮᠥᠨ ᠨᠢ  ᠠᠰ ᠲᠤ ᠪᠠᠨ ᠪᠣᠯᠵᠣᠯ ᠲᠠᠢ ᠪᠠᠶᠢᠪᠠᠯ ᠡᠭᠦᠨ ᠳᠤ ᠪᠠᠭᠲᠠᠬᠤ ᠦᠭᠡᠢ᠃ ᠣᠷᠣᠰᠢᠨ ᠰᠠᠭᠤᠬᠤ ᠡᠷᠬᠡ ᠶᠢᠨ ᠬᠤᠭᠤᠴᠠᠭ᠎ᠠ ᠨᠢ ᠳᠦᠭᠦᠷᠦᠭᠰᠡᠨ ᠪᠤᠶᠤ ᠣᠷᠣᠰᠢᠨ ᠰᠠᠭᠤᠬᠤ ᠡᠷᠬᠡᠲᠦ ᠬᠥᠮᠥᠨ ᠨᠢ ᠨᠦᠭᠴᠢᠪᠡᠯ ᠣᠷᠣᠰᠢᠨ ᠰᠠᠭᠤᠬᠤ ᠡᠷᠬᠡ ᠨᠢ ᠠᠯᠠᠭ᠎ᠠ ᠪᠤᠯᠤᠨ᠎ᠠ᠃   4᠂ ᠭᠡᠷ ᠪᠠᠶᠢᠰᠢᠩ ᠬᠤᠳᠠᠯᠳᠤᠨ ᠠᠪᠬᠤ ᠳᠤ ᠵᠠᠭᠤᠴᠢ ᠶᠢ ᠲᠠᠮᠵᠢᠬᠤ ᠦᠬᠡᠢ᠂ ᠵᠤᠭᠤᠰ ᠠᠷᠪᠢᠯᠠᠨ᠎ᠠ ᠬᠡᠳᠡᠭ ᠠᠮᠠᠷ ᠦᠬᠡᠢ ᠣᠯᠠᠨ ᠤ ᠮᠡᠳᠡᠭᠡᠵᠢ ᠪᠠᠷ᠂ ᠭᠠᠷ ᠳᠠᠮᠵᠢᠭᠰᠠᠨ ᠭᠡᠷ ᠪᠠᠶᠢᠰᠢᠩ ᠢ ᠬᠤᠳᠠᠯᠳᠤᠨ ᠠᠪᠬᠤ ᠦᠶ᠎ᠡ ᠳᠤ ᠵᠠᠭᠤᠴᠢ ᠺᠣᠮᠫᠠᠨᠢ ᠶᠢᠨ ᠬᠤᠷᠢᠶᠠᠭᠰᠠᠨ ᠵᠠᠭᠤᠴᠢᠯᠠᠬᠤ ᠰᠦᠢᠳᠬᠡᠯ ᠪᠠᠭ᠎ᠠ ᠦᠬᠡᠢ᠂ ᠡᠩ ᠤᠨ ᠪᠠᠶᠢᠳᠠᠯ ᠳᠤ ᠭᠡᠷ ᠪᠠᠶᠢᠰᠢᠩ ᠤᠨ ᠦᠨ᠎ᠡ ᠶᠢᠨ 2% ᠢᠶᠠᠷ ᠬᠤᠷᠢᠶᠠᠳᠠᠭ᠃ ᠬᠡᠷᠪᠡ ᠨᠢᠭᠡᠳᠦᠭᠡᠷ ᠵᠡᠷᠭᠡ ᠶᠢᠨ ᠬᠤᠲᠠ ᠶᠢᠨ ᠨᠢᠭᠡ ᠤᠷᠤᠨ ᠰᠠᠭᠤᠴᠨ 1000 ᠲᠦᠮᠡᠨ ᠲᠦᠬᠦᠷᠢᠭ ᠣᠷᠴᠢᠮ ᠪᠤᠯ᠂ ᠵᠠᠭᠤᠴᠢ ᠺᠣᠮᠫᠠᠨᠢ ᠳᠤ 20 ᠲᠦᠮᠡ ᠰᠢᠬᠠᠮ  ᠤᠨ ᠵᠠᠭᠤᠴᠢᠯᠠᠬᠰᠠᠨ ᠵᠠᠷᠤᠳᠠᠯ ᠲᠤᠰᠢᠶᠠᠨ᠎ᠠ᠃ ᠡᠶᠢᠮᠦ ᠶᠡᠭᠡ ᠵᠣᠭᠤᠰ ᠢ ᠵᠠᠭᠤᠴᠢ ᠳᠤ ᠦᠭᠭᠦᠬᠡᠳ ᠵᠢᠷᠤᠬᠡ ᠰᠢᠮᠰᠢᠷᠡᠭᠴᠢ ᠤᠯᠠᠨ᠃  ᠬᠡᠳᠡᠯ᠎ᠡ ᠤᠯᠠᠩᠭᠢ ᠬᠦᠮᠦᠰ ᠭᠡᠷ ᠪᠠᠶᠢᠰᠢᠩ ᠮᠠᠶᠢᠮᠠᠶᠢᠯᠠᠬᠤ ᠦᠶ᠎ᠡ ᠳᠤ ᠵᠠᠭᠤᠴᠢ ᠶᠢᠨ ᠲᠠᠨᠢᠯᠴᠠᠭᠤᠯᠭ᠎ᠠ ᠪᠠᠷ ᠲᠠᠮᠵᠢᠨ ᠬᠤᠳᠠᠯᠳᠤᠨ ᠠᠪᠤᠭᠴᠢ ᠪᠤᠶᠤ ᠬᠤᠳᠠᠯᠳᠤᠭᠴᠢ ᠲᠠᠢ ᠲᠠᠨᠢᠯᠴᠠᠭᠰᠠᠨ ᠤ ᠪᠠᠨ ᠲᠠᠷᠠᠭ᠎ᠠ᠂ ᠨᠦᠬᠦᠬᠡ ᠡᠳᠡᠬᠡᠳ  ᠲᠠᠢ ᠪᠠᠨ ᠳᠠᠯᠳᠠᠭᠤᠷ ᠬᠠᠷᠢᠯᠴᠠᠵᠤ ᠪᠠᠶᠢᠭᠠᠳ ᠭᠡᠷ ᠪᠠᠶᠢᠰᠢᠩ ᠮᠠᠶᠢᠮᠠᠶᠢᠯᠠᠬᠤ ᠭᠡᠷ᠎ᠡ ᠪᠠᠨ ᠨᠢᠭᠤᠴᠨ ᠪᠠᠷ ᠲᠣᠭᠲᠠᠭᠠᠳᠠᠭ᠃ ᠪᠠᠰᠠ ᠵᠠᠷᠢᠮ ᠨᠢ ᠠᠳᠠᠯᠢ ᠮᠠᠶ᠋ᠢᠭ ᠤᠨ ᠭᠡᠷ ᠪᠠᠶᠢᠰᠢᠩ ᠢ ᠬᠤᠭᠤᠷᠤᠨᠳᠤ ᠨᠢ ᠬᠠᠷᠢᠴᠠᠭᠤᠯᠵᠤ᠂ ᠰᠦᠢᠳᠬᠡᠯ ᠢ ᠬᠠᠮᠤᠭ ᠤᠨ ᠪᠠᠭ᠎ᠠ ᠬᠤᠷᠢᠶᠠᠬᠤ ᠵᠠᠭᠤᠴᠢ ᠶᠢ ᠡᠷᠢᠵᠦ ᠠᠷᠠᠯᠵᠢᠶ᠎ᠠ ᠪᠦᠳᠦᠬᠡᠳᠡᠭ᠂ ᠡᠨᠡ ᠪᠦᠬᠦᠨ ᠨᠢ ᠴᠥᠮ ᠵᠠᠭᠤᠴᠢ ᠶᠢᠨ ᠰᠦᠢᠳᠬᠡᠯ ᠢ ᠠᠷᠪᠢᠯᠠᠬᠤ ᠶᠢᠨ ᠲᠥᠯᠥᠭᠡ ᠶᠤᠮ᠃  ᠡᠭᠦᠨ ᠲᠠᠢ ᠠᠳᠠᠯᠢ ᠪᠠᠷ ᠵᠠᠭᠤᠴᠢᠯᠠᠬᠤ ᠰᠦᠢᠳᠬᠡᠯ ᠲᠤᠰᠢᠶᠠᠬᠤ ᠠᠴᠠ ᠵᠠᠶᠢᠯᠠᠬᠤ ᠪᠠᠶᠢᠳᠠᠯ ᠭᠡᠷ ᠪᠠᠶᠢᠰᠢᠩ ᠲᠦᠷᠢᠶᠡᠰᠤᠯᠡᠬᠦ ᠳᠤ ᠴᠦ ᠭᠠᠷᠴᠤ᠂ ᠬᠡᠷ ᠪᠠᠶᠢᠰᠢᠩ ᠤᠨ ᠵᠠᠭᠤᠴᠢ ᠦᠢᠯᠨ ᠪᠠᠨ ᠪᠠᠷᠠᠳᠠᠯ᠎ᠠ ᠬᠦᠶᠤᠵᠤ ᠬᠦᠶᠤᠬᠡᠳ ᠺᠤᠮᠫᠠᠨᠢ ᠶᠢᠨ ᠬᠢ ᠪᠠᠶᠢᠬᠤ ᠶᠤᠰᠤᠳᠠᠢ ᠵᠠᠭᠤᠴᠢᠯᠠᠬᠰᠠᠨ ᠰᠦᠢᠳᠬᠡᠯ ᠢᠶᠠᠨ ᠤᠯᠬᠤ ᠦᠬᠡᠢ ᠪᠠᠶᠢᠳᠠᠭ᠃ ᠴᠦᠬᠡᠨ ᠪᠤᠰᠤ ᠵᠠᠭᠤᠴᠢ ᠺᠤᠮᠫᠠᠨᠢ ᠡᠬᠦᠨ ᠤ ᠲᠦᠯᠦᠬᠡ ᠬᠡᠷᠡᠭᠯᠡᠭᠴᠢᠳ ᠲᠠᠢ ᠪᠠᠨ ᠵᠠᠷᠭᠤᠯᠳᠤᠬᠤ ᠤᠴᠢᠷ ᠵᠦᠡᠭᠳᠡᠬᠡᠨ ᠪᠢᠯᠨ᠃    ︽ᠢᠷᠭᠡᠨ ᠤ ᠬᠠᠤᠯᠢ ᠶᠢᠨ ᠪᠢᠴᠢᠭ︾ ᠤᠨ 965 ᠳ᠋ᠤᠭᠠᠷ ᠵᠦᠢᠯ ᠳᠤ᠄ ︽ᠨᠠᠶᠢᠳᠠᠭᠴᠢ ᠨᠢ ᠵᠠᠭᠤᠴᠢ ᠶᠢᠨ ᠦᠢᠯᠡᠴᠢᠯᠡᠭᠡ ᠶᠢ ᠬᠦᠯᠢᠶᠡᠭᠰᠡᠨ ᠤ ᠲᠠᠷᠠᠭ᠎ᠠ᠂ ᠵᠠᠭᠤᠴᠢ ᠶᠢᠨ ᠬᠠᠩᠭᠠᠭᠰᠠᠨ ᠠᠷᠠᠯᠵᠢᠶᠠᠨ ᠤ ᠲᠣᠬᠢᠶᠠᠯ ᠪᠤᠶᠤ ᠵᠠᠭᠤᠴᠢ ᠶᠢᠨ ᠦᠢᠯᠡᠴᠢᠯᠡᠭᠡ ᠶᠢ ᠠᠰᠢᠭᠯᠠᠨ᠂ ᠵᠠᠭᠤᠴᠢ ᠠᠴᠠ ᠵᠠᠶᠢᠯᠠᠨ ᠰᠢᠭᠤᠳ ᠭᠡᠷ᠎ᠡ ᠲᠣᠭᠲᠠᠭᠠᠭᠰᠠᠨ ᠪᠠᠶᠢᠪᠠᠯ᠂ ᠵᠠᠭᠤᠴᠢ ᠳᠤ ᠬᠠᠷᠠᠮᠵᠢ ᠥᠭᠬᠦ ᠬᠡᠷᠡᠭᠲᠡᠢ︾ ᠭᠡᠵᠦ ᠲᠣᠭᠲᠠᠭᠠᠵᠠᠢ᠃ ᠥᠭᠡᠷ᠎ᠡ ᠪᠠᠷ ᠬᠡᠯᠡᠪᠡᠯ᠂ ᠤᠯᠤᠰ ᠠᠴᠠ᠂ ᠵᠠᠪᠰᠢᠨ ᠳᠠᠯᠢᠮᠳᠠᠭᠤᠯᠬᠤ᠂ ᠵᠠᠭᠤᠴᠢᠯᠠᠬᠤ ᠵᠠᠷᠤᠳᠠᠯ ᠠᠴᠠ ᠵᠠᠶᠢᠯᠠᠬᠤ ᠡᠶᠢᠮᠤᠷᠬᠦᠤ ᠢᠲᠡᠭᠡᠮᠵᠢ ᠦᠭᠡᠢ ᠠᠵᠢᠯᠯᠠᠭ᠎ᠠ ᠶᠢ ᠬᠠᠤᠯᠢ ᠴᠠᠭᠠᠵᠠ ᠶᠢᠨ ᠲᠠᠯ᠎ᠠ ᠠᠴᠠ ᠦᠭᠡᠶᠢᠰᠬᠡᠭᠰᠡᠨ ᠦᠨᠡᠯᠡᠯᠲᠡ ᠬᠢᠵᠦ᠂ ᠢᠩᠭᠢᠵᠦ ᠪᠣᠯᠬᠤ ᠦᠭᠡᠢ᠂  ᠵᠠᠭᠤᠴᠢ  ᠶᠢᠨ ᠬᠥᠳᠡᠯᠮᠦᠷᠢ ᠶᠢ ᠬᠦᠨᠳᠦᠳᠬᠡᠵᠦ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠭᠤᠴᠢᠯᠠᠬᠤ ᠵᠠᠷᠤᠳᠠᠯ ᠲᠤᠰᠢᠶᠠᠬᠤ ᠬᠡᠷᠡᠭᠲᠡᠢ ᠭᠡᠳᠡᠭ ᠢ ᠬᠠᠤᠯᠢ ᠴᠠᠭᠠᠵᠠ ᠶᠢᠨ ᠵᠦᠢᠯ ᠵᠤᠷᠪᠤᠰ ᠤᠨ ᠬᠡᠯᠪᠡᠷᠢ ᠪᠠᠷ ᠬᠥᠮᠥᠰ ᠲᠤ ᠬᠡᠯᠡᠵᠦ ᠪᠠᠶᠢᠭ᠎ᠠ ᠬᠡᠷᠡᠭ ᠶᠤᠮ᠃    
 
ᠢᠷᠡᠯᠲᠡ᠄ ᠦᠪᠤᠷ ᠮᠤᠩᠭᠤᠯ ᠤᠨ ︽ᠨᠡᠶᠢᠬᠡᠮ ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号